ᠮᠠᠨ᠎ᠤ ᠤᠯᠤᠰ᠎ᠤᠨ ᠣᠷᠴᠢᠨ ᠲᠣᠭᠣᠷᠢᠨ ᠎ᠤ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ
2022-07-31 23:07:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠮᠢ ᠠᠬᠤᠢ ᠣᠷᠴᠢᠨ ᠲᠣᠭᠣᠷᠢᠨ ᠎ᠤ ᠶᠠᠮᠤᠨ ᠎ᠠᠴᠠ ᠣᠢᠯᠠᠭᠠᠭ᠍ᠰᠠᠨ ᠎ᠢᠶᠠᠷ᠂ 2021 ᠣᠨ ᠎ᠳᠤ᠂ ᠪᠥᠬᠥ᠌ ᠤᠯᠤᠰ ᠎ᠤᠨ ᠭᠠᠵᠠᠷ ᠎ᠤᠨ ᠲᠠᠰ ᠵᠢᠴᠢ ᠲᠡᠭᠦᠨ ᠡᠴᠡ ᠳᠡᠭᠡᠭ᠌ᠰᠢᠬᠢ ᠬᠣᠲᠠ ᠎ᠶ᠋ᠢᠨ PM2.5 ᠎ᠶ᠋ᠢᠨ ᠳᠤᠮᠳᠠᠴᠢ ᠥᠳᠭᠡᠴᠡ ᠪᠠᠭᠤᠷᠠᠭᠠᠳ 30 ᠮᠢᠺᠷᠥᠭ᠌ᠷᠠᠮ / ᠪᠣᠰᠣᠭ᠎ᠠ ᠳᠥᠷᠪᠡᠯᠵᠢᠨ ᠮᠧᠲ᠋ᠷ ᠪᠣᠯᠵᠣ᠂ ᠬᠣᠶᠠᠷ ᠵᠢᠯ ᠳᠠᠷᠠᠭᠠᠯᠠᠨ PM2.5 ᠪᠠ ᠣᠽᠣᠨ᠎ᠤ ᠥᠳᠭᠡᠴᠡ᠎ᠶ᠋ᠢᠨ ᠬᠤᠤᠰ ᠪᠠᠭᠤᠷᠠᠯᠲᠠ ᠶ᠋ᠢ ᠪᠡᠶᠡᠯᠡᠭᠦᠯᠵᠦ᠍᠂ ᠬᠥᠬᠡᠮᠥ᠋ᠷᠡᠨ᠎ᠦ ᠭᠤᠤᠯ ᠤᠷᠤᠰᠭᠠᠯ᠎ᠤᠨ ᠪᠥᠬᠥ᠌ ᠱᠤᠭᠤᠮ᠎ᠤᠨ ᠤᠰᠤᠨ᠎ᠤ ᠴᠢᠨᠠᠷ ᠬᠣᠶᠠᠷ ᠵᠢᠯ ᠳᠠᠷᠠᠭᠠᠯᠠᠨ Ⅱᠲᠥᠷᠥᠯ ᠵᠢᠴᠢ ᠲᠡᠭᠦᠨ᠎ᠡᠴᠡ ᠳᠡᠭᠡᠭ᠌ᠰᠢᠬᠢ ᠎ᠶ᠋ᠢ ᠪᠡᠶᠡᠯᠡᠭᠦᠯᠵᠦ᠍᠂ ᠪᠦᠸᠧᠬᠠᠶ ᠲᠠᠩᠭᠢᠰ᠎ᠤᠨ ᠲᠡᠯᠡᠶ᠎ᠳᠦ ᠴᠢᠳᠭᠤᠬᠤ ᠭᠤᠤᠯ ᠮᠥᠷᠡᠨ ᠎ᠦ ᠴᠢᠨᠠᠷ ᠮᠠᠭᠤᠲᠠᠶ ᠲᠥᠷᠥᠯ ᠪᠦᠬᠦᠨ ᠎ᠢ ᠠᠷᠢᠯᠭᠠᠵᠤ᠂ ᠠᠮᠢ ᠠᠬᠤᠶ ᠎ᠶ᠋ᠢᠨ ᠱᠢᠰᠲ᠋ᠧᠮ᠎ᠦᠨ ᠶᠠᠰᠤ ᠴᠢᠨᠠᠷ ᠪᠠ ᠲᠣᠭ᠍ᠲᠠᠪᠤᠷᠢᠲᠤ ᠴᠢᠨᠠᠷ᠎ᠢ ᠢᠯᠡᠳᠲᠡ ᠳᠡᠭᠡᠭ᠌ᠰᠢᠯᠡᠭᠦᠯᠵᠦ᠂ ᠮᠠᠨ᠎ᠤ ᠤᠯᠤᠰ᠎ᠤᠨ ᠣᠷᠴᠢᠨ ᠲᠣᠭᠣᠷᠢᠨ ᠎ᠤ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ᠃ 

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠎ᠠᠴᠠ ᠨᠠᠭᠠᠰᠢ᠂ ᠠᠮᠢ ᠠᠬᠤᠢ ᠣᠷᠴᠢᠨ ᠲᠣᠭᠣᠷᠢᠨ ᠎ᠤ ᠬᠠᠮᠠᠭᠠᠯᠠᠯᠲᠠ ᠎ᠳᠤ ᠲᠡᠦᠬᠡᠲᠦ ᠴᠢᠨᠠᠷᠲᠠᠢ᠂ ᠡᠷᠭᠢᠯᠲᠡ ᠎ᠶ᠋ᠢᠨ ᠴᠢᠨᠠᠷᠲᠠᠢ᠂ ᠪᠦᠬᠦ᠌ ᠲᠠᠯ᠎ᠠ ᠎ᠶ᠋ᠢᠨ ᠴᠢᠨᠠᠷᠲᠠᠢ ᠬᠤᠪᠢᠷᠠᠯᠲᠠ ᠭᠠᠷᠴᠤ᠌᠂ ᠣᠷᠴᠢᠨ ᠲᠣᠭᠣᠷᠢᠨ ᠎ᠤ ᠵᠠᠰᠠᠯᠲᠠ᠎ᠶ᠋ᠢᠨ ᠦᠷ᠎ᠡ ᠪᠦᠲᠦᠮᠵᠢ ᠰᠠᠢ᠌ᠨ᠂ ᠤᠯᠠᠨ ᠨᠡᠢᠲᠡ ᠎ᠶ᠋ᠢᠨ ᠣᠷᠣᠯᠴᠠᠭ᠍ᠰᠠᠨ ᠬᠡᠪᠴᠢᠶ᠎ᠠ ᠥᠷᠭᠡᠨ ᠵᠡᠷᠭᠡ ᠲᠠᠯ᠎ᠠ ᠎ᠪᠠᠷ ᠪᠦᠬᠦ᠌ ᠪᠥᠮᠪᠥᠷᠴᠡᠭ ᠎ᠦᠨ ᠠᠮᠢ ᠠᠬᠤᠢ ᠎ᠳᠤ ᠤᠷᠢᠳ ᠡᠮᠦᠨ᠎ᠡ ᠪᠠᠢᠭ᠎ᠠ ᠦᠭᠡᠢ ᠶᠡᠬᠡ ᠬᠤᠪᠢ ᠨᠡᠮᠡᠷᠢ ᠦᠵᠡᠭᠦᠯᠵᠡᠢ᠃ ᠳᠤᠮᠳᠠᠳᠤ ᠤᠯᠤᠰ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ  ᠵᠠᠮᠨᠠᠵᠤ᠂ ᠪᠣᠬᠢᠷᠲᠤᠯ ᠎ᠢ ᠵᠠᠰᠠᠬᠤ᠂ ᠠᠮᠢ ᠠᠬᠤᠢ ᠎ᠶ᠋ᠢ ᠬᠠᠮᠠᠭᠠᠯᠠᠬᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ᠎ᠶ᠋ᠢ ᠨᠢᠭᠡᠳᠦᠯᠲᠡᠢ ᠲᠥᠯᠥᠪᠵᠢᠭᠦᠯᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号