ᠵᠤᠨ ᠤ᠋ ᠤᠷᠤᠢ ᠨᠠᠮᠤᠭᠤᠬᠠᠨ ᠤᠷᠤᠰᠬᠤ ᠶᠡᠬᠡ ᠲᠦᠷᠭᠡᠨ ᠭᠤᠤᠯ ᠤ᠋ᠨ ᠬᠦᠪᠡᠭᠡᠨ᠎ᠠ ᠠᠯᠬᠤᠯᠠᠬᠤ ᠳ᠋ᠤ ᠂ ᠬᠤᠷᠤᠮᠬᠠᠨ ᠵᠠᠭᠤᠷ᠎ᠠ ᠴᠤ᠌ ᠭᠡᠰᠡᠨ ᠶᠡᠬᠡ ᠬᠤᠲᠠ ᠢ᠋ᠢᠨ ᠬᠦᠯ ᠦᠢᠮᠡᠭᠡᠨ ᠮᠠᠷᠲᠠᠭᠳᠠᠨ ᠂ ᠠᠯᠵᠢᠶᠠᠯ ᠴᠢᠯᠡᠭᠡ ᠲᠡᠢᠯᠤᠭᠳᠠᠵᠤ ᠂ ᠪᠡᠶ᠎ᠡ ᠰᠡᠳᠭᠢᠯ ᠰᠠᠷᠠᠭᠤᠯᠵᠢᠬᠤ ᠶᠤᠮ ᠃ ᠶᠡᠬᠡ ᠲᠦᠷᠭᠡᠨ ᠭᠣᠣᠯ ᠪᠣᠯ ᠬᠠᠳᠤᠨ ᠭᠣᠣᠯ ᠤ᠋ᠨ ᠨᠢᠭᠡᠳᠦᠭᠡᠷ ᠰᠠᠯᠪᠤᠷᠢ ᠤᠷᠤᠰᠭᠠᠯ ᠪᠣᠯᠬᠤ ᠪᠥᠭᠡᠳ ᠬᠥᠬᠡᠬᠣᠲᠠ ᠢ᠋ᠢᠨ ᠡᠵᠢ ᠭᠣᠣᠯ ᠪᠢᠯᠡ ᠃ ᠶᠡᠬᠡ ᠲᠦᠷᠭᠡᠨ ᠭᠤᠤᠯ ᠤ᠋ᠨ ᠬᠣᠲᠠ ᠢ᠋ᠢᠨ ᠲᠣᠭᠣᠷᠢᠭ ᠤ᠋ᠨ ᠬᠡᠰᠡᠭ ᠨᠢ ᠣᠢᠷ᠎ᠠ ᠢ᠋ᠢᠨ ᠵᠢᠯ ᠤ᠋ᠨ ᠶᠡᠷᠦᠩᠬᠡᠢᠯᠡᠭ᠌ᠰᠡᠨ ᠵᠠᠰᠠᠯᠲᠠ ᠪᠡᠷ ᠳᠡᠮᠵᠢᠭᠠᠳ ᠴᠤ ᠱᠢᠨ᠎ᠡ ᠳᠦᠷᠢ ᠲᠦᠷᠬᠦ ᠪᠡᠷ ᠰᠤᠯᠢᠭᠳᠠᠵᠤ ᠂ ᠴᠡᠴᠡᠭ᠌ᠲᠦ ᠲᠣᠯᠢ ᠠᠭᠤᠳᠠᠮ ᠲᠠᠯᠠᠪᠠᠶ ᠂ ᠡᠬᠡ ᠦᠷᠡᠰ ᠤ᠋ᠨ ᠴᠡᠩᠭᠡᠯ ᠤ᠋ᠨ ᠬᠦᠷᠢᠶᠡᠯᠡᠩ ᠂ ᠰᠠᠢᠷᠭᠠᠯ ᠤ᠋ᠨ ᠴᠡᠴᠡᠭ ᠤ᠋ᠨ ᠲᠡᠯᠡᠶ ᠂ ᠴᠡᠷᠢᠭ ᠤ᠋ᠨ ᠶᠠᠪᠤᠳᠠᠯ ᠤ᠋ᠨ ᠴᠡᠴᠡᠷᠯᠢᠭ ᠵᠡᠷᠭᠡ ᠤᠯᠠᠨ ᠰᠠᠢᠬᠠᠨ ᠦᠵᠡᠮᠵᠢ ᠢ᠋ᠢᠨ ᠭᠠᠵᠠᠷ ᠲᠠᠢ ᠪᠤᠯᠵᠠᠢ ᠃
