ᠮᠠᠨ᠎ᠤ ᠤᠷᠤᠨ ᠤᠯᠤᠰ᠎ᠤᠨ ᠨᠢᠭᠡᠳᠦᠯᠳᠡᠢ ᠰᠢᠯᠭᠠᠯᠲᠠ᠎ᠶᠢᠨ ᠡᠷᠡᠮᠡᠯᠵᠡᠯ ᠲᠠᠭᠯᠠᠬᠤ ᠲᠤᠰᠠᠯᠠᠬᠤ ᠰᠢᠰᠲᠧᠮ᠎ᠢ ᠰᠦᠯᠵᠢᠶᠡᠨ᠎ᠳᠦ ᠨᠡᠪᠳᠡᠷᠡᠬᠦᠯᠪᠡ
2022-07-05 09:36:42
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠮᠠᠨ᠎ᠤ ᠣᠷᠣᠨ ᠶᠡᠬᠡ ᠳᠡᠭᠡᠳᠦ ᠰᠤᠷᠭᠠᠭᠤᠯᠢ᠎ᠳᠤ ᠰᠤᠷᠤᠭᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ ᠵᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠲᠤᠰᠠᠯᠠᠬᠤ ᠰᠢᠰᠲᠧᠮ ᠢ᠋ ᠳᠠᠬᠢᠨᠲᠠ ᠰᠦᠯᠵᠢᠶᠡᠨ᠎ᠳᠦ ᠨᠡᠪᠳᠡᠷᠡᠬᠦᠯᠪᠡ᠃

ᠮᠠᠨ᠎ᠤ ᠤᠷᠤᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠡᠷᠡᠮᠡᠯᠵᠡᠯ ᠲᠠᠭᠯᠠᠬᠤ ᠲᠤᠰᠠᠯᠠᠬᠤ ᠰᠢᠰᠲᠧᠮ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠲᠥᠪ᠎ᠡᠴᠡ ᠰᠤᠳᠤᠯᠤᠨ ᠨᠡᠭᠡᠭᠡᠵᠦ᠂ ᠨᠢᠳᠤᠨᠤᠨ᠎ᠤ 6 ᠰᠠᠷ᠎ᠠ᠎ᠶᠢᠨ 25᠎ᠤ᠋ ᠡᠳᠦᠷ ᠰᠦᠯᠵᠢᠶᠡᠨ᠎ᠳᠦ ᠨᠡᠪᠳᠡᠷᠡᠬᠦᠯᠦᠨ ᠦᠷᠭᠡᠨ ᠤᠯᠠᠨ ᠰᠢᠯᠭᠠᠭᠤᠯᠤᠭᠰᠠᠳ ᠲᠸ᠋ ᠦᠢᠯᠡᠴᠢᠯᠡᠭᠡ ᠬᠠᠩᠭᠠᠪᠠ᠃ᠰᠢᠰᠲᠧᠮ᠎ᠦᠨ ᠲᠣᠭ᠎ᠠ ᠪᠠᠷᠢᠮᠲᠠ᠎ᠶᠢᠨ ᠵᠠᠭᠪᠤᠷ ᠨᠢ ᠨᠠᠷᠢᠯᠢᠭ᠋ ᠣᠨᠣᠴᠠᠲᠠᠢ ᠨᠠᠢᠳᠠᠪᠤᠷᠢᠲᠠᠢ᠂ ᠰᠢᠯᠢᠨ ᠰᠣᠩᠭᠣᠬᠤ ᠨᠥᠬᠥᠴᠡᠯ ᠨᠢ ᠠᠮᠢᠳᠤᠯᠢᠭ᠋ ᠳᠥᠭᠥᠮ ᠳᠥᠲᠡ ᠪᠠᠢᠵᠤ᠂ ᠰᠢᠯᠭᠠᠭᠤᠯᠤᠭ᠍ᠴᠢ ᠬᠤᠪᠢ ᠬᠥᠮᠥᠨ᠎ᠦ ᠬᠢᠷᠢ ᠪᠦᠲᠦᠮᠵᠢ᠎ᠲᠠᠢ᠎ᠪᠡᠨ ᠤᠶᠠᠯᠳᠤᠭᠤᠯᠤᠨ᠂ ᠬᠡᠳᠦᠬᠡᠨ ᠠᠯᠬᠤᠮ ᠬᠡᠷᠡᠭᠰᠡᠪᠡᠯ ᠡᠷᠡᠮᠡᠯᠵᠡᠯ ᠲᠠᠭᠯᠠᠬᠤ ᠲᠥᠰᠥᠯ᠎ᠢᠶᠡᠨ ᠬᠢᠯᠪᠠᠷᠬᠠᠨ᠎ᠢᠶᠠᠷ ᠪᠡᠶᠡᠯᠡᠭᠦᠯᠵᠦ ᠲᠠᠶ᠋ᠢᠯᠤᠨ᠎ᠠ᠃ ᠨᠢᠳᠤᠨᠤᠨ ᠎ᠤ ᠶᠡᠬᠡ ᠳᠡᠭᠡᠳᠦ ᠰᠤᠷᠭᠠᠭᠤᠯᠢ᠎ᠳᠤ ᠰᠤᠷᠤᠭᠴᠢ ᠡᠯᠰᠡᠬᠦ ᠬᠤᠭᠤᠴᠠᠭᠠᠨ᠎ᠳᠤ ᠨᠡᠶ᠋ᠢᠲᠡ 72 ᠲᠦᠮᠡᠨ ᠬᠥᠮᠥᠨ ᠤᠳᠠᠭ᠎ᠠ ᠡᠨᠡ᠎ᠬᠦ ᠰᠢᠰᠲᠧᠮ ᠢ᠋ ᠬᠡᠷᠡᠭᠯᠡᠭᠰᠡᠨ ᠪᠠᠢᠨ᠎ᠠ᠃ ᠰᠢᠯᠭᠠᠭᠤᠯᠤᠭ᠍ᠰᠠᠳ ᠎ᠤᠨ ᠬᠡᠷᠡᠭᠯᠡᠯᠲᠡ᠎ᠶᠢᠨ ᠬᠠᠷᠢᠭᠤ ᠲᠤᠰᠬᠠᠯ᠎ᠲᠠᠢ ᠤᠶᠠᠯᠳᠤᠭᠤᠯᠤᠨ᠂ ᠡᠨᠡ ᠵᠢᠯ ᠰᠢᠰᠲᠧᠮ᠎ᠵᠢᠡᠨ ᠲᠠᠰ ᠳᠡᠪᠰᠢᠭᠦᠯᠦᠨ ᠲᠡᠭᠦᠯᠳᠡᠷᠵᠢᠭᠦᠯᠪᠡ᠃ ᠰᠢᠰᠲ᠋ᠧᠮ ᠨᠢ ᠶᠡᠬᠡ ᠳᠡᠭᠡᠳᠦ ᠰᠤᠷᠭᠠᠭᠤᠯᠢ ᠪᠠ ᠲᠤᠰᠬᠠᠢ ᠮᠡᠷᠭᠡᠵᠢᠯ᠎ᠦᠨ ᠤᠢᠷ᠎ᠠ ᠵᠢᠨ ᠭᠤᠷᠪᠠᠨ ᠵᠢᠯ᠎ᠤᠨ ᠡᠯᠰᠡᠭᠰᠡᠨ ᠲᠣᠭ᠎ᠠ ᠪᠠᠷᠢᠮᠲᠠ ᠲᠠᠢ ᠬᠤᠯᠪᠤᠯᠳᠤᠵᠤ᠂ ᠣᠢᠷ᠎ᠠ᠎ᠶᠢᠨ ᠭᠤᠷᠪᠠᠨ ᠵᠢᠯ᠎ᠦᠨ ᠲᠣᠭ᠎ᠠ ᠪᠠᠷᠢᠮᠲᠠ᠎ᠶᠢ ᠪᠦᠷᠢᠨ ᠭᠦᠢᠴᠡᠳ ᠢᠯᠡᠷᠡᠭᠦᠯᠵᠦ᠂ ᠡᠯᠰᠡᠭᠰᠡᠨ ᠬᠠᠨᠳᠤᠰᠢ ᠪᠠ ᠬᠡᠯᠪᠡᠯᠵᠡᠯ᠎ᠦᠨ ᠪᠠᠢᠳᠠᠯ᠎ᠢ ᠣᠢᠯᠠᠭᠠᠬᠤ᠎ᠳᠤ ᠨᠠᠩ ᠲᠥᠬᠥᠮ ᠪᠣᠯᠭᠠᠵᠠᠢ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ ᠰᠢᠯᠭᠠᠯᠲᠠ᠎ᠶᠢᠨ ᠲᠥᠪ᠎ᠡᠴᠡ ᠲᠣᠰ ᠰᠢᠰᠲᠧᠮ᠎ᠢ ᠬᠡᠷᠡᠭᠯᠡᠵᠦ ᠪᠠᠢᠭ᠎ᠠ ᠥᠷᠭᠡᠨ ᠣᠯᠠᠨ ᠰᠢᠯᠭᠠᠭᠤᠯᠤᠭ᠍ᠴᠢ᠎ᠳᠤ ᠵᠢᠩᠬᠢᠨᠢ ᠠᠩᠭᠢ᠎ᠶᠢᠨ ᠨᠢᠭᠡᠳᠦᠭᠡᠷ ᠪᠦᠯᠦᠭ᠂ ᠵᠢᠩᠬᠢᠨᠢ ᠠᠩᠭᠢ᠎ᠶᠢᠨ ᠬᠣᠶᠠᠳᠤᠭᠠᠷ ᠪᠦᠯᠦᠭ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ᠎ᠶᠢᠨ ᠨᠢᠭᠡᠳᠦᠭᠡᠷ ᠪᠦᠯᠦᠭ᠎ᠦᠨ ᠡᠷᠡᠮᠡᠯᠵᠡᠯ ᠲᠠᠭᠯᠠᠬᠤ ᠲᠤᠬᠠᠢ᠎ᠶᠢᠨ ᠡᠳᠦᠷ᠎ᠲᠦ ᠡᠷᠡᠮᠡᠯᠵᠡᠯ ᠲᠠᠭᠯᠠᠬᠤ ᠲᠤᠰᠠᠯᠠᠬᠤ ᠰᠢᠰᠲᠧᠮ᠎ᠢ ᠬᠡᠷᠡᠭᠯᠡᠬᠦ᠎ᠵᠢ ᠲᠦᠷ ᠵᠣᠭᠰᠣᠭᠠᠬᠤ ᠪᠤᠯᠤᠨ᠎ᠠ᠂᠎ᠬᠡᠷᠡᠭᠯᠡᠬᠦ ᠴᠠᠭ᠎ᠢᠶᠠᠨ ᠵᠦᠢ ᠵᠣᠬᠢᠰᠲᠠᠢ ᠲᠣᠬᠢᠷᠠᠭᠤᠯᠵᠤ᠂ ᠡᠷᠡᠮᠡᠯᠵᠡᠯ ᠲᠠᠭᠯᠠᠬᠤ ᠲᠥᠰᠥᠯ᠎ᠢᠶᠡᠨ ᠤᠷᠢᠳᠴᠢᠯᠠᠨ ᠰᠠᠢᠲᠤᠷ ᠪᠡᠯᠡᠳᠬᠡᠬᠦ ᠵᠢ ᠰᠠᠨᠠᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号