ᠰᠡᠳᠬᠢᠯ ᠨᠢᠬᠡᠳᠤᠨ ᠬᠦᠴᠦ ᠪᠠᠨ ᠬᠠᠮᠳᠤᠳᠬᠠᠵᠤ ᠠᠨᠠᠷ ᠤ᠋ᠨ ᠦᠷ᠎ᠠ ᠰᠢᠭ ᠪᠦᠯᠬᠦᠮᠳᠡᠨ ᠨᠢᠭᠳᠠᠷᠠᠨ᠎ᠠ
2022-08-14 12:01:53
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠡᠯᠭᠡᠷ ᠵᠤᠨ ᠤ᠋ ᠥᠪᠥᠷ ᠮᠣᠩᠭᠣᠯ ᠤ᠋ᠨ ᠭᠠᠵᠠᠷ ᠪᠣᠯᠭᠠᠨ ᠳ᠋ᠤ ᠠᠮᠢᠵᠢᠷᠠᠯ ᠤ᠋ᠨ ᠬᠦᠴᠦᠨ ᠵᠢᠡᠷ ᠪᠢᠯᠬᠠᠨ᠎ᠠ᠃ ᠶᠡᠷᠦᠩᠬᠡᠢ ᠱᠦᠵᠢ ᠰᠢ ᠵᠢᠨ ᠫᠢᠩ ᠤ᠋ᠨ ᠴᠢᠩ ᠰᠡᠳᠭᠢᠯ ᠤ᠋ᠨ ᠰᠤᠷᠭᠠᠯ ᠵᠢᠭᠠᠪᠤᠷᠢ ᠲᠠᠯ᠎ᠠ ᠨᠤᠲᠤᠭ ᠤ᠋ᠨ ᠭᠠᠵᠠᠷ ᠪᠤᠯᠭᠠᠨ ᠳ᠋ᠤ ᠴᠤᠤᠷᠢᠶᠠᠲᠤᠨ᠎ᠠ᠄ 《ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠵᠢᠨ ᠬᠥᠮᠦᠵᠢᠯ ᠢ᠋ ᠭᠦᠨᠵᠡᠭᠡᠢᠷᠡᠭᠦᠯᠵᠦ᠍᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠵᠤ᠂ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠴᠢᠩᠭᠠᠳᠭᠠᠨ᠂ ᠦᠨᠳᠦᠰᠦᠲᠡᠨ ᠨᠤᠭᠦᠳ ᠢ᠋ ᠠᠨᠠᠷ ᠤ᠋ᠨ ᠦᠷ᠎ᠡ ᠱᠢᠭ ᠨᠢᠭ᠍ᠲᠠᠷᠠᠭᠤᠯᠤᠨ ᠪᠦᠯᠬᠦᠮᠳᠡᠬᠦᠯᠵᠦ᠍᠂ ᠬᠠᠮᠲᠤ ᠪᠠᠷ ᠪᠦᠯᠬᠦᠮᠳᠡᠨ ᠲᠡᠮᠡᠴᠡᠵᠦ᠍᠂ ᠬᠠᠮᠲᠤ ᠪᠠᠷ ᠴᠡᠴᠡᠭ᠌ᠯᠡᠨ ᠬᠥᠭ᠌ᠵᠢᠬᠦ᠌ ᠶ᠋ᠢ ᠠᠬᠢᠭᠤᠯᠬᠣ ᠬᠡᠷᠡᠭᠲᠡᠢ》᠃ ᠡᠪ ᠬᠠᠮᠲᠤ ᠵᠠᠯᠠᠭᠤᠴᠤᠳ ᠤ᠋ᠨ ᠡᠪᠯᠡᠯ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠣᠷᠢᠶ᠎ᠠ ᠬᠦᠰᠡᠯ ᠨᠠᠢᠳᠠᠯᠭ᠎ᠠ ᠶ᠋ᠢ ᠪᠠᠲᠤ ᠴᠡᠭᠡᠵᠢᠯᠡᠵᠦ᠍᠂ ᠵᠠᠯᠠᠭᠤᠴᠤᠳ ᠪᠠᠭᠠᠴᠤᠳ ᠤ᠋ᠨ ᠳᠤᠮᠳᠠ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠬᠥᠮᠦᠵᠢᠯ ᠥᠷᠨᠢᠭᠦᠯᠬᠦ᠌ ᠶ᠋ᠢ ᠢᠮᠠᠭ᠍ᠲᠠ ᠪᠠᠢᠯᠳᠤᠬᠤ ᠪᠤᠳᠤᠯᠭ᠎ᠠ ᠵᠢᠨ ᠴᠢᠨᠠᠷᠲᠠᠢ᠂ ᠰᠠᠭᠤᠷᠢ ᠴᠢᠨᠠᠷᠲᠠᠢ᠂ ᠠᠯᠤᠰ ᠬᠡᠳᠤ ᠵᠢᠨ ᠴᠢᠨᠠᠷᠲᠠᠢ ᠠᠵᠢᠯ ᠪᠣᠯᠭᠠᠨ ᠠᠳᠭᠤᠵᠤ᠂ ᠪᠦᠬᠦ᠌ ᠣᠷᠣᠨ ᠤ᠋ ᠡᠯ᠎ᠡ ᠦᠨᠳᠦᠰᠦᠲᠡᠨ ᠡᠯ᠎ᠡ ᠡᠲᠡᠭᠡᠳ ᠤ᠋ᠨ ᠵᠠᠯᠠᠭᠤᠴᠤᠳ ᠪᠠᠭᠠᠴᠤᠳ ᠤ᠋ᠨ ᠳᠤᠮᠳᠠ 《ᠥᠪᠥᠷ ᠮᠣᠩᠭᠣᠯ ᠵᠢᠡᠨ ᠬᠠᠢᠷᠠᠯᠠᠵᠤ᠂ ᠥᠪᠥᠷ ᠮᠣᠩᠭᠣᠯ ᠵᠢᠡᠨ ᠪᠦᠳᠦᠭᠡᠨ ᠪᠠᠢᠭᠤᠯᠵᠤ — ᠣᠮᠠᠷᠠᠲᠣ ᠬᠢᠵᠠᠭᠠᠷ ᠲᠦ᠍ ᠦᠩᠭᠡ ᠬᠢᠯᠪᠠᠭ᠎ᠠ ᠨᠡᠮᠡᠷᠢᠯᠡᠬᠦ》 ᠭᠣᠣᠯ ᠰᠡᠳᠦᠪᠲᠦ ᠦᠢᠯᠡᠳᠦᠯᠭᠡ ᠵᠢᠨ ᠠᠵᠢᠯᠯᠠᠭ᠎ᠠ ᠶ᠋ᠢ ᠥᠷᠭᠡᠨ ᠲᠠᠯᠬᠡᠷ ᠥᠷᠨᠢᠭᠦᠯᠵᠦ᠍᠂ ᠦᠨᠳᠦᠰᠦᠲᠡᠨ ᠤ᠋ ᠪᠦᠯᠬᠦᠮᠳᠡᠯ ᠳ᠋ᠤ ᠣᠷᠢ ᠵᠠᠯᠠᠭᠤ ᠨᠠᠰᠤᠨ ᠤ᠋ ᠬᠦᠴᠦᠨ ᠴᠢᠳᠠᠯ ᠢ᠋ ᠲᠠᠰᠤᠷᠠᠯᠳᠠ ᠦᠭᠡᠢ ᠨᠡᠮᠡᠷᠢᠯᠡᠪᠡ᠃

ᠬᠤᠪᠢᠶᠠᠷᠢᠴᠢᠯᠠᠭ᠍ᠰᠠᠨ ᠤᠬᠠᠭᠤᠯᠭ᠎ᠠ ᠬᠥᠮᠦᠵᠢᠯ ᠢ᠋ ᠴᠢᠩᠭᠠᠳᠭᠠᠵᠤ ᠦᠵᠡᠯ ᠰᠠᠨᠠᠭ᠎ᠠ ᠤᠯᠤᠰ ᠲᠥᠷᠥ ᠵᠢᠨ ᠬᠥᠲᠥᠯᠥᠨ ᠳᠠᠭᠠᠭᠤᠯᠭ᠎ᠠ ᠵᠢ ᠴᠢᠩᠭᠠᠳᠬᠠᠪᠠ

ᠥᠪᠡᠷᠲᠡᠭᠡᠨ ᠵᠠᠰᠠᠬᠤ ᠣᠷᠣᠨ ᠤ᠋ ᠡᠪᠯᠡᠯ ᠤ᠋ᠨ ᠬᠣᠷᠢᠶ᠎ᠠ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠭᠤᠤᠯ ᠱᠢᠵᠢᠮ ᠲᠡᠶ ᠨᠢᠭ᠍ᠲᠠ ᠤᠶᠠᠯᠳᠤᠭᠤᠯᠤᠨ᠂ ᠱᠢᠨ᠎ᠡ ᠴᠠᠭ ᠦᠶ᠎ᠡ ᠵᠢᠨ ᠦᠨᠳᠦᠰᠦᠲᠡᠨ ᠤ᠋ ᠠᠵᠢᠯ ᠢ᠋ ᠰᠠᠢᠲᠤᠷ ᠬᠢᠬᠦ᠌ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠶ᠋ᠢ ᠡᠷᠡᠰ ᠡᠭᠦᠷᠭᠡᠯᠡᠵᠦ᠍᠂ ᠲᠥᠷᠥᠯ ᠬᠤᠪᠢᠶᠠᠨ ᠬᠥᠲᠥᠯᠥᠨ ᠵᠢᠯᠣᠭᠣᠳᠭᠤ ᠶ᠋ᠢ ᠴᠢᠩᠭᠠᠳᠭᠠᠨ᠂ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ 《ᠶᠡᠬᠡ ᠶᠣᠰᠣ》 ᠶ᠋ᠢ ᠵᠠᠯᠠᠭᠤᠴᠤᠳ ᠪᠠᠭᠠᠴᠤᠳ ᠤ᠋ᠨ ᠠᠮᠠᠷᠬᠠᠨ ᠭᠥᠯᠢᠶᠡᠨ ᠠᠪᠬᠤ 《ᠵᠢᠵᠢᠭ ᠥᠯᠢᠭᠡᠷ》 ᠪᠣᠯᠭᠠᠨ ᠬᠤᠪᠢᠷᠠᠭᠤᠯᠪᠠ᠃ ᠨᠢᠳᠤᠨᠤᠨ᠂ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ ᠤ᠋ᠨ ᠤᠢ ᠵᠢ ᠪᠡᠯᠭᠡᠯᠡᠬᠦ᠌ ᠶᠡᠬᠡ ᠬᠤᠷᠠᠯ ᠳᠡᠭᠡᠷ᠎ᠡ ᠂ ᠶᠡᠷᠦᠩᠬᠡᠢ ᠱᠦᠵᠢ ᠰᠢ ᠵᠢᠨ ᠫᠢᠩ᠄ 《ᠲᠡᠦᠬᠡ ᠪᠡᠷ ᠲᠤᠯᠢ ᠪᠣᠯᠭᠠᠵᠤ᠂ ᠢᠷᠡᠭᠡᠳᠦᠢ ᠵᠢ ᠨᠡᠭᠡᠭᠡᠬᠦ᠌᠎ᠳᠦ ᠡᠷᠬᠡᠪᠰᠢ ᠳᠤᠮᠳᠠᠳᠤ ᠵᠢᠨ ᠬᠥᠪᠡᠭᠦᠳ ᠥᠬᠢᠳ ᠤ᠋ᠨ ᠶᠡᠬᠡ ᠪᠦᠯᠬᠦᠮᠳᠡᠯ ᠢ᠋ ᠴᠢᠩᠭᠠᠳᠭᠠᠬᠤ ᠬᠡᠷᠡᠭ᠌ᠲᠡᠢ》 ᠭᠡᠵᠦ᠍ ᠲᠣᠳᠣᠷᠬᠠᠢ ᠵᠢᠭᠠᠨ ᠭᠠᠷᠭᠠᠵᠤ᠂ ᠦᠨᠳᠦᠰᠦᠲᠡᠨ ᠤ᠋ ᠰᠡᠷᠭᠦᠨ ᠮᠠᠨᠳᠤᠯᠲᠠ ᠵᠢ ᠪᠡᠶᠡᠯᠡᠭᠦᠯᠬᠦ᠌ ᠳᠤᠲᠠᠭ᠍ᠳᠠᠵᠤ ᠪᠣᠯᠤᠰᠢ ᠦᠭᠡᠢ ᠬᠦᠴᠦᠨ ᠴᠢᠳᠠᠯ ᠢ᠋ ᠭᠦᠨᠵᠡᠭᠡᠢ ᠲᠤᠳᠤᠷᠬᠠᠢᠯᠠᠪᠠ᠃

ᠦᠨᠳᠦᠰᠦᠲᠡᠨ ᠤ᠋ ᠪᠦᠯᠬᠦᠮᠳᠡᠯ ᠤ᠋ᠨ ᠭᠤᠤᠯ ᠰᠡᠳᠦᠪ ᠤ᠋ᠨ ᠲᠣᠭᠣᠷᠢᠨ ᠳ᠋ᠤ᠂ ᠥᠪᠡᠷᠲᠡᠭᠡᠨ ᠵᠠᠰᠠᠬᠤ ᠣᠷᠣᠨ ᠤ᠋ ᠡᠪᠯᠡᠯ ᠤ᠋ᠨ ᠬᠣᠷᠢᠶ᠎ᠠ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ 《ᠰᠤᠷᠭᠠᠭᠤᠯᠢ ᠡᠬᠢᠯᠡᠭ᠌ᠰᠡᠨ ᠠᠩᠬᠠᠨ ᠤ᠋ ᠬᠢᠴᠢᠶᠡᠯ》 ᠭᠡᠬᠦ ᠡᠪᠯᠡᠯ ᠤ᠋ᠨ ᠬᠢᠴᠢᠶᠡᠯ᠂ ᠠᠩᠭᠢ ᠵᠢᠨ ᠬᠢᠴᠢᠶᠡᠯ ᠢ᠋ ᠱᠢᠩᠭᠡᠭᠡᠨ ᠦᠶ᠋ᠯᠡᠳᠴᠦ᠍᠂ ᠵᠠᠯᠠᠭᠤᠴᠤᠳ ᠪᠠᠭᠠᠴᠤᠳ ᠤ᠋ᠨ ᠭᠦᠨ ᠬᠦᠷᠢᠶᠡᠯᠡᠯ ᠢ᠋ ᠤᠯᠵᠠᠢ᠃ ᠥᠪᠡᠷᠲᠡᠭᠡᠨ ᠵᠠᠰᠠᠬᠤ ᠣᠷᠣᠨ ᠤ᠋ ᠡᠪᠯᠡᠯ ᠤ᠋ᠨ ᠬᠣᠷᠢᠶ᠎ᠠ ᠨᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠵᠠᠯᠠᠭᠤᠴᠣᠳ ᠤ᠋ᠨ ᠤᠬᠠᠭᠤᠯᠤᠨ ᠲᠠᠢᠯᠪᠤᠷᠢᠯᠠᠬᠤ ᠡᠩᠨᠡᠭᠡ ᠵᠢ ᠵᠣᠬᠢᠶᠠᠨ ᠪᠠᠢᠭᠤᠯᠵᠤ᠂ ᠠᠵᠤ ᠠᠬᠤᠢᠯᠠᠯ᠂ ᠮᠠᠯᠵᠢᠬᠤ ᠲᠠᠷᠢᠶᠠᠯᠠᠬᠤ ᠣᠷᠣᠨ᠂ ᠠᠯᠪᠠᠨ ᠪᠠᠢᠭᠤᠯᠭ᠎ᠠ᠂ ᠰᠤᠷᠭᠠᠭᠤᠯᠢ ᠵᠢᠨ ᠬᠦᠷᠢᠶ᠎ᠡ᠂ ᠨᠡᠢᠭᠡᠮ ᠲᠣᠭᠣᠷᠢᠭ᠂ ᠰᠦᠯᠵᠢᠶᠡᠨ ᠳᠡᠭᠡᠷ᠎ᠡ ᠨᠢᠭᠤᠷᠳᠠᠨ ᠶᠠᠷᠢᠯᠴᠠᠬᠤ᠂ ᠬᠤᠷᠰᠢᠯᠴᠠᠬᠤ ᠬᠡᠯᠪᠡᠷᠢ ᠵᠢᠨ ᠤᠬᠠᠭᠤᠯᠤᠨ ᠰᠣᠯᠢᠯᠴᠠᠬᠤ ᠠᠵᠢᠯᠯᠠᠭ᠎ᠠ ᠵᠢ 1000 ᠭᠠᠷᠤᠶ ᠲᠠᠯᠠᠪᠤᠷ ᠤᠳᠠᠭ᠎ᠠ ᠥᠷᠨᠢᠭᠦᠯᠦᠭᠰᠡᠨ ᠪᠠᠢᠨ᠎ᠠ ᠃

ᠣᠯᠠᠨ ᠡᠱᠢᠲᠦ ᠦᠶ᠋ᠯᠡᠳᠦᠯᠭᠡ ᠵᠢᠨ ᠠᠵᠢᠯᠯᠠᠭ᠎ᠠ ᠦᠨᠳᠦᠰᠦᠲᠡᠨ ᠨᠤᠭᠦᠳ ᠤ᠋ᠨ ᠵᠠᠯᠠᠭᠤᠴᠤᠳ ᠪᠠᠭᠠᠴᠤᠳ ᠤ᠋ᠨ ᠣᠶᠤᠨ ᠰᠠᠨᠠᠭ᠎ᠠ ᠵᠢ ᠤᠮᠳᠠᠯᠠᠪᠠ

ᠪᠥᠬᠥ᠌ ᠣᠷᠣᠨ ᠤ᠋ ᠡᠯ᠎ᠡ ᠱᠠᠲᠤᠨ ᠤ᠋ ᠡᠪᠯᠡᠯ ᠤ᠋ᠨ ᠠᠩᠬᠢ ᠵᠢᠨ ᠵᠣᠬᠢᠶᠠᠨ ᠪᠠᠢᠭᠤᠯᠤᠯᠲᠠ ᠨᠢ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ ᠬᠥᠮᠦᠵᠢᠯ ᠢ᠋ ᠡᠪᠯᠡᠯ ᠤ᠋ᠨ ᠡᠩᠨᠡᠭᠡ ᠵᠢᠨ ᠠᠵᠢᠯᠯᠠᠭ᠎ᠠ ᠳ᠋ᠤ ᠠᠭᠤᠰᠤᠯᠴᠠᠭᠤᠯᠵᠤ᠂ ᠡᠯᠪᠡᠭ ᠪᠠᠶᠠᠯᠢᠭ ᠦᠶ᠋ᠯᠡᠳᠦᠯᠭᠡ ᠵᠢᠨ ᠠᠴᠢᠶᠠᠯᠠᠪᠤᠷᠢ ᠵᠢ ᠪᠣᠢᠵᠢᠭᠤᠯᠤᠨ ᠪᠦᠷᠢᠯᠳᠦᠭᠦᠯᠪᠡ᠃ ᠱᠢᠯᠢ ᠵᠢᠨ ᠭᠤᠤᠯ ᠠᠢᠮᠠᠭ ᠤ᠋ᠨ ᠪᠠᠷᠠᠭᠤᠨ ᠦᠵᠦᠮᠦᠴᠢᠨ ᠬᠣᠱᠢᠭᠤᠨ ᠤ᠋ ᠡᠪᠯᠡᠯ ᠤ᠋ᠨ ᠬᠣᠷᠢᠶ᠎ᠠ ᠡᠴᠡ ᠦᠨᠳᠦᠰᠦᠲᠡᠨ ᠨᠤᠭᠦᠳ ᠤ᠋ᠨ ᠵᠠᠯᠠᠭᠤᠴᠤᠳ ᠪᠠᠭᠠᠴᠤᠳ ᠢ᠋ ᠵᠣᠬᠢᠶᠠᠨ ᠪᠠᠢᠭᠤᠯᠵᠤ ᠦᠷᠨᠢᠬᠦᠯᠦᠭᠰᠡᠨ 《ᠨᠠᠮ ᠤ᠋ᠨ ᠠᠴᠢ ᠳ᠋ᠤ ᠲᠠᠯᠠᠷᠬᠠᠵᠤ ᠂ ᠨᠠᠮ ᠤ᠋ᠨ ᠦᠭᠡ ᠵᠢ ᠰᠣᠨᠣᠰᠴᠤ᠌ ᠂ ᠨᠠᠮ ᠵᠢᠡᠨ ᠳᠠᠭᠠᠬᠤ》 ᠭᠤᠤᠯ ᠰᠡᠳᠦᠪᠲᠦ ᠬᠥᠮᠦᠵᠢᠯ ᠤ᠋ᠨ ᠠᠵᠢᠯᠯᠠᠭ᠎ᠠ᠎ᠳᠦ᠂ ᠪᠠᠭᠠᠴᠤᠳ ᠤ᠋ᠨ ᠬᠣᠱᠢᠭᠤᠴᠢ ᠠᠩᠭᠢ ᠵᠢᠨ ᠭᠡᠱᠢᠭᠦᠨ ᠰᠤᠳᠤᠠᠠᠦᠢᠯᠡᠰ ᠤ᠋ᠨ《ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠣᠯ ᠳ᠋ᠤ ᠢᠷᠡᠵᠦ᠂ ᠦᠨᠳᠦᠰᠦᠲᠡᠨ ᠤ᠋ ᠪᠦᠯᠬᠦᠮᠳᠡᠯ ᠤ᠋ᠨ ᠬᠢᠯᠪᠠᠭ᠎ᠠ ᠰᠠᠴᠣᠷᠠᠬᠰᠠᠨ》 ᠭᠡᠬᠦ᠌ ᠢᠯᠡᠳᠭᠡᠯ ᠢ᠋ ᠡᠪ ᠬᠠᠮᠲᠤ ᠵᠠᠯᠠᠭᠤᠴᠤᠳ ᠤ᠋ᠨ ᠡᠪᠯᠡᠯ ᠤ᠋ᠨ ᠲᠥᠪ ᠬᠣᠷᠢᠶ᠎ᠠ ᠡᠴᠡ 《ᠠᠨᠠᠷ ᠤ᠋ᠨ ᠦᠷ᠎ᠡ ᠰᠢᠭ ᠪᠦᠯᠬᠦᠮᠳᠡᠵᠤ ᠨᠢᠭᠡ ᠬᠡᠷ ᠤ᠋ᠨ ᠬᠥᠮᠦᠨ ᠮᠡᠲᠦ ᠳᠣᠲᠣᠨᠣ》 ᠭᠤᠤᠯ ᠰᠡᠳᠦᠪᠲᠦ ᠡᠪᠯᠡᠯ ᠤ᠋ᠨ ᠬᠢᠴᠢᠶᠡᠯ ᠤ᠋ᠨ ᠸᠢᠳᠢᠣ᠋ ᠪᠠᠷ ᠰᠦᠯᠵᠢᠶᠡᠨ ᠳ᠋ᠤ ᠨᠡᠪᠲᠡᠷᠡᠭᠦᠯᠵᠦ᠍᠂ ᠨᠡᠢᠲᠡ 2.1 ᠳ᠋ᠦᠩᠱᠢᠭᠤᠷ ᠭᠠᠷᠤᠶ ᠤᠳᠠᠭ᠎ᠠ ᠨᠡᠪᠲᠡᠷᠡᠭᠦᠯᠪᠡ᠃

ᠡᠨᠡ ᠵᠢᠯ ᠂ ᠪᠥᠬᠥ᠌ ᠣᠷᠣᠨ ᠤ᠋ ᠶᠡᠬᠡ ᠳᠡᠭᠡᠳᠦ ᠰᠤᠷᠭᠠᠭᠤᠯᠢ ᠪᠤᠯᠤᠨ ᠳᠤᠮᠳᠠ ᠵᠡᠷᠭᠡ ᠵᠢᠨ ᠲᠤᠰᠭᠠᠶ ᠮᠡᠷᠭᠡᠵᠢᠯ ᠤ᠋ᠨ ᠰᠤᠷᠭᠠᠭᠤᠯᠢ ᠵᠢᠨ ᠰᠤᠷᠤᠭ᠍ᠴᠢᠳ ᠤ᠋ᠨ ᠵᠣᠨ ᠤ᠋ ᠠᠮᠠᠷᠠᠯᠲᠠ ᠵᠢᠨ ᠰᠣᠶᠣᠯ ᠱᠢᠨᠵᠢᠯᠡᠬᠦ᠌ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤ᠋ᠨ 《ᠭᠤᠷᠪᠠ ᠵᠢ ᠬᠥᠳᠡᠭᠡ ᠪᠠᠭᠤᠯᠭᠠᠬᠤ》 ᠨᠡᠢᠭᠡᠮ ᠤ᠋ᠨ ᠦᠶ᠋ᠯᠡᠳᠦᠯᠭᠡ ᠵᠢᠨ ᠠᠵᠢᠯᠯᠠᠭ᠎ᠠ ᠳᠤᠮᠳᠠ᠂ ᠲᠤᠰᠭᠠᠢᠯᠠᠨ ᠦᠨᠳᠦᠰᠦᠲᠡᠨ ᠤ᠋ ᠪᠦᠯᠬᠦᠮᠳᠡᠯ ᠤ᠋ᠨ ᠦᠶ᠋ᠯᠡᠳᠦᠯᠭᠡ ᠵᠢᠨ ᠪᠦᠯᠬᠦᠮ ᠢ᠋ ᠵᠣᠬᠢᠶᠠᠨ ᠪᠠᠢᠭᠤᠯᠵᠤ᠂ ᠮᠠᠯᠵᠢᠬᠤ ᠲᠠᠷᠢᠶᠠᠯᠠᠬᠤ ᠣᠷᠣᠨ ᠳ᠋ᠤ ᠭᠦᠨᠵᠡᠭᠡᠢᠷᠡᠨ ᠱᠢᠨᠵᠢᠯᠡᠨ ᠪᠠᠢᠴᠠᠭᠠᠵᠤ ᠨᠡᠢᠭᠡᠮ ᠤ᠋ᠨ ᠦᠶ᠋ᠯᠡᠳᠦᠯᠭᠡ ᠵᠢᠨ ᠠᠵᠢᠯᠯᠠᠭ᠎ᠠ ᠵᠢ ᠪᠠᠢᠴᠠᠭᠠᠨ ᠰᠤᠳᠤᠯᠪᠠ᠃ ᠣᠳᠣᠬᠠᠨ ᠪᠣᠯᠲᠠᠯ᠎ᠠ ᠂ ᠪᠥᠬᠥ᠌ ᠣᠷᠣᠨ ᠤ᠋ ᠡᠯ᠎ᠡ ᠱᠠᠲᠤᠨ ᠤ᠋ ᠡᠪᠯᠡᠯ ᠤ᠋ᠨ ᠪᠦᠯᠬᠦᠮ ᠨᠢ ᠪᠤᠳᠠᠳᠤ ᠴᠤᠬᠴᠠ ᠵᠢᠨ ᠪᠦᠯᠬᠦᠮ᠎ᠤᠨ ᠨᠡᠢᠲᠡ ᠵᠢᠨ ᠰᠤᠷᠤᠯᠴᠠᠯᠭ᠎ᠠ ᠦᠶ᠋ᠯᠡᠳᠦᠯᠭᠡ ᠵᠢᠨ ᠠᠵᠢᠯᠯᠠᠭ᠎ᠠ ᠵᠢ 10 ᠲᠦᠮᠡ ᠭᠠᠷᠤᠶ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠍᠂ ᠡᠪᠯᠡᠯ ᠤ᠋ᠨ ᠭᠡᠱᠢᠭᠦᠨ ᠵᠠᠯᠠᠭᠤᠴᠤᠳ᠂ ᠪᠠᠭᠠᠴᠤᠳ ᠤ᠋ᠨ ᠬᠣᠱᠢᠭᠤᠴᠢ ᠠᠩᠭᠢ ᠵᠢᠨ ᠭᠡᠱᠢᠭᠦᠨ ᠢ᠋ 300 ᠭᠠᠷᠤᠶ ᠲᠦᠮᠡᠨ ᠬᠥᠮᠦᠨ ᠤᠳᠠᠭ᠎ᠠ ᠬᠠᠮᠤᠷᠴᠠᠶ᠃