ᠡᠨᠡ ᠵᠢᠯ 65 ᠨᠠᠰᠤᠲᠠᠢ ᠫᠠᠨ ᠶᠤᠸᠠᠢ ᠶᠢᠩ ᠶᠡᠬᠡ ᠲᠦᠷᠭᠡᠨ ᠭᠣᠣᠯ ᠤ᠋ᠨ ᠬᠥᠪᠡᠭᠡᠨ ᠳ᠋ᠡᠬᠢ ᠵᠢᠡᠭ ᠭᠤᠸᠠᠨ ᠬᠤᠸᠠ ᠶᠤᠸᠠᠨ ᠰᠠᠭᠤᠭᠠᠯᠢ ᠠᠷᠠᠳ ᠤ᠋ᠨ ᠲᠣᠭᠣᠷᠢᠭ ᠲᠦ᠍ ᠰᠠᠭᠤᠵᠤ ᠪᠠᠢᠳᠠᠭ ᠃ ᠤᠤᠯ ᠨᠢ ᠡᠨᠳᠡᠬᠢ ᠣᠷᠴᠢᠨ ᠲᠣᠭᠣᠷᠢᠨ ᠮᠠᠰᠢ ᠮᠠᠭᠤ ᠪᠠᠢᠭᠰᠠᠨ ᠲᠤᠯᠠ ᠲᠡᠷᠡ ᠳᠠᠡᠭᠳᠠ ᠨᠡᠭᠦᠭᠦ ᠢ᠋ᠢ ᠬᠦᠰᠡᠳᠡᠭ ᠪᠠᠢᠯ᠎ᠠ ᠃ 《ᠤᠤᠯ ᠨᠢ ᠵᠠᠮ ᠤ᠋ᠨ ᠬᠠᠵᠠᠭᠤ ᠪᠡᠷ ᠶᠠᠭᠤ ᠴᠤ᠌ ᠦᠭᠡᠢ ᠬᠤᠪᠠᠬᠠᠢ ᠪᠠᠢᠭ᠍ᠰᠠᠨ᠂ ᠰᠠᠯᠬᠢᠯᠠᠪᠠᠯ ᠲᠣᠭᠣᠰᠣ ᠱᠢᠷᠣᠢ ᠪᠤᠵᠢᠭᠢᠨᠠᠭᠠᠳ ᠨᠢᠳᠤ ᠨᠡᠭᠡᠭᠡᠭᠦ ᠢ᠋ᠢᠨ ᠠᠷᠭ᠎ᠠ ᠦᠭᠡᠢ ᠪᠤᠯᠳᠠᠭ᠃ ᠣᠳᠣ ᠠᠳᠠᠯᠢ ᠦᠭᠡᠢ ᠪᠣᠯᠵᠠᠶ ᠂ ᠤᠰᠤ ᠨᠢ ᠲᠤᠩᠭᠠᠯᠠᠭ ᠡᠷᠭᠢ ᠨᠢ ᠨᠣᠭᠣᠭᠠᠨ ᠪᠤᠯᠵᠤ ᠂ ᠬᠠᠮᠢᠭᠠᠰᠢ ᠪᠡᠨ ᠬᠠᠷᠠᠭᠰᠠᠨ ᠴᠤ᠌ ᠭᠤᠢᠳᠠ ᠰᠠᠢᠬᠠᠨ ᠦᠵᠡᠮᠵᠢ ᠪᠢᠳᠡᠨ ᠢ᠋ ᠤᠭᠲᠤᠵᠤ ᠪᠠᠢᠨ᠎ᠠ ᠂ ᠮᠠᠰᠢ ᠲᠠᠭᠠᠯᠠᠮᠵᠢᠲᠠᠢ ᠪᠤᠯᠤᠭᠰᠠᠨ》 ᠭᠡᠵᠤ ᠫᠠᠨ ᠶᠤᠸᠠᠢ ᠶᠢᠩ ᠶᠡᠬᠡ ᠲᠦᠷᠭᠡᠨ ᠭᠣᠣᠯ ᠤ᠋ᠨ ᠬᠤᠪᠢᠷᠠᠯᠲᠠ ᠢ᠋ᠢ ᠪᠠᠶᠠᠷᠲᠠᠢᠬᠠᠨ ᠲᠠᠨᠢᠯᠴᠠᠭᠤᠯᠤᠨ᠎ᠠ ᠃
