ᠬᠥᠬᠡᠬᠣᠲᠠ᠄ ᠵᠠᠯᠠᠭᠤᠴᠤᠳ ᠪᠠᠭᠠᠴᠤᠳ᠎ᠤᠨ ᠱᠢᠯᠢᠳᠡᠭ ᠤᠷᠤᠯᠳᠤᠭᠠᠨ᠎ᠤ ᠪᠡᠯᠡᠳᠭᠡᠯ ᠴᠢᠳᠠᠪᠤᠷᠢᠲᠠᠨ᠎ᠤ 《 ᠣᠳᠣᠨ ᠰᠣᠩᠭᠣᠬᠤ ᠲᠥᠯᠥᠪᠯᠡᠭᠡ 》 ᠡᠬᠢᠯᠡᠪᠡ
2022-07-31 23:19:02
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 29 ᠎ᠦ ᠡᠳᠦᠷ᠂ 2022 ᠣᠨ᠎ᠤ ᠬᠥᠬᠡᠬᠣᠲᠠ᠎ᠶ᠋ᠢᠨ 《ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭᠠᠲᠤ》 ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ (ᠵᠠᠯᠠᠭᠤᠴᠤᠳ ᠪᠠᠭᠠᠴᠤᠳ) ᠎ᠤᠨ ᠬᠦᠨᠳᠦ ᠬᠥᠩᠭᠡᠨ ᠪᠡᠶ᠎ᠡ᠎ᠶ᠋ᠢᠨ ᠲᠠᠮᠢᠷ᠎ᠤᠨ ᠵᠣᠨ᠎ᠤ ᠤᠯᠠᠷᠢᠯ᠎ᠤᠨ ᠰᠣᠯᠢᠯᠴᠠᠭᠠᠨ᠎ᠤ ᠤᠷᠤᠯᠳᠤᠭᠠᠨ ᠵᠢᠴᠢ 《ᠣᠳᠣᠨ ᠰᠣᠩᠭᠣᠬᠤ ᠲᠥᠯᠥᠪᠯᠡᠭᠡ》᠎ᠶ᠋ᠢᠨ ᠱᠢᠯᠭᠠᠯᠲᠠ᠎ᠶ᠋ᠢᠨ ᠠᠵᠢᠯᠯᠠᠭ᠎ᠠ ᠬᠥᠬᠡᠬᠣᠲᠠ᠎ᠳᠤ ᠶᠠᠪᠤᠭ᠍ᠳᠠᠪᠠ᠃ ᠲᠤᠰ ᠤᠳᠠᠭᠠᠨ᠎ᠤ ᠤᠷᠤᠯᠳᠤᠭᠠᠨ 2 ᠡᠳᠦᠷ ᠶᠠᠪᠤᠭ᠍ᠳᠠᠵᠤ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠡᠷᠡᠭ᠌ᠲᠡᠶ᠂ ᠡᠮᠡᠭ᠌ᠲᠡᠶ᠎ᠶ᠋ᠢᠨ ᠳᠤᠭᠤᠢᠯᠠᠩ ᠲᠤᠰ ᠲᠤᠰ 15 ᠵᠦᠢᠯ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠡᠷᠡᠭ᠌ᠲᠡᠶ᠂ ᠡᠮᠡᠭ᠌ᠲᠡᠶ᠎ᠶ᠋ᠢᠨ ᠳᠤᠭᠤᠢᠯᠠᠩ ᠲᠤᠰ ᠲᠤᠰ 15 ᠵᠦᠢᠯ᠂ ᠪᠠᠭ᠎ᠠ ᠰᠤᠷᠭᠠᠭᠤᠯᠢ᠎ᠶ᠋ᠢᠨ ᠡᠷᠡᠭ᠌ᠲᠡᠶ᠎ᠶ᠋ᠢᠨ ᠳᠤᠭᠤᠢᠯᠠᠩ᠂ ᠡᠮᠡᠭ᠌ᠲᠡᠶ᠎ᠶ᠋ᠢᠨ ᠳᠤᠭᠤᠢᠯᠠᠩ ᠲᠤᠰ ᠲᠤᠰ 7 ᠵᠦᠢᠯ᠂ ᠤᠷᠤᠯᠳᠤᠭᠠᠨ᠎ᠤ ᠲᠥᠷᠥᠯ ᠵᠦᠢᠯ ᠨᠡᠢ᠌ᠲᠡ 74 ᠵᠦᠢᠯ ᠲᠣᠬᠢᠷᠠᠭᠤᠯᠵᠤ᠂ ᠬᠥᠬᠡᠬᠣᠲᠠ᠎ᠶ᠋ᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠎ᠶ᠋ᠢᠨ 26 ᠰᠤᠷᠭᠠᠭᠤᠯᠢ᠎ᠠᠴᠠ ᠢᠷᠡᠭ᠌ᠰᠡᠨ 500 ᠭᠠᠷᠤᠶ ᠲᠠᠮᠢᠷᠴᠢᠨ ᠤᠷᠤᠯᠳᠤᠭᠠᠨ᠎ᠳᠤ ᠣᠷᠣᠯᠴᠠᠪᠠ᠃

《ᠣᠳᠣᠨ ᠰᠣᠩᠭᠣᠬᠤ ᠲᠥᠯᠥᠪᠯᠡᠭᠡ》᠎ᠨᠢ ᠬᠥᠬᠡᠬᠣᠲᠠ᠎ᠶ᠋ᠢᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠤ ᠨᠥᠭᠡᠴᠡ ᠪᠠ ᠪᠦᠬᠦᠯᠢ ᠴᠣᠭ᠍ᠴᠠ᠎ᠶ᠋ᠢᠨ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍᠂ ᠳᠠᠯᠳᠠ ᠴᠢᠨᠰᠠᠭ᠎ᠠ᠎ᠲᠠᠶ ᠱᠢᠯᠢᠳᠡᠭ ᠲᠠᠮᠢᠷᠴᠢᠨ᠎ᠢ ᠱᠢᠯᠭᠠᠨ ᠪᠠᠢᠴᠠᠭᠠᠬᠤ ᠪᠠ ᠢᠯᠡᠷᠡᠭᠦᠯᠵᠦ᠍᠂ ᠪᠡᠯᠡᠳᠭᠡᠯ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠤ ᠦᠰᠦᠨ ᠪᠣᠢᠵᠢᠬᠤ ᠵᠠᠮ᠎ᠢ ᠨᠡᠪᠲᠡᠷᠡᠭᠦᠯᠵᠦ᠍᠂ ᠵᠠᠯᠠᠭᠤᠴᠤᠳ ᠪᠠᠭᠠᠴᠤᠳ᠎ᠤᠨ ᠤᠷᠤᠯᠳᠤᠭᠠᠨ᠎ᠤ ᠪᠦᠷᠢᠨ ᠲᠡᠭᠦᠯᠳᠡᠷ ᠱᠢᠰᠲ᠋ᠧᠮ᠎ᠢ ᠪᠠᠢᠭᠤᠯᠵᠤ᠂ ᠨᠠᠩ ᠣᠯᠠᠨ ᠱᠢᠯᠢᠳᠡᠭ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠦᠨ ᠬᠦᠷᠭᠡᠬᠦ᠌᠎ᠶ᠋ᠢᠨ ᠲᠥᠯᠥᠭᠡ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号