ᠪᠦᠬᠦ ᠲᠠᠯ᠎ᠠ ᠪᠡᠷ ᠦᠨᠡᠨᠴᠢ ᠦᠢᠯᠡᠴᠢᠯᠡᠭᠡ ᠬᠠᠩᠭᠠᠵᠣ ᠦᠨᠳᠦᠰᠦᠲᠡᠨ ᠨᠣᠬᠦᠳ ᠤ᠋ᠨ ᠵᠠᠯᠠᠭᠣᠴᠳ ᠪᠠᠭᠠᠴᠣᠳ ᠤ᠋ᠨ ᠦᠰᠦᠨ ᠪᠣᠢᠵᠢᠯᠲᠠ ᠵᠢ ᠠᠩᠬᠠᠷᠣᠨ ᠬᠠᠯᠠᠮᠵᠢᠯᠠᠪᠠ

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠯ᠎ᠡ ᠱᠠᠲᠤᠨ ᠤ᠋ ᠡᠪᠯᠡᠯ ᠤ᠋ᠨ ᠵᠣᠬᠢᠶᠠᠨ ᠪᠠᠢᠭᠤᠯᠤᠯᠲᠠ ᠡᠯ᠎ᠡ ᠬᠦᠷᠢᠶ᠎ᠠ ᠴᠠᠷᠠᠭ᠎ᠠ ᠵᠢᠨ ᠵᠠᠯᠠᠭᠤᠴᠤᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠬᠤ ᠵᠢᠴᠢ ᠵᠠᠯᠠᠭᠤᠴᠤᠳ ᠪᠠᠭᠠᠴᠤᠳ ᠤ᠋ᠨ ᠬᠠᠤᠯᠢ ᠶᠣᠰᠣᠨ ᠤ᠋ ᠡᠷᠬᠡ ᠠᠱᠢᠭ ᠢ᠋ ᠬᠠᠮᠠᠭᠠᠯᠠᠬᠤ ᠲᠠᠯ᠎ᠠ ᠪᠠᠷ ᠦᠨᠳᠦᠰᠦᠲᠡᠨ ᠨᠤᠭᠦᠳ ᠤ᠋ᠨ ᠵᠠᠯᠠᠭᠤᠴᠤᠳ ᠲᠦ᠍ ᠶᠡᠬᠡ ᠬᠡᠮᠵᠢᠶᠡᠨ ᠤ᠋ ᠪᠣᠳᠠᠲᠤ ᠶᠠᠪᠤᠳᠠᠯ ᠬᠢᠪᠡ ᠃ ᠡᠨᠡ ᠵᠢᠯ ᠤ᠋ᠨ ᠡᠬᠢᠨ ᠳ᠋ᠤ᠂ ᠥᠪᠡᠷᠲᠡᠭᠡᠨ ᠵᠠᠰᠠᠬᠤ ᠣᠷᠣᠨ ᠤ᠋ ᠵᠠᠯᠠᠭᠤᠴᠤᠳ ᠤ᠋ᠨ ᠬᠣᠯᠪᠣᠭᠠᠲᠤ ᠬᠤᠷᠠᠯ ᠤ᠋ᠨ ᠭᠡᠱᠢᠭᠦᠨ ᠯᠢᠦ ᠴᠢᠨ ᠪᠦᠯᠬᠦᠮ ᠵᠢᠡᠨ ᠳᠠᠭᠠᠭᠤᠯᠤᠨ ᠥᠪᠥᠷ ᠮᠣᠩᠭᠣᠯ ᠤ᠋ᠨ ᠲᠧᠯᠸᠢᠰ ᠬᠣᠷᠢᠶᠠᠨ ᠳ᠋ᠤ ᠳᠤᠮᠳᠠᠳᠤ ᠵᠢᠨ ᠱᠢᠯᠢᠳᠡᠭ ᠤᠯᠠᠮᠵᠢᠯᠠᠯᠲᠤ ᠰᠣᠶᠣᠯ ᠢ᠋ ᠪᠠᠳᠠᠷᠠᠭᠤᠯᠬᠤ《ᠣᠷᠳᠣ ᠴᠠᠭᠠᠨ ᠬᠡᠷᠡᠮ ᠰᠣᠨᠣᠯᠵᠠᠨ᠎ᠠ》 ᠫᠷᠤᠬ᠌ᠷᠡᠮ ᠢ᠋ ᠲᠥᠰᠦᠪᠯᠡᠨ ᠭᠠᠷᠭᠠᠵᠤ᠂ ᠰᠦᠯᠵᠢᠶᠡᠨ ᠳᠡᠭᠡᠷ᠎ᠡ ᠣᠯᠠᠨ ᠤ᠋ ᠠᠩᠬᠠᠷᠤᠯ ᠢ᠋ ᠶᠡᠬᠡᠳᠡ ᠲᠠᠲᠠᠵᠠᠶ ᠃

ᠥᠪᠡᠷᠲᠡᠭᠡᠨ ᠵᠠᠰᠠᠬᠤ ᠣᠷᠣᠨ ᠤ᠋ ᠡᠪᠯᠡᠯ ᠤ᠋ᠨ ᠬᠣᠷᠢᠶ᠎ᠠ 《ᠥᠪᠥᠷ ᠮᠣᠩᠭᠣᠯ ᠤ᠋ᠨ ᠵᠠᠯᠠᠭᠤᠴᠤᠳ ᠤ᠋ᠨ ᠬᠠᠤᠯᠢ ᠲᠦᠭᠡᠮᠡᠯᠵᠢᠭᠦᠯᠬᠦ᠌ ᠰᠠᠢᠨ ᠳᠤᠷ᠎ᠠ ᠵᠢᠨ ᠠᠵᠢᠯᠯᠠᠭᠰᠠᠳ ᠤ᠋ᠨ ᠬᠠᠤᠯᠢᠵᠢᠯ ᠤ᠋ᠨ ᠰᠣᠶᠣᠯ ᠢ᠋ ᠦᠨᠳᠦᠰᠦᠨ ᠱᠠᠲᠤᠨ ᠳ᠋ᠤ ᠬᠦᠷᠬᠡᠬᠦ ᠠᠶᠠᠯᠠᠯ》 ᠤ᠋ᠨ ᠱᠢᠷᠢᠰ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠍᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠦᠨᠳᠦᠰᠦᠲᠡᠨ ᠤ᠋ ᠣᠷᠣᠨ ᠤ᠋ ᠥᠪᠡᠷᠲᠡᠭᠡᠨ ᠵᠠᠰᠠᠬᠤ ᠬᠠᠤᠯᠢ》 ᠂《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠬᠠᠤᠯᠢ》 ᠪᠣᠯᠤᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢ ᠠᠬᠢᠭᠤᠯᠬᠤ ᠲᠦᠷᠢᠮ》 ᠵᠡᠷᠭᠡ ᠬᠠᠤᠯᠢᠵᠢᠯ ᠤ᠋ᠨ ᠤᠬᠠᠭᠤᠯᠭ᠎ᠠ ᠬᠥᠮᠦᠵᠢᠯ ᠤ᠋ᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠍ ᠂ ᠦᠨᠳᠦᠰᠦᠲᠡᠨ ᠨᠤᠭᠦᠳ ᠤ᠋ᠨ ᠵᠠᠯᠠᠭᠤᠴᠤᠳ ᠪᠠᠭᠠᠴᠤᠳ ᠤ᠋ᠨ ᠬᠠᠤᠯᠢ ᠵᠢ ᠰᠤᠷᠴᠤ᠌ ᠬᠠᠤᠯᠢ ᠵᠢ ᠰᠠᠬᠢᠵᠤ ᠬᠠᠤᠯᠢ ᠵᠢ ᠬᠡᠷᠡᠭ᠌ᠯᠡᠬᠦ᠌ ᠵᠢ ᠬᠥᠲᠥᠯᠥᠨ ᠵᠢᠯᠣᠭᠣᠳᠤᠭᠰᠠᠨ ᠪᠠᠢᠨ᠎ᠠ᠃ 

   ᠡᠬᠡ ᠪᠢᠴᠢᠭ ᠢ᠋ ᠦᠪᠦᠷ ᠮᠣᠩᠭᠣᠯ ᠤ᠋ᠨ ᠦᠪᠡᠷᠲᠡᠭᠡᠨ ᠵᠠᠰᠠᠬᠣ ᠣᠷᠣᠨ ᠤ᠋ ᠡᠪᠯᠡᠯ ᠤ᠋ᠨ ᠬᠣᠷᠢᠶ᠎ᠠ ᠬᠠᠩᠭᠠᠪᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号