ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠡᠴᠡ ᠵᠣᠬᠢᠶᠠᠨ ᠪᠠᠢᠭᠤᠯᠵᠤ ᠬᠡᠷᠡᠭ᠌ᠵᠢᠭᠦᠯᠦᠭ᠌ᠰᠡᠨ ᠠᠩᠬᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠶ᠎ᠶ᠋ᠢᠨ ᠱᠠᠩᠨᠠᠯ》᠎ᠢ ᠨᠡᠢᠲᠡᠯᠡᠪᠡ᠃ ᠥᠪᠥᠷ ᠮᠣᠩᠭᠣᠯ᠎ᠤᠨ 10 ᠨᠢᠭᠦᠯᠡᠰᠦᠩᠭᠦᠶ᠎ᠶ᠋ᠢᠨ ᠵᠢᠱ᠌ᠢᠶᠡᠴᠢ᠂ 5 ᠨᠢᠭᠦᠯᠡᠰᠦᠩᠭᠦᠶ᠎ᠶ᠋ᠢᠨ ᠲᠥᠷᠥᠯ ᠵᠦᠶ᠋ᠯ᠂ 10 ᠬᠠᠨᠳᠢᠪᠯᠠᠭ᠍ᠰᠠᠨ ᠠᠵᠤ ᠠᠬᠤᠢᠯᠠᠯ᠂ 3 ᠬᠠᠨᠳᠢᠪᠯᠠᠭ᠍ᠰᠠᠨ ᠬᠤᠪᠢ ᠬᠥᠮᠦᠨ ᠠᠩᠬᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠶ᠎ᠶ᠋ᠢᠨ ᠱᠠᠩᠨᠠᠯ》᠎ᠢ ᠭᠥᠷᠳᠡᠪᠡ᠃
ᠠᠩᠬᠠᠳᠤᠭᠠᠷ ᠬᠤᠭᠤᠴᠠᠭᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠶ᠎ᠶ᠋ᠢᠨ ᠱᠠᠩᠨᠠᠯ》 ᠢ ᠭᠥᠷᠳᠡᠭ᠌ᠰᠡᠨ 10 ᠨᠢᠭᠦᠯᠡᠰᠦᠩᠭᠦᠶ ᠶ᠋ᠢᠨ ᠵᠢᠱ᠌ᠢᠶᠡᠴᠢ ᠪᠣᠯ᠄ 《 ᠤᠮᠠᠷᠠᠲᠤ ᠬᠢᠯᠢ᠎ᠶ᠋ᠢᠨ ᠬᠥᠬᠡ ᠳᠥᠯᠥ᠍》 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠂ ᠼᠤᠤ ᠵᠠᠨ ᠵᠢᠨ᠂ ᠹᠦ᠋ ᠪᠢᠩ ᠪᠢᠩ᠂ ᠬᠥᠬᠡᠬᠣᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠯᠸᠢ ᠹᠸᠩ᠎ᠠᠴᠠ ᠰᠤᠷᠤᠯᠴᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠂ ᠬᠥᠯᠥᠨ ᠪᠣᠢᠷ ᠬᠣᠲᠠ᠎ᠶ᠋ᠢᠨ ᠵᠠᠷᠭᠤ ᠶ᠋ᠢᠨ ᠪᠤᠰᠤ ᠵᠢᠭᠤᠷᠠᠯᠳᠤᠭᠠᠨ᠎ᠢ ᠡᠶᠡᠳᠡᠭᠦᠯᠦᠨ ᠱᠢᠶ᠋ᠳᠪᠦᠷᠢᠯᠡᠬᠦ᠌ ᠲᠥᠪ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠂ ᠾᠧ ᠬᠣᠩ᠂ ᠾᠧ ᠬᠦᠢ ᠵᠢᠤᠸᠠᠨ᠂ ᠮᠥ᠍ ᠶᠦᠩ ᠵᠢᠶᠦ᠋ᠨ᠂ ᠴᠢᠨ ᠯᠢ ᠮᠧᠶ᠂ ᠸᠠᠩ ᠶᠦᠨ ᠪᠣᠯᠤᠨ᠎ᠠ᠃ ᠨᠢᠭᠦᠯᠡᠰᠦᠩᠭᠦᠶ᠎ᠶ᠋ᠢᠨ 5 ᠲᠥᠷᠥᠯ ᠵᠦᠶ᠋ᠯ ᠪᠣᠯ᠄ 《ᠨᠢᠭᠦᠯᠡᠰᠦᠩᠭᠦᠶ᠎ᠶ᠋ᠢᠨ ᠦᠶ᠋ᠯᠡᠰ᠎ᠢᠶᠡᠷ ᠲᠦᠮᠡᠨ ᠡᠷᠦᠬᠡ᠎ᠶ᠋ᠢ ᠳᠤᠯᠠᠭᠠᠴᠠᠭᠤᠯᠬᠤ》 ᠴᠠᠭᠠᠨ ᠰᠠᠷ᠎ᠠ᠎ᠶ᠋ᠢᠨ ᠲᠣᠬᠣᠨᠢᠭᠤᠯᠬᠤ ᠲᠥᠷᠥᠯ ᠵᠦᠶ᠋ᠯ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠲᠡᠶ ᠲᠡᠮᠡᠴᠡᠬᠦ᠌᠎ᠳᠦ ᠵᠣᠭᠣᠰ ᠮᠥᠩᠭᠥ᠌ ᠬᠠᠨᠳᠢᠪᠯᠠᠭ᠍ᠰᠠᠨ ᠲᠥᠷᠥᠯ ᠵᠦᠶ᠋ᠯ᠂ ᠥᠪᠥᠷ ᠮᠣᠩᠭᠣᠯ᠎ᠤᠨ 《ᠬᠡᠷᠡᠯ ᠭᠡᠭᠡ᠎ᠶ᠋ᠢᠨ ᠠᠶᠠᠯᠠᠯ》 ᠨᠡᠢᠭᠡᠮ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ᠎ᠶ᠋ᠢᠨ ᠲᠥᠷᠥᠯ ᠵᠦᠶ᠋ᠯ᠂ 《ᠠᠮᠢ ᠨᠠᠰᠤ᠎ᠶ᠋ᠢ ᠰᠠᠬᠢᠨ ᠬᠠᠮᠠᠭᠠᠯᠠᠵᠤ ᠬᠠᠢᠷ᠎ᠠ᠎ᠶ᠋ᠢᠨ ᠲᠥᠯᠥᠭᠡ ᠦᠷᠭᠦᠯᠵᠢᠯᠡᠨ ᠠᠶᠠᠯᠠᠬᠤ》 ᠬᠦᠨᠳᠦ ᠡᠪᠡᠳᠴᠢᠨ᠎ᠢ ᠠᠪᠤᠷᠠᠨ ᠲᠤᠰᠠᠯᠠᠬᠤ ᠲᠥᠷᠥᠯ ᠵᠦᠶ᠋ᠯ᠂ 《ᠭᠠᠷᠠᠭ᠎ᠤᠨ ᠰᠡᠭᠦᠯᠴᠢ᠎ᠶ᠋ᠢᠨ ᠡᠵᠢ᠂ ᠨᠠᠬᠢᠶ᠎ᠠ᠎ᠶ᠋ᠢ ᠬᠠᠯᠠᠮᠵᠢᠯᠠᠬᠤ》 ᠲᠥᠷᠥᠯ ᠵᠦᠶ᠋ᠯ ᠪᠣᠯᠤᠨ᠎ᠠ᠃
ᠬᠠᠨᠳᠢᠪᠯᠠᠨ ᠬᠦᠷᠭᠡᠭ᠌ᠰᠡᠨ 10 ᠠᠵᠤ ᠠᠬᠤᠢᠯᠠᠯ ᠪᠣᠯ᠄ ᠪᠤᠭᠤᠲᠤ᠎ᠶ᠋ᠢᠨ ᠪᠣᠯᠣᠳ ᠲᠡᠮᠦᠷ ( ᠪᠦᠯᠦᠭ᠌ᠯᠡᠯ )᠎ᠤᠨ ᠬᠢᠵᠠᠭᠠᠷᠲᠤ ᠬᠠᠷᠢᠭᠣᠴᠠᠯᠭᠠᠲᠣ ᠺᠣᠮᠫᠠᠨᠢ᠂ ᠣᠷᠳᠣᠰ ᠬᠣᠲᠠ᠎ᠶ᠋ᠢᠨ ᠤᠯᠠᠭᠠᠨ ᠬᠥᠭ᠌ᠵᠢᠭᠦᠯᠦᠯᠲᠡ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠳ᠋ᠦᠩ ᠶᠤᠸᠠᠨ ᠱᠢᠨᠵᠢᠯᠡᠬᠦ᠌ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠣᠷᠳᠣᠰ᠎ᠤᠨ ᠡᠬᠢ ᠪᠠᠶᠠᠯᠢᠭ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠬᠦᠢ ᠨᠧᠩ ᠨᠡᠭᠦᠷᠡᠰᠦ ᠴᠠᠬᠢᠯᠭᠠᠨ᠎ᠤ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠮᠧᠩ ᠼᠤᠤ ᠠᠮᠢ ᠠᠬᠤᠶ ᠣᠷᠴᠢᠨ ᠲᠣᠭᠣᠷᠢᠨ ( ᠪᠦᠯᠦᠭ᠌ᠯᠡᠯ )᠎ᠤ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠮᠧᠩ ᠨᠢᠦ ᠰᠦ᠎ᠶ᠋ᠢᠨ ᠦᠶ᠋ᠯᠡᠰ ( ᠪᠦᠯᠦᠭ᠌ᠯᠡᠯ )᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠢᠲᠡᠶ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠬᠥᠬᠡᠮᠥ᠋ᠷᠡᠨ᠎ᠦ ᠭᠤᠷᠪᠠᠨ ᠬᠠᠪᠴᠢᠯ᠎ᠤᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠨᠠᠪᠴᠢᠨ ᠲᠠᠮᠠᠬᠢᠨ᠎ᠤ ᠶᠡᠷᠦᠩᠬᠡᠶ ᠺᠣᠮᠫᠠᠨᠢ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠺᠣᠮᠫᠠᠨᠢ ᠪᠣᠯᠤᠨ᠎ᠠ᠃ 3 ᠬᠠᠨᠳᠢᠪᠯᠠᠭ᠍ᠰᠠᠨ ᠬᠤᠪᠢ ᠬᠥᠮᠦᠨ ᠪᠣᠯ᠄ ᠱ᠌ᠢ ᠯᠸᠢ᠂ ᠸᠠᠩ ᠼᠠᠢ ᠷᠦᠩ᠂ ᠸᠠᠩ ᠴᠢᠩ ᠵᠢᠶᠦ᠋ᠨ ᠪᠣᠯᠤᠨ᠎ᠠ᠃