《ᠣᠳᠣᠬᠠᠨ᠎ᠳᠤ ᠭᠠᠷ ᠤᠲᠠᠰᠤ᠎ᠪᠠᠷ ᠲᠠᠷᠤᠢ ᠨᠡᠢᠭᠡᠮ ᠲᠣᠭᠣᠷᠢᠭ ᠪᠣᠯᠤᠨ ᠰᠠᠭᠤᠭᠠᠯᠢ ᠠᠷᠠᠳ᠂ ᠰᠠᠭᠤᠭᠠᠯᠢ ᠠᠷᠠᠳ ᠪᠣᠯᠤᠨ ᠰᠠᠢ᠌ᠨ ᠳᠤᠷᠠᠴᠤᠳ ᠵᠢᠴᠢ ᠤᠯᠠᠨ ᠲᠦᠮᠡᠨ ᠪᠣᠯᠤᠨ ᠤᠯᠠᠨ ᠲᠦᠮᠡᠨ᠎ᠦ ᠬᠣᠭᠣᠷᠣᠨᠳᠣ ᠪᠠᠨ ᠬᠠᠷᠢᠯᠴᠠᠨ ᠬᠠᠪᠰᠤᠷᠤᠯᠴᠠᠬᠤ᠎ᠶ᠋ᠢ ᠪᠡᠶᠡᠯᠡᠬᠦᠯᠵᠦ᠂ ᠬᠥᠷᠰᠢ ᠵᠡᠷᠭᠡᠯᠡᠳᠡᠭᠡ᠎ᠶ᠋ᠢᠨ ᠬᠢᠨ ᠢ᠋ ᠨᠡᠩ ᠲᠤᠳᠤᠨᠤ ᠪᠤᠯᠭᠠᠵᠦ ᠲᠡᠢᠯᠬᠦ ᠪᠤᠯᠵᠠᠢ᠂ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶᠠᠨ᠎ᠤ ᠲᠣᠭᠠᠴᠢᠯᠠᠭ᠍ᠰᠠᠨ ᠨᠡᠢᠭᠡᠮ ᠲᠣᠭᠣᠷᠢᠭ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠶ᠋ᠢ ᠢᠳᠡᠪᠬᠢᠲᠡᠢ ᠰᠦᠪᠡᠭ᠌ᠴᠢᠯᠡᠨ ᠪᠠᠢᠭᠤᠯᠤᠬᠰᠠᠨ ᠱᠢᠨ᠎ᠡ ᠬᠡᠯᠪᠡᠷᠢ ᠪᠣᠯᠤᠨ᠎ᠠ》 ᠭᠡᠵᠦ᠍ ᠬᠥᠬᠡᠬᠣᠲᠠ᠎ᠶ᠋ᠢᠨ ᠱᠢᠨ᠎ᠡ ᠬᠤᠳᠠ ᠲᠤᠭᠤᠷᠢᠬ᠎ᠤᠨ ᠪᠠᠷᠠᠭᠤᠨ ᠵᠡᠭᠡᠯᠢ᠎ᠶ᠋ᠢᠨ ᠱᠧᠩ ᠯᠢ ᠵᠠᠮ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠷᠧᠨ ᠵᠢᠶᠠ ᠯᠸ ᠶᠠᠷᠢᠨ᠎ᠠ᠃ ᠡᠪᠯᠡᠯ᠎ᠦᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ᠎ᠤᠨ ᠬᠡᠳᠦᠨ ᠵᠠᠭᠤᠨ ᠲᠦᠮᠡᠨ ᠵᠠᠯᠠᠭᠤ ᠰᠠᠢᠨ ᠳᠤᠷᠠᠴᠤᠳ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶᠠᠨ᠎ᠤ ᠤᠷᠢᠶᠠᠯᠠᠭ᠎ᠠ ᠳᠤᠤᠷ᠎ᠠ ᠂ 《ᠬᠤᠪᠢ ᠨᠡᠮᠡᠷᠢ ᠦᠵᠡᠭᠦᠯᠬᠦ᠌ ᠂ ᠨᠥᠬᠥᠷᠰᠡᠭ ᠲᠤᠳᠤᠨᠤ ᠪᠠᠢᠬᠤ᠂ ᠬᠠᠷᠢᠯᠴᠠᠨ ᠬᠠᠪᠰᠤᠷᠤᠯᠴᠠᠬᠤ ᠂ ᠤᠷᠤᠭ᠍ᠰᠢᠯᠠᠨ ᠳᠠᠪᠱᠢᠬᠤ》 ᠰᠠᠢᠨ ᠳᠤᠷ᠎ᠠ ᠵᠢᠨ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠮᠠᠨ ᠤ᠋ ᠤᠷᠤᠨ ᠤ᠋ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠬᠦᠷᠢᠶ᠎ᠠ ᠴᠠᠷᠠᠭᠠᠨ᠎ᠳᠦ ᠭᠠᠪᠱᠢᠭᠠᠢᠯᠠᠵᠤ ᠂ ᠤᠮᠠᠷᠠᠲᠤ ᠬᠢᠯᠢ᠎ᠶ᠋ᠢᠨ ᠰᠠᠢᠨ ᠲᠤᠷ᠎ᠠ ᠵᠢᠨ ᠦᠶ᠋ᠯᠡᠴᠢᠯᠡᠭᠡᠨ᠎ᠦ ᠱᠢᠨ᠎ᠡ ᠪᠠᠢᠷᠢᠱᠢᠯ᠎ᠢ ᠡᠭᠦᠳᠴᠦ᠍ ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠪᠡ᠃
ᠰᠠᠢᠨ ᠲᠤᠷ᠎ᠠ ᠵᠢᠨ ᠵᠣᠷᠢᠭ ᠰᠠᠨᠠᠭ᠎ᠠ᠎ᠶ᠋ᠢ ᠬᠥᠮᠦᠵᠢᠭᠦᠯᠵᠦ᠍ ᠵᠠᠯᠠᠭᠤᠴᠤᠳ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡ ᠵᠢ ᠬᠦᠭᠵᠢᠭᠡᠪᠡ
ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠬᠢᠴᠠ ᠳ᠋ᠤ ᠵᠠᠯᠠᠭᠤᠴᠤᠳ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡ ᠪᠤᠯ ᠳᠤᠲᠠᠭ᠍ᠳᠠᠵᠤ ᠪᠣᠯᠤᠰᠢ ᠦᠭᠡᠢ ᠬᠦᠴᠦᠷᠬᠡᠭ ᠶᠡᠬᠡ ᠢᠳᠡᠪᠬᠢ ᠬᠦᠴᠦᠨ ᠪᠣᠯᠤᠭᠰᠠᠨ ᠶᠤᠮ᠃ ᠰᠢ ᠵᠢᠨ ᠫᠢᠩ᠎ᠦᠨ ᠠᠮᠢ ᠠᠬᠤᠶ᠎ᠶ᠋ᠢᠨ ᠪᠤᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠪᠣᠳᠠᠲᠤ ᠠᠵᠢᠯᠯᠠᠭ᠎ᠠ᠎ᠪᠠᠷ᠎ᠢᠶᠠᠨ 《ᠬᠥᠯᠥᠨ ᠨᠠᠭᠤᠷ ᠲᠠᠭ᠎ᠠ᠎ᠶ᠋ᠢᠨ ᠨᠠᠭᠤᠷ ᠤᠯᠠᠭᠠᠨᠰᠤᠬᠠᠢ》 ᠶ᠋ᠢᠨ ᠠᠮᠢ ᠠᠬᠤᠶ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠠᠬᠢᠭᠤᠯᠵᠤ᠂ ᠨᠡᠢᠲᠡ 20 ᠭᠠᠷᠤᠶ ᠲᠦᠮᠡᠨ ᠬᠥᠮᠦᠨ ᠪᠠ 1000 ᠱᠢᠬᠠᠮ ᠵᠠᠯᠠᠭᠤᠴᠤᠳ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠵᠣᠬᠢᠶᠠᠨ ᠪᠠᠢᠭᠤᠯᠤᠯᠲᠠ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠵᠢᠯᠯᠠᠭ᠎ᠠ᠎ᠳᠤ ᠣᠷᠣᠯᠴᠠᠪᠠ᠃
ᠬᠥᠯᠥᠨ ᠪᠣᠢᠷ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠰᠠᠢᠨ ᠳᠤᠷᠠᠴᠤᠳ᠎ᠤᠨ ᠨᠡᠢᠭᠡᠮᠯᠢᠭ᠂ ᠤᠷᠠᠳ᠎ᠤᠨ ᠡᠮᠦᠨᠡᠲᠦ ᠬᠣᠱᠢᠭᠤᠨ᠎ᠤ ᠵᠠᠯᠠᠭᠤᠴᠤᠳ᠎ᠤᠨ ᠰᠠᠢᠨ ᠳᠤᠷᠠᠴᠤᠳ᠎ᠤᠨ ᠨᠡᠢᠭᠡᠮᠯᠢᠭ᠂ ᠯᠢᠶᠠᠩᠴᠧᠩ ᠱᠢᠶᠠᠨ᠎ᠤ ᠵᠠᠯᠠᠭᠤᠴᠤᠳ᠎ᠤᠨ ᠰᠠᠢᠨ ᠳᠤᠷᠠᠴᠤᠳ᠎ᠤᠨ ᠨᠡᠢᠭᠡᠮᠯᠢᠭ ᠵᠠᠯᠠᠭᠤ ᠰᠠᠢᠨ ᠳᠤᠷᠠᠴᠤᠳ᠎ᠢ ᠵᠣᠬᠢᠶᠠᠨ ᠪᠠᠢᠭᠤᠯᠤᠨ᠂ ᠬᠣᠭ ᠨᠣᠪᠰᠢ ᠲᠡᠭᠦᠬᠦ᠌᠂ ᠮᠣᠳᠣ ᠳᠠᠷᠢᠵᠤ ᠨᠣᠭᠣᠭᠠᠷᠠᠭᠤᠯᠬᠤ᠂ ᠠᠮᠢ ᠠᠬᠤᠶ᠎ᠶ᠋ᠢᠨ ᠰᠣᠶᠣᠯ᠎ᠤᠨ ᠪᠦᠲᠦᠭᠡᠭ᠌ᠳᠡᠬᠦᠨ᠎ᠢ ᠰᠤᠳᠤᠯᠤᠨ ᠨᠡᠭᠡᠭᠡᠬᠦ᠌᠂ ᠬᠠᠲᠤᠨ ᠭᠤᠤᠯ ᠳᠠᠭᠠᠤ᠎ᠶ᠋ᠢᠨ ᠠᠢᠮᠠᠭ ᠬᠣᠲᠠ᠎ᠶ᠋ᠢᠨ ᠵᠠᠯᠠᠭᠤᠴᠤᠳ᠎ᠤᠨ ᠰᠠᠢᠨ ᠳᠤᠷᠠᠴᠤᠳ᠎ᠤᠨ ᠦᠶ᠋ᠯᠡᠴᠢᠯᠡᠭᠡᠨ᠎ᠦ ᠬᠠᠮᠵᠢᠯᠴᠠᠭ᠎ᠠ ᠵᠡᠷᠭᠡ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠂ ᠡᠨᠡ ᠪᠣᠯ ᠵᠥᠪᠬᠡᠨ ᠥᠪᠥᠷ ᠮᠣᠩᠭᠣᠯ᠎ᠤᠨ ᠵᠠᠯᠠᠭᠤᠴᠤᠳ᠎ᠤᠨ ᠰᠠᠢᠨ ᠳᠤᠷᠠᠴᠤᠳ ᠨᠡᠢᠭᠡᠮ᠎ᠦᠨ ᠡᠯ᠎ᠡ ᠬᠦᠷᠢᠶ᠎ᠠ ᠴᠠᠷᠠᠭᠠᠨ᠎ᠦ ᠪᠥᠲᠥᠭᠡᠨ ᠪᠠᠢᠭᠤᠯᠤᠯᠲᠠ᠎ᠳᠤ ᠪᠥᠬᠥ᠌ ᠲᠠᠯ᠎ᠠ᠎ᠪᠠᠷ ᠣᠷᠣᠯᠴᠠᠭ᠍ᠰᠠᠨᠬᠤᠷᠢᠶᠠᠩᠭᠤᠢ ᠵᠢᠷᠤᠭᠯᠠᠯ ᠪᠣᠯᠤᠨ᠎ᠠ᠃
ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠵᠦ᠍ ᠵᠠᠯᠠᠭᠤᠴᠤᠳ ᠤᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠣᠯᠠᠨ ᠡᠱᠢᠵᠢᠯᠲᠡ ᠶ᠋ᠢ ᠠᠬᠢᠭᠤᠯᠪᠠ
ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ ᠦᠷᠭᠦᠯᠵᠢᠯᠡᠨ ᠪᠡᠬᠢᠵᠢᠭᠦᠯᠵᠦ᠍᠂ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠶ᠋ᠢ ᠲᠤᠭᠳᠠᠭᠤᠨ᠎ᠢᠶᠠᠷ ᠠᠬᠢᠭᠤᠯᠬᠤ ᠳ᠋ᠤ ᠥᠷᠭᠡᠨ ᠣᠯᠠᠨ ᠵᠠᠯᠠᠭᠤᠴᠤᠳ ᠤᠨ ᠰᠠᠢᠨ ᠳᠤᠷᠠᠴᠤᠳ ᠪᠣᠯᠤᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠵᠣᠬᠢᠶᠠᠨ ᠪᠠᠢᠭᠤᠯᠤᠯᠲᠠ ᠢᠮᠠᠭ᠍ᠲᠠ ᠡᠮᠦᠨ᠎ᠡ ᠡᠩᠨᠡᠭᠡᠨ᠎ᠳᠦ ᠬᠤᠰᠢᠭᠤᠷᠠᠪᠠ᠃