ᠵᠢᠡᠭ ᠭᠤᠸᠠᠨ ᠬᠤᠸᠠ ᠶᠤᠸᠠᠨ ᠡᠴᠡ ᠡᠮᠦᠨᠠᠰᠢ ᠠᠯᠬᠤᠪᠠᠯ ᠲᠠᠱᠢᠭᠤᠷ ᠡᠪᠡᠰᠦ ᠴᠡᠴᠡᠭ ᠤ᠋ᠨ ᠲᠠᠷᠢᠶ᠎ᠠ ᠲᠠᠭᠠᠷᠠᠯᠳᠤᠨ᠎ᠠ ᠃ ᠡᠨᠡ ᠭᠠᠵᠠᠷ ᠪᠣᠯ ᠰᠦᠯᠵᠢᠶᠡᠨ ᠤ᠋ ᠤᠳᠤᠳ ᠤ᠋ᠨ ᠢᠷᠡᠬᠦ ᠲᠤᠷᠠᠳᠠᠢ ᠭᠠᠵᠠᠷ ᠂ ᠪᠠᠰᠠ ᠴᠤ᠌ ᠭᠣᠣᠯ ᠳᠠᠭᠠᠤ ᠤᠷᠤᠨ ᠢ᠋ ᠳᠡᠰ ᠳᠡᠪᠱᠢᠭᠦᠯᠦᠨ ᠥᠭᠡᠷᠡᠴᠢᠯᠡᠬᠦ᠌ ᠴᠢᠬᠤᠯᠠ ᠦᠵᠡᠮᠵᠢ ᠢ᠋ᠢᠨ ᠨᠢᠭᠡ ᠪᠤᠯᠬᠤ ᠶᠤᠮ ᠃
ᠬᠥᠬᠡᠬᠣᠲᠠ ᠢ᠋ᠢᠨ ᠶᠡᠬᠡ ᠲᠦᠷᠭᠡᠨ ᠭᠤᠤᠯ ᠤ᠋ᠨ ᠬᠣᠲᠠ ᠢ᠋ᠢᠨ ᠲᠣᠭᠣᠷᠢᠭ ᠤ᠋ᠨ ᠬᠡᠰᠡᠭ ᠨᠢ ᠰᠠᠪᠠ ᠭᠠᠵᠠᠷ ᠤ᠋ᠨ ᠳᠤᠮᠳᠠᠳᠤ ᠳᠤᠤᠷᠠᠳᠤ ᠤᠷᠤᠰᠭᠠᠯ ᠳ᠋ᠤ ᠪᠠᠢᠷᠢᠯᠠᠵᠤ᠂ ᠥᠩᠭᠡᠷᠡᠭ᠌ᠰᠡᠨ ᠳ᠋ᠤ ᠦᠶᠡᠷ ᠤ᠋ᠨ ᠬᠤᠭᠤᠴᠠᠭ᠎ᠠ ᠡᠴᠡ ᠪᠤᠰᠤᠳ ᠦᠶ᠎ᠠ ᠳ᠋ᠤ ᠦᠨᠳᠦᠰᠦᠨ ᠳ᠋ᠡᠭᠡᠨ ᠤᠷᠤᠰᠭᠠᠯ ᠲᠠᠰᠤᠷᠠᠬᠤ ᠪᠠᠢᠳᠠᠯ ᠳ᠋ᠤ ᠪᠠᠢᠵᠤ᠂ ᠣᠷᠳᠣ ᠬᠤᠭᠤᠴᠠᠭ᠎ᠠ ᠪᠡᠷ ᠳᠤᠷ᠎ᠠ ᠪᠡᠷ ᠵᠢᠡᠨ ᠤᠰᠤ ᠲᠠᠲᠠᠭᠰᠠᠨ ᠡᠴᠡ ᠪᠤᠯᠵᠤ ᠭᠤᠤᠯ ᠤ᠋ᠨ ᠭᠤᠯᠳᠤᠷᠢᠯ ᠬᠦᠨᠳᠦ ᠨᠣᠴᠢᠲᠠᠶ ᠡᠪᠳᠡᠭ᠌ᠳᠡᠵᠦ᠍᠂ ᠠᠮᠢ ᠠᠬᠤᠶ ᠣᠷᠴᠢᠨ ᠲᠣᠭᠣᠷᠢᠨ ᠤ᠋ ᠠᠰᠠᠭᠤᠳᠠᠯ ᠬᠦᠨᠳᠤ ᠨᠤᠴᠢᠲᠠᠢ ᠣᠷᠣᠱᠢᠵᠤ ᠪᠠᠢᠪᠠ᠃ ᠬᠡᠳᠦᠨ ᠵᠢᠯ ᠤ᠋ᠨ ᠲᠤᠷᠰᠢ ᠭᠤᠤᠯ ᠤ᠋ᠨ ᠵᠠᠮ ᠢ᠋ ᠴᠡᠭ᠌ᠴᠡᠯᠡᠨ ᠵᠠᠰᠠᠬᠤ᠂ ᠬᠠᠱᠢᠯᠭᠠ ᠳᠠᠯᠠᠩ ᠢ᠋ ᠪᠡᠬᠢᠵᠢᠭᠦᠯᠬᠦ᠌ ᠂ ᠦᠵᠡᠮᠵᠢ ᠢ᠋ᠢ ᠨᠣᠭᠣᠭᠠᠷᠠᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠪᠡᠷ ᠳᠡᠮᠵᠢᠭᠠᠳ ᠭᠤᠤᠯ ᠤ᠋ᠨ ᠭᠤᠯᠳᠤᠷᠢᠯ ᠦᠶᠡᠷ ᠢ᠋ ᠰᠡᠷᠭᠡᠢᠯᠡᠬᠦ᠌ ᠪᠠᠷᠢᠮᠵᠢᠶ᠎ᠠ ᠳ᠋ᠤ ᠬᠦᠷᠴᠦ᠍ ᠂ ᠭᠤᠤᠯ ᠤ᠋ᠨ ᠲᠥᠪ ᠠᠷᠠᠯ᠂ ᠮᠣᠳᠣᠨ ᠬᠥᠭᠥᠷᠭᠡᠨ ᠵᠠᠮ᠂ ᠭᠤᠤᠯ ᠳᠠᠭᠠᠤ ᠶᠠᠪᠠᠭᠠᠨ ᠵᠠᠮ ᠵᠡᠷᠭᠡ ᠡᠯᠧᠮᠧᠨ᠋ᠲ ᠢ᠋ ᠲᠥᠪᠯᠡᠷᠡᠭᠦᠯᠦᠭ᠌ᠰᠡᠨ 13.24 ᠺᠢᠯᠣᠮᠧᠲ᠋ᠷ ᠣᠷᠳᠣ ᠬᠣᠲᠠ ᠢ᠋ᠢᠨ ᠪᠣᠬᠢᠷᠲᠤᠯ ᠥᠬᠡᠶ ᠠᠮᠢ ᠠᠬᠤᠶ ᠢ᠋ᠢᠨ ᠬᠡᠯᠬᠢᠶ᠎ᠡ ᠢ᠋ᠢ ᠪᠦᠷᠢᠯᠳᠦᠭᠦᠯᠵᠡᠶ ᠃
ᠬᠥᠬᠡᠬᠣᠲᠠ ᠢ᠋ᠢᠨ ᠬᠢᠨ ᠭᠤᠤᠯ ᠮᠥᠷᠡᠨ ᠨᠠᠭᠤᠷ ᠴᠥᠭᠥᠷᠥᠮ ᠤ᠋ᠨ 《ᠳᠤᠷ᠎ᠠ ᠪᠡᠷ ᠵᠢᠡᠨ ᠡᠵᠡᠯᠡᠬᠦ᠌᠂ ᠳᠤᠷ᠎ᠠ ᠪᠡᠷ ᠵᠢᠡᠨ ᠮᠠᠯᠲᠠᠬᠤ ᠂ ᠳᠤᠷ᠎ᠠ ᠪᠡᠷ ᠵᠢᠡᠨ ᠣᠪᠣᠭᠠᠯᠠᠬᠤ᠂ ᠳᠤᠷ᠎ᠠ ᠪᠡᠷ ᠵᠢᠡᠨ ᠪᠠᠢᠭᠤᠯᠬᠤ》ᠠᠰᠠᠭᠤᠳᠠᠯ ᠢ᠋ ᠪᠠᠢᠩᠭᠤᠵᠢᠭᠤᠯᠤᠨ ᠵᠢᠭ᠍ᠰᠠᠭᠠᠨ ᠪᠠᠢᠴᠠᠭᠠᠵᠤ᠂ ᠬᠦᠬᠡᠬᠣᠲᠠ ᠢ᠋ᠢᠨ ᠭᠤᠤᠯ ᠤ᠋ᠨ ᠳᠠᠷᠤᠭ᠎ᠠ ᠢ᠋ᠢᠨ ᠠᠯᠪᠠᠨ ᠬᠡᠷ ᠤ᠋ᠨ ᠬᠢᠨ ᠰᠠᠷ᠎ᠠ ᠪᠦᠷᠢ 2 ᠤᠳᠠᠭ᠎ᠠ ᠡᠴᠡ ᠳᠡᠭᠡᠭ᠌ᠰᠢ ᠪᠥᠬᠥ᠌ ᠭᠤᠤᠯ ᠤ᠋ᠨ ᠬᠡᠰᠡᠭ ᠢ᠋ ᠲᠣᠭᠣᠷᠢᠨ ᠪᠠᠢᠴᠠᠭᠠᠵᠤ ᠂ ᠵᠢᠯᠣᠭᠣᠴᠢ ᠥᠬᠡᠶ ᠨᠢᠰᠭᠡᠯ ᠢ᠋ᠢᠡᠷ ᠰᠡᠭᠦᠳᠡᠷᠯᠡᠳᠡᠭ; ᠠᠰᠠᠭᠤᠳᠠᠯ ᠤ᠋ᠨ ᠨᠠᠷᠢᠨ ᠳᠠᠡᠭᠰᠠ ᠢ᠋ᠢ ᠨᠠᠢᠷᠠᠭᠤᠯᠤᠨ ᠵᠣᠬᠢᠶᠠᠵᠤ ᠂ ᠴᠠᠭ ᠲᠤᠬᠠᠶ ᠳ᠋ᠤᠨᠢ ᠬᠤᠪᠢᠳᠠᠨ ᠭᠦᠶ᠋ᠴᠡᠳᠭᠡᠵᠦ᠍ ᠂ ᠴᠠᠭ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠵᠤ᠂ ᠴᠡᠭ᠌ᠴᠡᠯᠡᠨ ᠰᠠᠢᠵᠢᠷᠠᠭᠤᠯᠤᠭᠰᠠᠨ ᠦᠷ᠎ᠡ ᠳ᠋ᠦᠩ ᠵᠢᠡᠨ ᠴᠠᠭ ᠲᠤᠬᠠᠶ ᠳ᠋ᠤᠨᠢ ᠳᠡᠭᠡᠭ᠌ᠰᠢ ᠮᠡᠳᠡᠭᠦᠯᠵᠦ᠍ ᠂ ᠭᠤᠤᠯᠳᠠᠯᠭ᠎ᠠ ᠲᠠᠶ ᠪᠡᠷ ᠳᠠᠬᠢᠨ ᠬᠢᠨᠠᠵᠤ ᠴᠡᠭᠴᠡᠯᠡᠨ ᠰᠠᠢᠵᠢᠷᠠᠭᠤᠯᠤᠭᠰᠠᠨ ᠦᠷ᠎ᠠ ᠪᠦᠳᠦᠮᠵᠢ ᠵᠢ ᠪᠠᠳᠤᠯᠠᠳᠠᠭ ; ᠭᠤᠤᠯ ᠤ᠋ᠨ ᠳᠠᠷᠤᠭ᠎ᠠ ᠢ᠋ᠢᠨ ᠠᠯᠪᠠᠨ ᠬᠡᠷ ᠪᠠᠰᠠ ᠭᠤᠷᠪᠠᠳᠠᠬᠢ ᠡᠲᠡᠭᠡᠳ ᠤ᠋ᠨ ᠲᠤᠰᠭᠠᠶ ᠪᠠᠢᠭᠤᠯᠤᠮᠵᠢ ᠢ᠋ᠢ ᠤᠷᠢᠵᠤ ᠪᠠᠢᠩᠭᠤ ᠲᠣᠭᠣᠷᠢᠨ ᠪᠠᠢᠴᠠᠭᠠᠵᠤ ᠂《ᠳᠤᠷ᠎ᠠ ᠪᠡᠷ ᠵᠢᠡᠨ ᠡᠵᠡᠯᠡᠬᠦ᠌ ᠂ ᠳᠤᠷ᠎ᠠ ᠪᠡᠷ ᠵᠢᠡᠨ ᠮᠠᠯᠲᠠᠬᠤ ᠂ ᠳᠤᠷ᠎ᠠ ᠪᠡᠷ ᠵᠢᠡᠨ ᠣᠪᠣᠭᠠᠯᠠᠬᠤ ᠂ ᠳᠤᠷ᠎ᠠ ᠪᠡᠷ ᠵᠢᠡᠨ ᠪᠠᠢᠭᠤᠯᠬᠤ》 ᠠᠰᠠᠭᠤᠳᠠᠯ ᠢ᠋ ᠬᠥᠳᠡᠯᠦᠩᠭᠦᠶ ᠪᠡᠷ ᠰᠢᠢᠳᠪᠦᠷᠢᠯᠡᠵᠤ ᠂ ᠪᠢᠲᠡᠭᠦᠮᠵᠢᠯᠡᠭ᠌ᠰᠡᠨ ᠬᠠᠮᠢᠶᠠᠷᠤᠯᠲᠠ ᠢ᠋ᠢ ᠪᠦᠷᠢᠯᠳᠤᠭᠦᠯᠦᠭᠰᠡᠨ ᠪᠠᠢᠨ᠎ᠠ ᠃
ᠡᠬᠦᠨ ᠤ᠋ ᠬᠠᠮᠲᠤ 《ᠭᠣᠣᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ + ᠪᠠᠢᠴᠠᠭᠠᠬᠤ ᠳᠠᠷᠤᠭ᠎ᠠ》 ᠢ᠋ᠢᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ ᠢ᠋ᠢ ᠬᠡᠷᠡᠭ᠌ᠵᠢᠭᠦᠯᠵᠦ᠍ ᠂ ᠭᠣᠣᠯ ᠤ᠋ᠨ ᠳᠠᠷᠤᠭ᠎ᠠ ᠢ᠋ᠢᠨ ᠠᠯᠪᠠᠨ ᠭᠡᠷ ᠪᠣᠯᠤᠨ ᠪᠠᠢᠴᠠᠭᠠᠬᠤ ᠪᠠᠢᠭᠤᠯᠭ᠎ᠠ ᠰᠠᠨᠠᠭᠠᠴᠢᠯᠠᠭ᠎ᠠ ᠡᠴᠡ ᠪᠡᠨ ᠰᠠᠨᠠᠯ ᠵᠢᠡᠨ ᠰᠣᠯᠢᠯᠴᠠᠨ ᠢᠳᠡᠪᠬᠢᠲᠡᠢ ᠬᠠᠮᠵᠢᠯᠴᠠᠵᠤ ᠂ ᠭᠣᠣᠯ ᠮᠥᠷᠡᠨ ᠢ᠋ ᠵᠠᠰᠠᠬᠤ ᠭᠣᠣᠯ ᠮᠥᠷᠡᠨ ᠢ᠋ ᠬᠠᠮᠠᠭᠠᠯᠠᠬᠤ ᠬᠦᠴᠦᠷᠬᠡᠭ ᠶᠡᠬᠡ ᠬᠠᠮᠲᠤᠷᠠᠯ ᠬᠦᠴᠦᠨ ᠢ᠋ ᠨᠢᠭ᠍ᠲᠠᠷᠠᠭᠤᠯᠤᠭᠰᠠᠨ ᠪᠢᠯᠡ᠃ ᠪᠠᠢᠴᠠᠭᠠᠬᠤ ᠬᠣᠷᠢᠶ᠎ᠠ ᠪᠣᠯᠤᠨ ᠤᠰᠤᠨ ᠤ᠋ ᠶᠠᠪᠤᠳᠠᠯ ᠤ᠋ᠨ ᠲᠣᠪᠴᠢᠶᠠᠨ ᠤ᠋ ᠠᠵᠢᠯᠲᠠᠳ ᠬᠠᠮᠲᠤᠷᠠᠨ ᠶᠡᠬᠡ ᠲᠦᠷᠭᠡᠨ ᠭᠣᠣᠯ ᠳᠠᠭᠠᠤ ᠭᠠᠵᠠᠷ ᠵᠢᠡᠷ ᠲᠣᠭᠣᠷᠢᠨ ᠪᠠᠢᠴᠠᠭᠠᠵᠤ ᠂ ᠦᠵᠡᠰᠭᠦᠯᠡᠩᠲᠦ ᠰᠠᠢᠬᠠᠨ ᠭᠣᠣᠯ ᠢ᠋ᠢᠡᠨ ᠬᠠᠮᠲᠤ ᠪᠡᠷ ᠬᠠᠮᠠᠭᠠᠯᠠᠪᠠ᠃ ᠪᠠᠰᠠ ᠭᠤᠤᠯ ᠤ᠋ᠨ ᠴᠡᠪᠡᠷᠯᠡᠭ᠌ᠴᠢ ᠲᠤᠬᠢᠷᠠᠭᠤᠯᠵᠤ᠂ ᠭᠤᠤᠯ ᠤ᠋ᠨ ᠭᠤᠯᠲᠤᠷᠢᠯ ᠤ᠋ᠨ ᠬᠠᠮᠢᠶᠠᠷᠤᠯᠲᠠ ᠬᠠᠮᠠᠭᠠᠯᠠᠯᠲᠠ ᠢ᠋ᠢᠨ ᠠᠰᠠᠭᠤᠳᠠᠯ ᠢ᠋ ᠡᠷᠲᠡ ᠢᠯᠡᠷᠡᠭᠦᠯᠬᠦ᠌᠂ ᠡᠷᠲᠡ ᠱᠢᠶ᠋ᠳᠪᠦᠷᠢᠯᠡᠬᠦ᠌᠂ ᠨᠡᠮᠡᠭ᠌ᠳᠡᠯ ᠢ᠋ ᠬᠣᠷᠢᠭ᠍ᠯᠠᠬᠤ᠂ ᠬᠠᠳᠠᠭᠠᠯᠠᠯᠲᠠ ᠢ᠋ᠢ ᠴᠡᠪᠡᠷᠯᠡᠬᠦ᠌ ᠢ᠋ᠢ ᠠᠬᠢᠭᠤᠯᠵᠤ ᠂ ᠭᠤᠤᠯ ᠤ᠋ᠨ ᠵᠠᠮ ᠤ᠋ᠨ ᠬᠠᠮᠢᠶᠠᠷᠤᠯᠲᠠ ᠬᠠᠮᠠᠭᠠᠯᠠᠯᠲᠠ ᠢ᠋ᠢᠨ 《ᠡᠴᠦᠰ ᠤ᠋ᠨ ᠨᠢᠭᠡ ᠺᠢᠯᠣᠮᠧᠲ᠋ᠷ》 ᠤ᠋ᠨ ᠠᠰᠠᠭᠤᠳᠠᠯ ᠢ᠋ ᠱᠢᠶ᠋ᠳᠪᠦᠷᠢᠯᠡᠪᠡ᠃ ᠬᠠᠮᠢᠶ᠎ᠠ ᠪᠥᠬᠥᠶ ᠰᠠᠯᠠᠭ᠎ᠠ ᠮᠥᠴᠢᠷ ᠤ᠋ᠨ ᠠᠵᠢᠯᠲᠠᠨ ᠂ ᠭᠤᠤᠯ ᠤ᠋ᠨ ᠴᠡᠪᠡᠷᠯᠡᠭ᠌ᠴᠢ ᠂ ᠰᠠᠢᠨ ᠳᠤᠷᠠᠴᠤᠳ ᠣᠯᠠᠨ ᠤᠳᠠᠭ᠎ᠠ ᠬᠠᠮᠲᠤᠷᠠᠨ ᠭᠤᠤᠯ ᠴᠠᠭ᠍ᠳᠠᠬᠤ ᠠᠵᠢᠯᠯᠠᠭ᠎ᠠ ᠥᠷᠨᠢᠭᠦᠯᠵᠦ᠍ ᠂《ᠭᠤᠤᠯ ᠤ᠋ᠨ ᠳᠠᠷᠤᠭ᠎ᠠ ᠢ᠋ᠢᠨ ᠨᠡᠪᠲᠡᠷᠬᠡᠢ》 ᠰᠢᠯᠵᠢᠶ᠎ᠠ ᠂ ᠭᠤᠤᠯ ᠤ᠋ᠨ ᠳᠠᠷᠤᠭ᠎ᠠ ᠢ᠋ᠢᠨ ᠲᠦᠷᠢᠮ ᠤ᠋ᠨ ᠠᠵᠢᠯ ᠤ᠋ᠨ ᠵᠢᠷᠬᠢᠶ᠎ᠠ ᠢ᠋ᠢᠨ ᠴᠤᠭᠯᠠᠷᠠᠯ ᠵᠡᠷᠭᠡ ᠪᠡᠷ ᠳᠠᠮᠵᠢᠨ ᠭᠤᠤᠯ ᠤ᠋ᠨ ᠪᠠᠢᠳᠠᠯ ᠢ᠋ ᠬᠥᠳᠡᠯᠦᠩᠭᠦᠶ ᠪᠡᠷ ᠡᠵᠡᠮᠳᠡᠵᠦ᠍᠂ ᠬᠢᠨᠠᠯᠲᠠ ᠲᠠᠯᠪᠢᠵᠤ ᠤᠬᠠᠭᠤᠯᠬᠤ ᠵᠡᠷᠭᠡ ᠠᠵᠢᠯ ᠢ᠋ ᠰᠠᠢᠲᠤᠷ ᠬᠢᠵᠦ᠍᠂ ᠶᠡᠬᠡ ᠲᠦᠷᠭᠡᠨ ᠭᠤᠤᠯ ᠤ᠋ᠨ ᠤᠰᠤ ᠢ᠋ᠢ ᠨᠠᠩ ᠲᠤᠩᠭᠠᠯᠠᠭ ᠂ ᠡᠷᠭᠢ ᠢ᠋ᠢ ᠨᠠᠩ ᠨᠣᠭᠣᠭᠠᠨ ᠂ ᠦᠵᠡᠮᠵᠢ ᠢ᠋ᠢ ᠨᠠᠩ ᠭᠣᠢᠳᠠ ᠪᠤᠯᠭᠠᠭᠰᠠᠨ ᠪᠠᠢᠨ᠎ᠠ ᠃
ᠤᠳᠤ ᠶᠡᠬᠡ ᠲᠦᠷᠭᠡᠨ ᠭᠤᠤᠯ ᠳᠠᠭᠠᠤ ᠤᠷᠤᠨ ᠨᠢᠭᠡᠨᠲᠡ ᠰᠠᠭᠤᠭᠠᠯᠢ ᠠᠷᠠᠳ ᠤ᠋ᠨ ᠰᠡᠯᠡᠭᠦᠴᠡᠨ ᠵᠤᠭᠠᠴᠠᠬᠤ ᠬᠠᠯᠠᠮᠱᠢᠯ ᠭᠠᠵᠠᠷ ᠪᠣᠯᠵᠠᠶ ᠃ 《ᠶᠡᠬᠡ ᠲᠦᠷᠭᠡᠨ ᠭᠣᠣᠯ ᠤ᠋ᠨ ᠭᠤᠢᠳᠠ ᠰᠠᠢᠬᠠᠨ ᠦᠡᠭᠭᠡ ᠦᠵᠡᠮᠵᠢ ᠨᠢ ᠠᠵᠢᠯᠴᠢᠳ ᠤ᠋ᠨ ᠨᠠᠷᠢᠨ ᠨᠢᠮᠪᠠᠶ ᠠᠷᠠᠴᠢᠯᠠᠯᠳᠠ ᠬᠠᠮᠠᠭᠠᠯᠠᠯᠲᠠ ᠪᠠ ᠬᠣᠲᠠ ᠢ᠋ᠢᠨ ᠠᠷᠠᠳ ᠤ᠋ᠨ ᠪᠤᠯᠪᠠᠰᠤᠨ ᠬᠡᠪ ᠰᠤᠷᠲᠠᠯ ᠳ᠋ᠤ ᠲᠦᠰᠢᠭᠯᠡᠨ᠎ᠠ》 ᠭᠡᠵᠤ ᠬᠥᠬᠡᠬᠣᠲᠠ ᠢ᠋ᠢᠨ ᠨᠣᠭᠣᠭᠠᠷᠠᠭᠤᠯᠤᠯᠲᠠ ᠢ᠋ᠢᠨ ᠬᠣᠶᠠᠳᠤᠭᠠᠷ ᠲᠥᠪ ᠤ᠋ᠨ ᠶᠡᠬᠡ ᠲᠦᠷᠭᠡᠨ ᠭᠣᠣᠯ ᠤ᠋ᠨ ᠠᠩᠬᠢ ᠢ᠋ᠢᠨ ᠳᠠᠷᠤᠭ᠎ᠠ ᠸᠠᠩ ᠽᠠᠢ ᠱᠢᠨ ᠶᠠᠷᠢᠵᠤ ᠪᠠᠢᠯ᠎ᠠ ᠃