ᠬᠥᠯᠥᠨ ᠪᠣᠢᠷ ᠬᠣᠲᠠ ᠨᠤᠭᠤ ᠭᠠᠵᠠᠷ᠎ᠤᠨ ᠡᠬᠢ ᠪᠠᠶᠠᠯᠢᠭ᠎ᠤᠨ ᠬᠠᠮᠠᠭᠠᠯᠠᠯᠲᠠ ᠪᠠ ᠬᠠᠮᠢᠶᠠᠷᠤᠯᠲᠠ᠎ᠶ᠋ᠢ ᠶᠡᠬᠡ᠎ᠪᠡᠷ ᠴᠢᠩᠭᠠᠳᠭᠠᠪᠡ
2022-07-31 23:08:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠯᠠᠭᠠᠭ᠍ᠰᠠᠨ ᠎ᠢᠶᠠᠷ᠂ ᠣᠢᠷ᠎ᠠ᠎ᠶ᠋ᠢᠨ ᠵᠢᠯ᠎ᠳᠦ ᠬᠥᠯᠥᠨ ᠪᠣᠢᠷ ᠬᠣᠲᠠ ᠨᠤᠭᠤ ᠭᠠᠵᠠᠷ᠎ᠤᠨ ᠡᠬᠢ ᠪᠠᠶᠠᠯᠢᠭ᠎ᠤᠨ ᠬᠠᠮᠠᠭᠠᠯᠠᠯᠲᠠ ᠪᠠ ᠬᠠᠮᠢᠶᠠᠷᠤᠯᠲᠠ᠎ᠶ᠋ᠢ ᠶᠡᠬᠡ ᠪᠡᠷ ᠴᠢᠩᠭᠠᠳᠭᠠᠵᠤ᠂ ᠪᠥᠬᠥ᠌ ᠬᠣᠲᠠ᠎ᠳᠤ ᠣᠳᠣ ᠳᠡᠯᠡᠬᠡᠶ᠎ᠶ᠋ᠢᠨ ᠴᠢᠬᠤᠯᠠ ᠨᠤᠭᠤ ᠭᠠᠵᠠᠷ 1᠂ ᠤᠯᠤᠰ᠎ᠤᠨ ᠴᠢᠬᠤᠯᠠ ᠨᠤᠭᠤ ᠭᠠᠵᠠᠷ 1᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ 13 ᠪᠠᠢᠵᠤ᠂ ᠨᠢᠭᠡᠨᠲᠡ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠢ 13 ᠪᠠᠢᠭᠤᠯᠪᠠ᠃

ᠪᠦᠷᠢᠳᠭᠡᠯ᠎ᠢ ᠦᠨᠳᠦᠰᠦᠯᠡᠪᠡᠯ᠂ ᠬᠥᠯᠥᠨ ᠪᠣᠢᠷ ᠬᠣᠲᠠ᠎ᠶ᠋ᠢᠨ ᠨᠤᠭᠤ ᠭᠠᠵᠠᠷ᠎ᠤᠨ ᠲᠠᠯᠠᠪᠠᠶ 247.28 ᠲᠦᠮᠡᠨ ᠾᠧᠺᠲ᠋ᠠᠷ᠂ ᠬᠡᠭᠡᠷ᠎ᠡ᠎ᠶ᠋ᠢᠨ ᠠᠮᠢᠲᠠᠨ ᠤᠷᠭᠤᠮᠠᠯ᠎ᠤᠨ ᠲᠠᠷᠬᠠᠯᠲᠠ᠎ᠶ᠋ᠢᠨ ᠳᠦᠷᠰᠦ᠎ᠶ᠋ᠢᠨ ᠰᠦᠷᠦᠭ᠎ᠨᠢ ᠪᠥᠬᠥ᠌ ᠣᠷᠣᠨ᠎ᠳᠤ ᠬᠠᠮᠤᠭ᠎ᠤᠨ ᠪᠦᠷᠢᠨ᠃ ᠬᠥᠯᠥᠨ ᠪᠣᠢᠷ ᠬᠣᠲᠠ᠎ᠳᠤ 489 ᠵᠦᠶ᠋ᠯ᠎ᠦᠨ ᠬᠡᠭᠡᠷ᠎ᠡ᠎ᠶ᠋ᠢᠨ ᠠᠮᠢᠲᠠᠨ ᠪᠠᠢᠵᠤ᠂ ᠪᠥᠬᠥ᠌ ᠤᠯᠤᠰ᠎ᠤᠨ ᠳᠦᠷᠰᠦ᠎ᠶ᠋ᠢᠨ ᠰᠦᠷᠦᠭ᠎ᠦᠨ ᠶᠡᠷᠦᠩᠬᠡᠶ ᠲᠣᠭᠠᠨ᠎ᠤ 11%᠎ᠵᠢ ᠡᠵᠡᠯᠡᠵᠦ᠍᠂ ᠥᠪᠡᠷᠲᠡᠭᠡᠨ ᠵᠠᠰᠠᠬᠤ ᠣᠷᠣᠨ᠎ᠤ 68.9% ᠎ᠵᠢ ᠡᠵᠡᠯᠡᠨ᠎ᠠ᠃ ᠨᠤᠭᠤ ᠭᠠᠵᠠᠷ ᠪᠣᠯ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢᠶᠠᠷ ᠡᠯᠪᠡᠭ ᠭᠠᠵᠠᠷ ᠣᠷᠣᠨ ᠪᠦᠬᠡᠳ ᠮᠥᠬᠥᠬᠦ᠌ ᠱᠢᠬᠠᠭ᠍ᠰᠠᠨ ᠱᠢᠪᠠᠭᠤᠨ᠎ᠤ ᠲᠥᠷᠥᠯ ᠪᠠ ᠪᠤᠰᠤᠳ ᠬᠡᠭᠡᠷ᠎ᠡ᠎ᠶ᠋ᠢᠨ ᠠᠮᠢᠲᠠᠨ᠎ᠤ ᠤᠷᠤᠨᠭᠨᠠᠨ ᠠᠮᠢᠳᠤᠷᠠᠵᠤ ᠦᠷᠡᠵᠢᠬᠦ᠌ ᠭᠠᠵᠠᠷ ᠪᠣᠯᠤᠨ᠎ᠠ᠃ ᠪᠦᠷᠢᠳᠭᠡᠯ᠎ᠢ ᠦᠨᠳᠦᠰᠦᠯᠡᠪᠡᠯ᠂ ᠬᠥᠯᠥᠨ ᠪᠣᠢᠷ ᠬᠣᠲᠠ᠎ᠳᠤ ᠣᠲᠣ ᠮᠣᠳᠣᠯᠢᠭ ᠤᠷᠭᠤᠮᠠᠯ 35 ᠰᠠᠯᠠᠭ᠎ᠠ᠂ 65 ᠲᠥᠷᠥᠯ᠂ 156 ᠵᠦᠢᠯ ᠪᠠᠢᠵᠦ᠂ ᠤᠯᠤᠰ᠎ᠤᠨ ᠭᠤᠤᠯᠳᠠᠯᠭ᠎ᠠ᠎ᠲᠠᠶ ᠬᠠᠮᠠᠭᠠᠯᠠᠬᠤ ᠬᠡᠭᠡᠷ᠎ᠡ᠎ᠶ᠋ᠢᠨ ᠤᠷᠭᠤᠮᠠᠯ 2 ᠲᠥᠷᠥᠯ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠣᠪᠣᠷ ᠴᠤᠬᠠᠭ ᠬᠡᠭᠡᠷ᠎ᠡ᠎ᠶ᠋ᠢᠨ ᠤᠷᠭᠤᠮᠠᠯ 9 ᠲᠥᠷᠥᠯ ᠪᠣᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号