ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ 《120 ᠲᠦᠷᠭᠡᠨ ᠠᠪᠤᠷᠠᠯᠲᠠ》 ᠵᠢᠨ ᠮᠡᠳᠡᠭᠡ ᠵᠠᠩᠭᠢᠵᠢᠯᠲᠠ᠎ᠶᠢᠨ ᠦᠢᠯᠡᠴᠢᠯᠡᠭᠡᠨ᠎ᠦ ᠰᠢᠰᠲᠸᠮ ᠁
2022-07-31 23:05:40
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠬᠥᠬᠡᠬᠣᠲᠠ ᠎ᠶᠢᠨ ᠠᠷᠠᠳ᠎ᠤᠨ ᠵᠠᠰᠠᠭ᠎ᠤᠨ ᠣᠷᠳᠣᠨ ᠡᠴᠡ ᠭᠣᠣᠯᠯᠠᠨ ᠡᠷᠬᠢᠯᠡᠭᠰᠡᠨ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠎ᠤᠨ 《120 ᠲᠦᠷᠭᠡᠨ ᠠᠪᠤᠷᠠᠯᠲᠠ》 ᠵᠢᠨ ᠮᠡᠳᠡᠭᠡ ᠵᠠᠩᠭᠢᠵᠢᠯᠲᠠ᠎ᠶᠢᠨ ᠦᠢᠯᠡᠴᠢᠯᠡᠭᠡᠨ᠎ᠦ ᠰᠢᠰᠲᠸᠮ᠎ᠤᠨ ᠬᠣᠯᠪᠤᠭᠠᠯᠠᠨ ᠨᠡᠪᠲᠡᠷᠡᠯᠴᠡᠬᠦ ᠠᠵᠢᠯ᠎ᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃ 

ᠬᠤᠷᠠᠯ ᠨᠢ᠂ ᠬᠥᠬᠡᠬᠣᠲᠠ ᠪᠤᠭᠤᠲᠤ ᠣᠷᠳᠣᠰ ᠦᠬᠠᠢ ᠳᠥᠷᠪᠡᠨ ᠬᠣᠲᠠ᠎ᠶᠢᠨ 120 ᠵᠢᠯᠤᠭᠣᠳᠬᠤ ᠲᠥᠪ᠎ᠦᠨ ᠬᠠᠮᠲᠤᠷᠠᠯᠴᠠᠭᠠᠨ᠎ᠤ ᠪᠦᠳᠦᠭᠦᠪᠴᠢ ᠬᠡᠯᠡᠯᠴᠡᠭᠡᠷ᠎ᠢ ᠨᠠᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠲᠦᠷᠪᠡᠨ ᠬᠤᠳᠠ᠎ᠶᠢᠨ 120 ᠵᠢᠯᠤᠭᠣᠳᠬᠤ ᠲᠥᠪ᠎ᠦᠨ ᠤᠳᠤ ᠪᠠᠢᠭ᠎ᠠ ᠡᠬᠢ ᠪᠠᠶᠠᠯᠢᠭ᠋᠎ᠢ ᠥᠨᠳᠥᠷ ᠪᠦᠲᠦᠮᠵᠢᠲᠡᠢ ᠎ᠪᠡᠷ ᠨᠡᠢᠳᠬᠡᠵᠦ᠂ ᠣᠷᠣᠨ ᠪᠦᠰᠡ᠎ᠶᠢᠨ ᠨᠢᠭᠡ ᠴᠣᠭᠴᠠᠵᠢᠯᠲᠠ ᠵᠢᠨ ᠬᠥᠭᠵᠢᠯᠲᠡ᠎ᠶᠢ ᠲᠦᠷᠦᠯ ᠵᠦᠢᠯ᠎ᠦᠨ ᠬᠠᠮᠵᠢᠯᠴᠠᠭ᠎ᠠ᠎ᠠᠴᠠ ᠣᠷᠣᠨ ᠪᠦᠰᠡ ᠵᠢᠨ ᠨᠢᠭᠡ ᠴᠣᠭᠴᠠᠵᠢᠯᠲᠠ ᠵᠢᠨ ᠳᠦᠷᠢᠮ᠎ᠦᠨ ᠰᠢᠨ᠎ᠡ᠎ᠶᠢ ᠡᠭᠦᠳᠬᠦ ᠲᠡᠢᠰᠢ ᠬᠤᠪᠢᠷᠠᠭᠤᠯᠬᠤ ᠎ᠶᠢ ᠠᠬᠢᠭᠤᠯᠵᠤ᠂ ᠪᠦᠬᠦ ᠣᠷᠣᠨ᠎ᠤ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠬᠥᠲᠥᠯᠥᠨ ᠳᠠᠭᠠᠭᠤᠯᠵᠤ ᠵᠢᠱ᠌ᠢᠶ᠎ᠡ ᠦᠵᠡᠭᠦᠯᠬᠦ ᠪᠡᠷ ᠵᠤᠷᠢᠯᠭ᠎ᠠ ᠪᠠᠨ ᠪᠤᠯᠭᠠᠪᠠ᠃ ᠬᠤᠷᠡᠯ᠎ᠳᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠦᠢᠯᠡᠴᠢᠯᠡᠭᠡᠨ ᠎ᠦ ᠲᠥᠪ ᠵᠢᠴᠢ ᠲᠤᠰ ᠳᠥᠷᠪᠡᠨ ᠬᠣᠲᠠ᠎ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠳ ᠶᠠᠷᠢᠯᠴᠠᠬᠤ ᠬᠤᠷᠠᠯ᠎ᠳᠤ ᠣᠷᠣᠯᠴᠠᠵᠠᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号