ᠥᠪᠥᠷ ᠮᠣᠩᠭᠣᠯ ᠤᠨ ᡁᠢ ᠴᠢᠦᠶ ᠨᠡᠢᠲᠡ ᠶ᠋ᠢᠨ ᠠᠰᠠᠷᠠᠮᠵᠢ ᠶ᠋ᠢᠨ ᠬᠣᠯᠪᠣᠭᠠᠲᠤ ᠬᠤᠷᠠᠯ ᠠᠴᠠ ᠵᠠᠯᠠᠭᠤ ᠰᠠᠢᠨ ᠳᠤᠷᠠᠴᠤᠳ᠎ᠢ ᠵᠣᠬᠢᠶᠠᠨ ᠪᠠᠢᠭᠤᠯᠵᠤ ᠤᠯᠠᠭᠠᠨᠴᠠᠪ ᠬᠣᠲᠠ᠎ᠶ᠋ᠢᠨ ᠱᠢᠩ ᠾᠧ ᠱᠢᠶᠠᠨ᠂ ᠪᠠᠶᠠᠨᠨᠠᠭᠤᠷ ᠬᠣᠲᠠ ᠶ᠋ᠢᠨ ᠦᠶᠤᠸᠠᠨ ᠱᠢᠶᠠᠨ᠂ ᠬᠢᠩᠭᠠᠨ ᠠᠢᠮᠠᠭ ᠤᠨ ᠵᠠᠯᠠᠢᠳ ᠬᠣᠱᠢᠭᠤ ᠵᠡᠷᠭᠡ ᠭᠠᠵᠠᠷ ᠲᠤ ᠬᠦᠷᠴᠦ᠍ 《ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠤ ᠪᠦᠳᠦᠭᠡᠨ ᠪᠠᠢᠭᠤᠯᠤᠯᠲᠠ ᠳ᠋ᠤ ᠤᠷᠤᠯᠴᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠳᠦᠭᠡᠯ᠎ᠢ ᠪᠡᠬᠢᠵᠢᠬᠦᠯᠬᠦ ᠵᠠᠭᠤᠨ ᠡᠳᠦᠷ ᠦᠨ ᠪᠣᠭᠣᠮᠲᠠ ᠱᠢᠪᠲᠤᠯᠬᠤ ᠣᠷᠴᠢᠨ ᠲᠣᠭᠣᠷᠢᠨ ᠢ ᠴᠡᠭ᠌ᠴᠡᠯᠡᠨ ᠵᠠᠰᠠᠬᠤ ᠳᠤ ᠬᠦᠴᠦᠨ ᠨᠡᠮᠡᠷᠢᠯᠡᠬᠦ᠌ ᠰᠠᠢᠨ ᠳᠤᠷ᠎ᠠ ᠶ᠋ᠢᠨ ᠦᠶ᠋ᠯᠡᠴᠢᠯᠡᠭᠡ》 ᠶ᠋ᠢ ᠵᠣᠬᠢᠶᠠᠨ ᠪᠠᠢᠭᠤᠯᠪᠠ᠃ ᠤᠯᠠᠭᠠᠨᠴᠠᠪ ᠬᠣᠲᠠ ᠶ᠋ᠢᠨ ᠱᠢᠩ ᠾᠧ ᠱᠢᠶᠠᠨ ᠳᠤ᠂ ᠥᠪᠥᠷ ᠮᠣᠩᠭᠣᠯ ᠤᠨ ᠤᠮᠠᠷᠠᠲᠤ ᠬᠢᠯᠢ ᠶ᠋ᠢᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠬᠣᠯᠪᠣᠭᠠᠲᠤ ᠬᠤᠷᠠᠯ ᠤᠨ ᠵᠠᠯᠠᠭᠤ ᠰᠠᠢᠨ ᠳᠤᠷᠠᠴᠤᠳ ᠳ᠋ᠢᠶᠠᠨ ᠽᠢ ᠪᠠᠯᠭᠠᠰᠤᠨ ᠤ ᠵᠢᠦ ᠮᠠ ᠳᠦᠨ ᠲᠣᠰᠭᠣᠨ ᠤ ᠲᠣᠰᠭᠣᠨ ᠳᠤ ᠰᠠᠭᠤᠭ᠎ᠠ ᠠᠵᠢᠯᠯᠠᠬᠤ ᠠᠩᠭᠢ ᠶ᠋ᠢᠨ ᠳᠠᠭᠠᠭᠤᠯᠭ᠎ᠠ ᠳᠤᠤᠷ᠎ᠠ᠂ ᠲᠣᠰᠭᠣᠨ ᠤ ᠠᠷᠠᠳ ᠢ ᠬᠠᠪᠰᠤᠷᠤᠨ ᠬᠦᠷᠢᠶ᠎ᠡ ᠬᠠᠱᠢᠶ᠎ᠠ ᠶ᠋ᠢ ᠨᠢ ᠴᠡᠪᠡᠷᠯᠡᠵᠦ᠍᠂ ᠴᠤᠩᠬᠤᠨ ᠰᠢᠯᠢ ᠨᠢ ᠵᠦᠯᠭᠦᠨ᠂ ᠲᠣᠰᠭᠣᠨ ᠤ ᠠᠷᠠᠳ ᠲᠤ ᠠᠯᠪᠠᠨ ᠵᠢᠷᠤᠮ ᠤᠨ ᠡᠮᠴᠢᠯᠡᠭᠡ ᠬᠢᠵᠦ᠍ ᠥᠭ᠌ᠪᠡ᠃ ᠤᠯᠠᠭᠠᠨᠬᠠᠳᠠ ᠬᠤᠳᠠ ᠶ᠋ᠢᠨ ᠬᠤᠩᠱᠠᠨ ᠲᠣᠭᠣᠷᠢᠭ ᠲᠤ᠂ ᠡᠯ᠎ᠡ ᠪᠠᠯᠭᠠᠰᠤ ᠵᠡᠭᠡᠯᠢ ᠭᠤᠳᠤᠮᠵᠢ᠎ᠶ᠋ᠢᠨ ᠵᠠᠯᠠᠭᠤᠴᠤᠳ ᠤᠨ ᠲᠥᠯᠥᠭᠡᠯᠡᠭ᠌ᠴᠢ ᠪᠣᠯᠤᠨ ᠤᠯᠠᠭᠠᠨᠬᠠᠳᠠ ᠳᠡᠭᠡᠳᠦ ᠰᠤᠷᠭᠠᠭᠤᠯᠢ ᠶ᠋ᠢᠨ ᠬᠠᠷᠢᠶᠠᠲᠤ ᠳᠤᠮᠳᠠᠳᠤ ᠰᠤᠷᠭᠠᠭᠤᠯᠢ ᠶ᠋ᠢᠨ 26 ᠪᠠᠭ᠍ᠰᠢ ᠰᠤᠷᠤᠬ᠍ᠴᠢ ᠰᠠᠢ᠌ᠨ ᠳᠤᠷᠠᠴᠤᠳ ᠸᠸᠨ ᠵᠦᠩ ᠪᠠᠯᠭᠠᠰᠤᠨ ᠤ ᠰᠠᠨ ᠶᠠᠨ ᠵᠢᠩ ᠲᠣᠰᠭᠣᠨ ᠳᠤ ᠬᠦᠷᠴᠦ᠍᠂ ᠪᠤᠵᠠᠷ ᠡᠪᠡᠰᠦ᠂ ᠬᠣᠭ ᠨᠣᠪᠰᠢ ᠵᠡᠷᠭᠡ ᠶ᠋ᠢ ᠬᠠᠪᠰᠤᠷᠤᠨ ᠴᠡᠪᠡᠷᠯᠡᠵᠦ᠍᠂ ᠲᠣᠰᠭᠣᠨ ᠤ ᠳᠦᠷᠰᠦ ᠪᠠᠢᠳᠠᠯ ᠢ ᠰᠠᠢᠵᠢᠷᠠᠭᠤᠯᠪᠠ᠃ ᠵᠠᠯᠠᠭᠤ ᠰᠠᠢᠨ ᠳᠤᠷᠠᠴᠤᠳ᠄《ᠰᠠᠢᠨ ᠳᠤᠷ᠎ᠠ ᠶ᠋ᠢᠨ ᠦᠶ᠋ᠯᠡᠴᠢᠯᠡᠭᠡ ᠦᠷᠨᠢᠬᠦᠯᠬᠦ᠎ᠪᠡᠷ ᠳᠠᠮᠵᠢᠨ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠤ ᠪᠥᠲᠥᠭᠡᠨ ᠪᠠᠢᠭᠤᠯᠤᠯᠲᠠ ᠳᠤ ᠪᠥᠬᠥ᠌ ᠲᠠᠯ᠎ᠠ ᠪᠠᠷ ᠣᠷᠣᠯᠴᠠᠬᠤ ᠨᠢ ᠠᠯᠤᠰ ᠬᠡᠲᠦ᠍ ᠶ᠋ᠢᠨ ᠠᠴᠢ ᠬᠣᠯᠪᠣᠭ᠍ᠳᠠᠯ᠎ᠲᠠᠶ ᠂ ᠢᠯᠠᠩᠭᠤᠶ᠎ᠠ ᠵᠠᠯᠠᠭᠤᠴᠤᠳ ᠤᠨ ᠨᠡᠢᠭᠡᠮ ᠦᠨ ᠵᠣᠬᠢᠶᠠᠨ ᠪᠠᠢᠭᠤᠯᠤᠯᠲᠠ᠂ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠵᠣᠬᠢᠶᠠᠨ ᠪᠠᠢᠭᠤᠯᠤᠯᠲᠠ ᠵᠡᠷᠭᠡ ᠨᠡᠢᠭᠡᠮ ᠦᠨ ᠬᠦᠴᠦᠨ ᠦ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠳᠤ ᠪᠥᠬᠥ᠌ ᠲᠠᠯ᠎ᠠ ᠪᠠᠷ ᠣᠷᠣᠯᠴᠠᠬᠤ ᠳᠤ ᠨᠢᠭᠡᠨ ᠱᠢᠨ᠎ᠡ ᠵᠠᠮ ᠢ ᠬᠠᠢᠨ ᠰᠦᠪᠡᠭ᠌ᠴᠢᠯᠡᠵᠦ᠍᠂ ᠣᠯᠠᠨ ᠢᠶᠠᠷ ᠢᠶᠠᠨ ᠣᠷᠣᠯᠴᠠᠬᠤ ᠣᠯᠠᠨ ᠡᠱᠢᠵᠢᠭ᠌ᠰᠡᠨ ᠲᠣᠭ᠍ᠲᠠᠴᠠ ᠶ᠋ᠢᠨ ᠱᠢᠨ᠎ᠡ ᠶ᠋ᠢ ᠡᠭᠦᠳᠴᠦ᠍᠂ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠢᠭᠡᠮ ᠦᠨ ᠵᠣᠬᠢᠶᠠᠨ ᠪᠠᠢᠭᠤᠯᠤᠯᠲᠠ ᠶ᠋ᠢᠨ ᠬᠠᠮᠵᠢᠯᠴᠠᠨ ᠠᠬᠢᠭᠤᠯᠬᠤ ᠱᠢᠨ᠎ᠡ ᠪᠠᠢᠷᠢᠱᠢᠯ ᠢ ᠪᠦᠷᠢᠯᠳᠦᠭᠦᠯᠬᠦ᠌ ᠪᠣᠯᠤᠨ᠎ᠠ》ᠬᠡᠵᠤ ᠢᠯᠡᠷᠬᠡᠢᠯᠠᠵᠠᠬᠡᠪᠠ᠃
ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ ᠢ ᠤᠯᠠᠮ ᠴᠢᠨᠠᠭ᠍ᠰᠢᠳᠠ ᠪᠡᠬᠢᠵᠢᠭᠦᠯᠵᠦ᠍᠂ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠬᠦ᠌ ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠪᠯᠡᠯ᠎ᠦᠨ ᠬᠣᠷᠢᠶ᠎ᠠ 《ᠤᠶᠤᠲᠠᠳ ᠤᠨ ᠰᠠᠢᠨ ᠳᠤᠷ᠎ᠠ ᠠᠴᠠ ᠪᠠᠨ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠲᠥᠯᠥᠪᠯᠡᠭᠡ ᠳᠦ ᠦᠶ᠋ᠯᠡᠴᠢᠯᠡᠬᠦ᠌》 ᠪᠠᠷᠠᠭᠤᠨ ᠣᠷᠣᠨ ᠤ ᠲᠥᠯᠥᠪᠯᠡᠭᠡ ᠶ᠋ᠢᠨ ᠲᠥᠷᠥᠯ ᠵᠦᠶ᠋ᠯ ᠢ ᠬᠡᠷᠡᠭ᠌ᠵᠢᠭᠦᠯᠵᠦ᠍᠂ ᠵᠢᠯ ᠪᠦᠷᠢ 600 ᠣᠶᠤᠲᠠᠨ ᠢ ᠰᠣᠩᠭᠣᠨ ᠦᠨᠳᠦᠰᠦᠨ ᠱᠠᠲᠤᠨ ᠳᠤ ᠲᠤᠮᠢᠯᠠᠵᠤ ᠰᠠᠢᠨ ᠳᠤᠷ᠎ᠠ ᠶ᠋ᠢᠨ ᠦᠶ᠋ᠯᠡᠴᠢᠯᠡᠭᠡᠨ᠎ᠤ ᠣᠯᠠᠨ ᠶᠠᠩᠵᠤᠴᠢᠯᠠᠯᠲᠠ ᠶ᠋ᠢ ᠠᠬᠢᠭᠤᠯᠪᠠ᠃
ᠬᠢᠵᠢᠭ ᠲᠠᠢ ᠲᠡᠮᠡᠴᠡᠬᠦ ᠡᠮᠦᠨ᠎ᠡ ᠹᠷᠤᠨᠲ ᠲᠸ᠋ ᠭᠠᠪᠰᠢᠭᠠᠢᠯᠠᠵᠤ ᠵᠠᠯᠠᠭᠤᠴᠤᠳ᠎ᠤᠨ ᠰᠠᠢᠨ ᠲᠤᠷ᠎ᠠ ᠵᠢᠨ ᠦᠢᠯᠡᠴᠢᠯᠡᠭᠡᠨ᠎ᠤ ᠡᠬᠦᠷᠭᠡᠯᠡᠯ᠎ᠢ ᠢᠯᠡᠷᠡᠬᠦᠯᠪᠡ
ᠵᠠᠯᠠᠭᠤᠴᠤᠳ ᠤᠨ ᠰᠠᠢᠨ ᠲᠤᠷᠠᠴᠤᠳ ᠪᠤᠯ ᠢᠮᠠᠭ᠍ᠲᠠ ᠤᠮᠠᠷᠠᠲᠤ ᠬᠢᠯᠢ ᠶ᠋ᠢ ᠰᠠᠬᠢᠨ ᠬᠠᠮᠠᠭᠠᠯᠠᠬᠤ ᠦᠵᠡᠰᠭᠦᠯᠡᠩᠲᠦ ᠰᠠᠢᠬᠠᠨ ᠦᠵᠡᠮᠵᠢ ᠪᠤᠯᠤᠨ᠎ᠠ᠃ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠶ᠋ᠢ ᠪᠠᠢᠩᠭᠤᠵᠢᠭᠤᠯᠤᠭᠰᠨᠨ ᠪᠠᠢᠳᠠᠯ ᠲᠤᠤᠷ᠎ᠠ ᠱᠢᠨᠵᠢᠯᠡᠬᠦ᠌ ᠤᠬᠠᠭᠠᠨᠴᠢ ᠪᠠᠷ ᠵᠣᠬᠢᠶᠠᠨ ᠪᠠᠢᠭᠤᠯᠵᠤ᠂ ᠡᠮᠬᠢ ᠵᠢᠷᠤᠮ ᠲᠠᠶ ᠪᠠᠷ ᠬᠥᠲᠥᠯᠥᠨ ᠵᠢᠯᠣᠭᠣᠳᠴᠤ᠌᠂ ᠪᠠᠴᠢᠮ ᠪᠠᠢᠳᠠᠯ ᠢ ᠠᠷᠭᠠᠴᠠᠭᠠᠬᠤ ᠰᠠᠢᠨ ᠳᠤᠷ᠎ᠠ ᠶ᠋ᠢᠨ ᠦᠶ᠋ᠯᠡᠴᠢᠯᠡᠭᠡ ᠨᠢ ᠨᠢᠭᠡᠨᠲᠡ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠦᠨ ᠵᠣᠬᠢᠶᠠᠨ ᠪᠠᠢᠭᠤᠯᠤᠯᠲᠠ ᠶ᠋ᠢᠨ 《ᠬᠦᠴᠦᠲᠦ ᠵᠡᠪᠰᠡᠭ》 ᠪᠣᠯᠵᠠᠶ᠃
2022 ᠣᠨ᠎ᠤ ᠬᠠᠪᠤᠷ᠎ᠤᠨ ᠡᠬᠢ᠎ᠪᠡᠷ ᠂ ᠬᠥᠬᠡᠬᠣᠲᠠ᠎ᠶ᠋ᠢᠨ ᠢᠤᠢ᠍ᠢᠴᠢᠤᠸᠠᠨ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠂ ᠳ᠋ᠢᠩ ᠨᠢᠭᠤᠷᠪᠠᠳᠠᠬᠢ ᠤᠳᠠᠭ᠎ᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠤᠷᠤᠯᠴᠠᠪᠠ᠃ 24 ᠨᠠᠰᠤᠲᠠᠶ ᠵᠠᠯᠠᠭᠤ ᠰᠠᠢᠨ ᠲᠤᠷᠠᠴᠤᠤᠯ ᠲᠡᠷᠢᠭᠦᠨᠴᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠪᠤᠰᠤᠳ ᠰᠠᠢᠨ ᠲᠤᠷᠠᠴᠤᠳ ᠲᠠᠢ ᠬᠠᠮᠲᠤ᠎ᠪᠠᠷ ᠮᠠᠢᠬᠠᠨ ᠪᠤᠰᠭᠠᠵᠤ ᠂ ᠰᠡᠷᠭᠡᠢᠯᠡᠯᠲᠡ᠎ᠶ᠋ᠢᠨ ᠱᠤᠭᠤᠮ ᠲᠠᠲᠠᠵᠤ ᠂ ᠵᠢᠭᠠᠯᠲᠠ ᠫᠠᠢᠰᠠ ᠲᠠᠯᠪᠢᠵᠤ᠂ ᠪᠥᠭᠡᠮ ᠬᠦᠴᠢᠯ᠎ᠦᠨ ᠪᠠᠢᠴᠠᠭᠠᠯᠲᠠ᠎ᠵᠢᠨ ᠡᠮᠦᠨᠡᠬᠢ ᠬᠤᠭᠤᠴᠠᠭᠠᠨ᠎ᠤ ᠪᠡᠯᠡᠳᠭᠡᠯ ᠠᠵᠢᠯ ᠳ᠋ᠤ ᠤᠷᠤᠯᠴᠠᠵᠠᠢ᠃ 2020 ᠣᠨ᠎ᠳᠤ ᠬᠢᠵᠢᠭ᠎ᠦᠨ ᠪᠠᠢᠳᠠᠯ ᠡᠭᠦᠰᠦᠭᠰᠡᠨ᠎ᠠᠴᠠ ᠨᠠᠭᠠᠰᠢ᠂ ᠪᠥᠬᠥ᠌ ᠣᠷᠣᠨ᠎ᠳᠤ ᠨᠡᠢᠲᠡ 20 ᠭᠠᠷᠤᠶ ᠲᠦᠮᠡᠨ ᠵᠠᠯᠠᠭᠤ ᠰᠠᠢᠨ ᠳᠤᠷᠠᠴᠤᠳ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠨᠢᠭᠡᠳᠦᠭᠡᠷ ᠹᠷᠣᠨᠲ᠎ᠲᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃
ᠮᠠᠨ᠎ᠤ ᠤᠷᠤᠨ᠎ᠳᠦ ᠰᠠᠢᠨ ᠳᠤᠷ᠎ᠠ᠎ᠶ᠋ᠢᠨ ᠵᠣᠷᠢᠭ ᠰᠠᠨᠠᠭ᠎ᠠ᠎ᠲᠠᠶ ᠵᠠᠯᠠᠭᠤᠴᠤᠳ ᠴᠥᠭᠡᠨ ᠪᠤᠰᠤ ᠪᠠᠢᠵᠤ᠂ 《ᠬᠤᠪᠢ ᠨᠡᠮᠡᠷᠢ ᠦᠵᠡᠭᠦᠯᠬᠦ᠌᠂ ᠨᠥᠬᠥᠷᠰᠡᠭᠲᠤᠳᠤᠨᠤ ᠪᠠᠢᠬᠤ᠂ ᠬᠠᠷᠢᠯᠴᠠᠨ ᠬᠠᠪᠰᠤᠷᠤᠯᠴᠠᠬᠤ᠂ ᠤᠷᠤᠭ᠍ᠰᠢᠯᠠᠨ ᠳᠠᠪᠱᠢᠬᠤ》 ᠰᠠᠢᠨ ᠳᠤᠷ᠎ᠠ᠎ᠶ᠋ᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠦᠨᠳᠦᠰᠦᠲᠡᠨ᠎ᠦ ᠪᠦᠯᠬᠦᠮᠳᠡᠯ᠎ᠳᠦ ᠬᠦᠴᠦᠨ ᠨᠡᠮᠡᠷᠢᠯᠡᠵᠡᠢ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶᠠᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠦᠷ᠎ᠡ ᠪᠦᠲᠦᠭᠡᠯ᠎ᠢ ᠤᠳᠤᠤᠰᠢᠭᠤᠯᠬᠤᠶ᠋ᠢ ᠴᠢᠬᠤᠯᠠᠴᠢᠯᠠᠵᠤ᠂ 《ᠢᠨᠲ᠋ᠧᠷ ᠰᠦᠯᠵᠢᠶ᠎ᠡ + ᠰᠠᠢᠨ ᠳᠤᠷ᠎ᠠ᠎ᠶ᠋ᠢᠨ ᠦᠶ᠋ᠯᠡᠴᠢᠯᠡᠭᠡ 》 ᠶ᠋ᠢᠨ ᠲᠣᠭᠠᠴᠢᠯᠠᠭ᠍ᠰᠠᠨ ᠲᠠᠪᠴᠠᠩ᠎ᠢ ᠴᠢᠷᠮᠠᠢᠨ ᠪᠠᠢᠭᠤᠯᠵᠤ᠂ 《ᠰᠠᠢᠨ ᠲᠤᠷ᠎ᠠ ᠡᠴᠡ ᠪᠠᠨ ᠤᠮᠠᠷᠠᠲᠤ ᠬᠢᠯᠢ ᠳ᠋ᠤ ᠦᠢᠯᠡᠴᠢᠯᠡᠶ᠎ᠡ 》 ᠭᠡᠬᠦ ᠪᠥᠬᠥ᠌ ᠣᠷᠣᠨ᠎ᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠮᠡᠳᠡᠭᠡ ᠵᠠᠩᠭᠢᠵᠢᠯᠲᠠ᠎ᠶ᠋ᠢᠨ ᠲᠠᠪᠴᠠᠩ ᠢ᠋ ᠪᠠᠢᠭᠤᠯᠵᠤ᠂ ᠰᠠᠢᠨ ᠲᠤᠷᠠᠴᠤᠳ᠎ᠢ ᠲᠠᠩᠰᠠᠯᠠᠬᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ ᠵᠢᠨᠣᠷᠣᠵᠤ ᠰᠠᠭᠤᠬᠤ᠂ ᠨᠡᠢᠭᠡᠮ ᠲᠣᠭᠣᠷᠢᠭ᠎ᠤᠨ ᠵᠠᠬᠢᠶᠠᠯᠠᠭ᠎ᠠ ᠵᠡᠷᠭᠡ ᠴᠢᠳᠠᠪᠬᠢ᠎ᠶ᠋ᠢ ᠬᠠᠩᠭᠠᠵᠤ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠲᠤ ᠦᠶ᠋ᠯᠡᠴᠢᠯᠡᠬᠦ᠌ ᠵᠠᠯᠠᠭᠤ ᠰᠠᠢᠨ ᠲᠤᠷᠠᠴᠤᠳ᠎ᠤᠨ 《 ᠡᠴᠦᠰ᠎ᠦᠨ ᠨᠢᠭᠡ ᠺᠢᠯᠣᠮᠧᠲ᠋ᠷ 》 ᠢ᠋ ᠨᠡᠪᠲᠡᠷᠡᠭᠦᠯᠪᠡ᠃ 2022 ᠣᠨ᠎ᠤ 6 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠥ᠌ ᠣᠷᠣᠨ᠎ᠤ ᠦᠨᠡᠨ ᠨᠡᠷ᠎ᠡ᠎ᠪᠡᠷ ᠵᠢᠡᠨ ᠳᠠᠩᠰᠠᠯᠠᠭᠤᠯᠤᠭ᠍ᠰᠠᠨ ᠰᠠᠢᠨ ᠳᠤᠷ᠎ᠠ᠎ᠶ᠋ᠢᠨ ᠠᠵᠢᠯᠯᠠᠭ᠍ᠴᠢ 418 ᠲᠦᠮᠡᠨ ᠬᠥᠮᠦᠨ᠂ ᠳᠠᠩᠰᠠᠯᠠᠭᠤᠯᠤᠭ᠍ᠰᠠᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ 5545 ᠪᠠᠢᠵᠤ᠂ ᠡᠳᠦᠷ᠎ᠲᠦ 5000 ᠭᠠᠷᠤᠶ ᠬᠥᠮᠦᠨ ᠬᠥᠭ᠌ᠵᠢᠶᠡᠨᠲᠡᠶ ᠠᠵᠢᠯᠯᠠᠵᠦ᠂ ᠥᠪᠥᠷ ᠮᠣᠩᠭᠣᠯ᠎ᠤᠨ ᠵᠠᠯᠠᠭᠤᠴᠤᠳ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠪᠠ᠃
(ᠡᠬᠡ ᠪᠢᠴᠢᠭ ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠬᠠᠩᠭᠠᠪᠠ)