ᠠᠵᠤ ᠠᠬᠤᠢ ᠪᠠ ᠠᠮᠢ ᠠᠬᠤᠢ᠎ᠶ᠋ᠢᠨ ᠬᠤᠣᠰ ᠦᠷ᠎ᠡ ᠠᠰᠢᠬᠳᠦ ᠡᠷᠳᠡᠨᠢ
2022-08-02 11:00:37
ᠵᠣᠬᠢᠶᠠᠭ᠍ᠴᠢ᠄
ᠡᠣ ᠴᠢᠩ ᠱᠠᠨ ᠨᠠᠷᠡᠨᠴᠣᠭ᠍ᠳᠣ
ᠣᠩᠱᠢᠭ᠍ᠰᠠᠨ ᠣᠳᠠᠭ᠎ᠠ᠄
★★★☆☆

ᠬᠥᠬᠡ ᠲᠡᠭ᠌ᠷᠢ ᠴᠡᠯᠮᠡᠭ᠌ᠰᠢᠵᠦ᠍ ᠂ ᠡᠪᠡᠰᠦ ᠪᠡᠯᠴᠢᠭᠡᠷ ᠬᠥᠬᠡᠷᠡᠨ ᠨᠣᠭᠤᠭᠠᠷᠠᠵᠤ᠂ ᠨᠠᠢ᠍ᠮᠠᠨ ᠬᠤᠰᠢᠭᠤᠨ 4᠎ᠤ ᠭᠠᠴᠠᠭ᠎ᠠ ᠲᠣᠰᠭᠤᠨ᠎ᠤ ᠦᠵᠡᠰᠭᠦᠯᠡᠩᠲᠦ ᠰᠠᠢᠬᠠᠨ ᠦᠵᠡᠮᠵᠢ ᠬᠥᠮᠥᠰ᠎ᠤᠨ ᠰᠡᠳᠭᠢᠯ᠎ᠢ ᠰᠣᠭ᠍ᠲᠣᠭᠤᠷᠠᠭᠤᠯᠤᠨ᠎ᠠ᠃ ᠵᠢᠯᠣᠭᠤᠴᠢ ᠦᠭᠡᠢ ᠨᠢᠰᠭᠡᠯ᠎ᠤᠨ ᠠᠭᠠᠷ᠎ᠡᠴᠨ ᠰᠡᠭᠦᠳᠡᠷᠯᠡᠬᠦ᠌ ᠳᠤᠷᠠᠨᠳᠠᠭᠤᠷ᠎ᠤᠨ ᠳᠣᠣᠷ᠎ᠠ᠂ ᠨᠠᠢ᠍ᠮᠠᠨ ᠬᠤᠱᠢᠭᠤᠨ᠎ᠤ 4 ᠲᠦᠮᠡᠨ ᠮᠣ᠌ ᠭᠦᠷᠡᠩ ᠴᠠᠷᠭᠠᠰᠣ᠎ᠶ᠋ᠢᠨ ᠳᠠᠷᠢᠶᠠᠨ ᠭᠠᠵᠠᠷ᠎ᠨᠢ ᠨᠡᠡᠭ ᠭᠤᠶᠤ ᠬᠠᠷᠠᠬᠳᠠᠵᠤ᠂ ᠬᠦᠷᠡᠩ ᠥᠩᠭᠡ᠎ᠶ᠋ᠢᠨ ᠴᠡᠴᠡᠭ ᠰᠠᠯᠬᠢᠨ᠎ᠤ ᠠᠶ᠎ᠠ ᠎ᠪᠠᠷ ᠨᠠᠢᠭᠤᠨ᠎ᠠ᠃

ᠳ᠋ᠦᠡᠭ ᠮᠢᠩ ᠪᠠᠯᠭᠠᠰᠤ᠎ᠶ᠋ᠢᠨ ᠠᠳᠣᠭᠤᠨ ᠣᠰᠣ ᠭᠠᠴᠠᠭ᠎ᠠ᠎ᠶ᠋ᠢᠨ ᠲᠠᠷᠢᠶᠠᠴᠢᠨ ᠰᠢ ᠴᠢᠩ ᠱᠠᠨ ᠄ 《ᠮᠢᠨᠤ ᠳᠠᠷᠢᠭ᠍ᠰᠠᠨ ᠡᠳᠡᠭᠡᠷ ᠬᠦᠷᠡᠩ ᠴᠠᠷᠭᠠᠰᠤ ᠦᠬᠡᠷ ᠲᠡᠵᠢᠭᠡᠬᠦ᠌᠎ᠡᠴᠨ ᠭᠠᠳᠠᠨ᠎ᠠ᠂ ᠵᠢᠯ᠎ᠳᠤ ᠪᠠᠰᠠ 3 ᠲᠦᠮᠡ ᠭᠠᠷᠤᠢ ᠲᠦᠬᠦᠷᠢᠭ ᠵᠣᠭᠤᠰ᠎ᠢᠶᠠᠷ ᠬᠤᠳᠠᠯᠳᠤᠵᠤ᠂ ᠬᠦᠷᠡᠩ ᠴᠠᠷᠭᠠᠰᠤ ᠴᠢᠨᠠᠷ ᠰᠠᠢᠲᠠᠢ ᠪᠣᠯᠬᠤᠷ ᠭᠠᠳᠠᠨ᠎ᠠ ᠣᠷᠣᠨ᠎ᠤ ᠨᠡᠯᠢᠶᠡᠳ ᠣᠯᠠᠨ ᠲᠡᠵᠢᠭᠡᠨ ᠦᠷᠡᠵᠢᠭᠦᠯᠬᠦ᠌ ᠲᠠᠯᠠᠪᠠᠶ ᠨᠠᠳᠠ᠎ᠲᠠᠢ ᠤᠷᠢᠳᠴᠢᠯᠠᠨ ᠬᠠᠷᠢᠯᠴᠠᠵᠤ ᠵᠠᠬᠢᠶᠠᠯᠠᠭ᠎ᠠ᠎ᠶ᠋ᠢᠨ ᠮᠥᠩᠭᠦ᠌ ᠳᠣᠱᠢᠶᠠᠭᠰᠠᠨ》 ᠭᠡᠵᠦ᠍ ᠰᠡᠳᠭᠢᠯ ᠬᠠᠨᠤᠮᠵᠢᠲᠠᠢ ᠶᠠᠷᠢᠨ᠎ᠠ᠃

ᠠᠳᠣᠭᠤᠨ ᠣᠰᠣ ᠭᠠᠴᠠᠭ᠎ᠠ᠎ᠳᠤ ᠬᠦᠷᠬᠦ᠌᠎ᠳᠤ᠂ 5000 ᠮᠦ᠍ ᠦᠷᠭᠦᠯᠵᠢᠯᠡᠭ᠌ᠰᠡᠨ ᠬᠦᠷᠡᠩ ᠴᠠᠷᠭᠠᠰᠤ ᠎ᠶ᠋ᠢ ᠮᠠᠱᠢᠨᠴᠢᠯᠠᠯᠲᠠ ᠎ᠪᠠᠷ ᠲᠥᠪᠯᠡᠷᠡᠭᠦᠯᠦᠨ ᠬᠠᠳᠤᠵᠤ ᠬᠤᠷᠢᠶᠠᠵᠦ᠍ ᠂ ᠡᠭᠡᠭᠡᠬᠦ ᠂ ᠪᠥᠭᠡᠮᠨᠡᠷᠡᠭᠦᠯᠬᠦ ᠂ ᠪᠣᠭᠤᠵᠢᠯᠠᠬᠤ ᠵᠡᠷᠭᠡ ᠠᠵᠢᠯ᠎ᠤᠨ ᠶᠠᠪᠤᠴᠠ ᠪᠡᠷ ᠦᠬᠡᠷ᠎ᠤᠨ ᠴᠢᠨᠠᠷ ᠰᠠᠢᠳᠠᠢ ᠲᠡᠵᠢᠭᠡᠯ ᠡᠪᠡᠰᠦ ᠪᠤᠯᠭᠠᠨ ᠪᠤᠭᠤᠵᠢᠯᠠᠵᠤ ᠪᠠᠢᠪᠠ᠃ ᠡᠨᠡ ᠵᠢᠯ 58 ᠨᠠᠰᠤᠲᠠᠢ ᠰᠢ ᠴᠢᠩ ᠱᠠᠨ ᠪᠣᠯ ᠬᠦᠷᠡᠩ ᠴᠠᠷᠭᠠᠰᠤ ᠲᠠᠷᠢᠳᠠᠭ ᠲᠠᠷᠢᠮᠠᠯ᠎ᠤᠨ ᠲᠣᠮᠣ ᠡᠷᠦᠬᠡ ᠪᠠᠢᠵᠣ᠂ ᠥᠷᠯᠥᠭᠡ ᠡᠷᠲᠡ᠂ ᠲᠡᠭᠦᠨ᠎ᠤ ᠳᠠᠭᠠᠭᠠᠴᠢᠯᠠᠭ᠍ᠰᠠᠨ 160 ᠮᠦ᠍ ᠴᠠᠷᠭᠠᠰᠤ ᠨᠢ ᠦᠪᠡᠷ᠎ᠤᠨ᠎ᠢᠶᠡᠨ ᠬᠤᠷᠢᠭᠠᠳ ᠦᠬᠡᠷ᠎ᠤᠨ ᠲᠡᠵᠢᠭᠡᠯ  ᠪᠣᠯᠬᠤ᠎ᠪᠠᠷ ᠪᠠᠷᠠᠬᠤ ᠦᠭᠡᠢ ᠪᠠᠰᠠ ᠦᠯᠡᠳᠡᠭᠰᠡᠨ᠎ᠢ ᠨᠢ ᠭᠠᠳᠠᠭᠰᠢ ᠬᠤᠳᠠᠯᠳᠤᠵᠤ ᠵᠤᠭᠤᠰ ᠤᠯᠳᠠᠭ ᠠᠵᠢ᠃

《ᠲᠦᠷᠦᠭᠦᠦ ᠬᠡᠳᠦᠨ ᠵᠢᠯ᠎ᠳᠤ ᠡᠨᠡ ᠬᠡᠰᠡᠭ᠎ᠨᠢ ᠲᠠᠯ᠎ᠠ ᠭᠠᠵᠠᠷ ᠪᠠᠢᠵᠣ᠂ ᠡᠪᠡᠰᠦ ᠪᠡᠯᠴᠢᠭᠡᠷ ᠰᠦᠷᠡᠬᠡᠢ ᠮᠠᠭᠤᠳᠠᠵᠦ᠍᠂ ᠬᠡᠳᠦᠢᠪᠡᠷ ᠪᠡᠯᠴᠢᠭᠡᠷᠯᠡᠭᠦᠯᠬᠦ᠌ ᠎ᠶ᠋ᠢ ᠵᠣᠭ᠍ᠰᠣᠭᠠᠭ᠍ᠰᠠᠨ ᠪᠣᠯᠪᠠᠴᠤ᠌ ᠮᠠᠭᠤᠳᠠᠬᠤ ᠎ᠶ᠋ᠢ ᠬᠤᠷᠢᠭ᠍ᠯᠠᠵᠤ ᠴᠢᠳᠠᠭ᠍ᠰᠠᠨ ᠦᠭᠡᠢ》 ᠭᠡᠵᠦ᠍ ᠳ᠋ᠦᠡᠭ ᠮᠢᠩ ᠪᠠᠯᠭᠠᠰᠤᠨ᠎ᠤ ᠠᠳᠣᠭᠤᠨ ᠣᠰᠣ ᠭᠠᠴᠠᠭ᠎ᠠ᠎ᠶ᠋ᠢᠨ ᠨᠠᠮ᠎ᠤᠨ ᠡᠭᠦᠷ᠎ᠤᠨ ᠱᠦᠵᠢ ᠬᠠᠢ ᠮᠧᠢ ᠶᠠᠷᠢᠨ᠎ᠠ᠃ ᠠᠳᠣᠭᠤᠨ ᠣᠰᠣ ᠭᠠᠴᠠᠭ᠎ᠠ ᠨᠠᠢ᠍ᠮᠠᠨ ᠬᠤᠱᠢᠭᠤᠨ᠎ᠤ ᠵᠡᠭᠦᠨ ᠵᠠᠬ᠎ᠠ᠎ᠳᠤ ᠪᠠᠢᠷᠢᠯᠠᠵᠤ᠂ ᠡᠨᠳᠡ ᠬᠦᠨᠳᠦ ᠨᠣᠴᠢᠲᠠᠢ ᠡᠯᠡᠰᠦᠷᠬᠡᠭ᠌ᠵᠢᠵᠦ᠍᠂ ᠬᠥᠷᠥᠰᠥ᠍ ᠱᠢᠷᠣᠢ ᠲᠠᠴᠢᠷ ᠨᠢᠮᠭᠡᠨ᠂ ᠤᠷᠭᠤᠮᠠᠯ᠎ᠤᠨ ᠬᠤᠴᠢᠯᠭ᠎ᠠ ᠰᠡᠢᠷᠡᠭ ᠪᠠᠢᠵᠤ᠂ ᠠᠮᠢ ᠠᠬᠤᠢ᠎ᠶ᠋ᠢᠨ ᠣᠷᠴᠢᠨ ᠲᠣᠭᠤᠷᠢᠨ ᠲᠤᠬᠠᠢ᠎ᠶ᠋ᠢᠨ ᠭᠠᠵᠠᠷ᠎ᠤᠨ ᠬᠥᠭ᠌ᠵᠢᠯᠲᠡ᠎ᠶ᠋ᠢ ᠬᠢᠵᠠᠭᠠᠷᠯᠠᠵᠤ ᠪᠠᠢᠪᠠ᠃

ᠣᠢᠷ᠎ᠠ ᠎ᠶ᠋ᠢᠨ ᠵᠢᠯ᠎ᠳᠤ᠂ ᠠᠳᠣᠭᠤᠨ ᠣᠰᠣ ᠭᠠᠴᠠᠭ᠎ᠠ《ᠪᠡᠯᠴᠢᠭᠡᠷ᠎ᠢᠶᠠᠷ ᠮᠠᠯ᠎ᠢ ᠲᠣᠭ᠍ᠲᠠᠭᠠᠵᠤ᠂ ᠪᠡᠯᠴᠢᠭᠡᠷ᠎ᠢ ᠨᠡᠮᠡᠭ᠌ᠳᠡᠭᠦᠯᠦᠨ ᠮᠠᠯ᠎ᠢ ᠨᠡᠮᠡᠭ᠌ᠳᠡᠭᠦᠯᠬᠦ᠌ 》 ᠬᠥᠭ᠌ᠵᠢᠯᠲᠡ᠎ᠶ᠋ᠢᠨ ᠬᠡᠯᠪᠡᠷᠢ᠎ᠪᠠᠷ ᠬᠦᠷᠡᠩ ᠴᠠᠷᠭᠠᠰᠤ᠎ᠶ᠋ᠢᠨ ᠠᠵᠤ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠳᠠᠷᠢᠬᠤ ᠬᠡᠪᠴᠢᠶ᠎ᠡ᠎ᠶ᠋ᠢ ᠲᠠᠰᠤᠷᠠᠯᠲᠠ ᠦᠭᠡᠢ ᠥᠷᠭᠡᠳᠭᠡᠨ᠂ ᠠᠵᠤ ᠦᠢᠯᠡᠰ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠠᠵᠤ ᠦᠢᠯᠡᠰ᠎ᠤᠨ ᠦᠷ᠎ᠡ ᠠᠱᠢᠭ᠎ᠢ ᠴᠤ᠌ ᠢᠯᠡᠳᠲᠡ ᠳᠡᠭᠡᠭ᠌ᠰᠢᠯᠡᠭᠦᠯᠵᠦ᠍᠂ ᠨᠣᠳᠤᠭ ᠪᠡᠯᠴᠢᠭᠡᠷ ᠮᠠᠭᠤᠳᠠᠭ᠍ᠰᠠᠨ ᠠᠰᠠᠭᠤᠳᠠᠯ᠎ᠢ ᠴᠦ᠍ ᠪᠦᠲᠦᠮᠵᠢᠲᠡᠶ ᠨᠠᠮᠳᠠᠭᠤᠯᠪᠠ᠃

ᠬᠦᠷᠡᠩ ᠴᠠᠷᠭᠠᠰᠤ ᠪᠣᠯ ᠣᠯᠠᠨ ᠨᠠᠰᠤᠲᠤ ᠪᠤᠷᠴᠠᠭ᠎ᠤᠨ ᠢᠵᠠᠭᠤᠷ᠎ᠤᠨ ᠲᠡᠵᠢᠭᠡᠯ ᠡᠪᠡᠰᠦ ᠪᠠᠢᠵᠣ᠂ ᠵᠣᠬᠢᠴᠠᠬᠤ ᠴᠢᠨᠠᠷ᠎ᠢᠶᠠᠷ ᠴᠢᠩᠭ᠎ᠠ᠂ ᠭᠠᠷᠤᠯᠲᠠ ᠥᠨᠳᠥᠷ᠂ ᠴᠢᠨᠠᠷ ᠰᠠᠢᠳᠠᠢ ᠵᠡᠷᠭᠡ ᠳᠠᠪᠠᠭᠤᠯᠢᠭ᠎ᠲᠠᠢ ᠪᠣᠯᠬᠤᠷ ᠤᠤᠯ᠎ᠡᠴᠨ ᠎ᠪᠠᠨ 《ᠲᠡᠵᠢᠭᠡᠯ ᠡᠪᠡᠰᠦᠨ᠎ᠤ ᠸᠠᠩ》ᠬᠡᠮᠡᠬᠦ᠌ ᠰᠠᠢᠬᠠᠨ ᠠᠯᠳᠠᠷᠲᠠᠢ ᠪᠠᠢᠵᠣ᠂ ᠴᠠᠷᠭᠠᠰᠤ᠎ᠶ᠋ᠢᠨ ᠦᠨᠳᠦᠰᠦ᠎ᠶ᠋ᠢᠨ ᠱᠢᠰᠲ᠋ᠧᠮ᠎ᠨᠢ ᠭᠦᠨ ᠪᠣᠯᠬᠤᠷ ᠬᠥᠷᠥᠰᠥ᠍ ᠱᠢᠷᠣᠢ᠎ᠶ᠋ᠢ ᠬᠠᠮᠠᠭᠠᠯᠠᠨ᠂ ᠬᠥᠷᠥᠰᠥ᠍ ᠱᠢᠷᠣᠢ᠎ᠶ᠋ᠢ ᠰᠠᠢᠵᠢᠷᠠᠭᠤᠯᠵᠤ᠂ ᠰᠠᠯᠬᠢᠨ᠎ᠢ ᠬᠠᠯᠬᠠᠯᠠᠨ ᠡᠯᠡᠰᠦ ᠎ᠶ᠋ᠢ  ᠲᠣᠭ᠍ᠲᠠᠪᠤᠷᠢᠵᠢᠭᠤᠯᠬᠤ ᠦᠢᠯᠡᠳᠦᠯ᠎ᠲᠠᠢ ᠪᠠᠢᠳᠠᠭ᠃ ᠡᠭᠦᠨ᠎ᠤ ᠲᠤᠯᠠᠳᠠ ᠨᠠᠢ᠍ᠮᠠᠨ ᠬᠤᠱᠢᠭᠤ ᠡᠪᠡᠰᠦᠨ ᠲᠡᠵᠢᠭᠡᠯᠲᠦ ᠮᠠᠯ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠳᠠᠢᠴᠢᠯᠠᠨ ᠣᠷᠣᠯᠴᠠᠭᠤᠯᠬᠤ᠎ᠪᠠᠷ ᠳᠠᠮᠵᠢᠭᠤᠯᠤᠨ᠂ ᠬᠡᠪᠴᠢᠶᠡᠵᠢᠭᠦᠯᠦᠨ ᠳᠠᠷᠢᠬᠤ᠂ ᠮᠠᠯ ᠪᠡᠯᠴᠢᠭᠡᠷ᠎ᠢ ᠨᠢᠭᠡ ᠴᠣᠭ᠍ᠴᠠᠵᠢᠭᠤᠯᠤᠨ ᠬᠥᠭ᠌ᠵᠢᠭᠦᠯᠵᠣ᠂ ᠬᠦᠷᠡᠩ ᠴᠠᠷᠭᠠᠰᠤ᠎ᠶ᠋ᠢᠨ ᠬᠡᠪᠴᠢᠶᠡᠵᠢᠬᠦ᠂ ᠡᠷᠴᠢᠮᠵᠢᠬᠦ᠂ ᠠᠵᠤ ᠦᠢᠯᠡᠰᠵᠢᠬᠦ᠌ ᠬᠥᠭ᠌ᠵᠢᠯᠲᠡ᠎ᠶ᠋ᠢ ᠠᠬᠢᠭᠤᠯᠤᠨ᠂ ᠤᠯᠠᠮᠵᠢᠯᠠᠯᠲᠤ ᠲᠠᠷᠢᠶᠠᠯᠠᠩ᠎ᠢ ᠣᠲᠣ ᠦᠶ᠎ᠡ᠎ᠶ᠋ᠢᠨ ᠲᠠᠷᠢᠶᠠᠯᠠᠩ ᠳᠠᠢᠰᠢ ᠬᠤᠪᠢᠷᠠᠭᠤᠯᠬᠤ᠎ᠶ᠋ᠢ ᠲᠦᠷᠭᠡᠳᠭᠡᠨ᠂ ᠣᠯᠠᠨ ᠲᠦᠮᠡᠨ᠎ᠢ ᠳᠠᠢᠴᠢᠯᠠᠨ ᠪᠠᠶᠠᠵᠢᠭᠤᠯᠵᠤ᠂ ᠠᠵᠤ ᠠᠬᠤᠢ᠎ᠶ᠋ᠢᠨ ᠦᠷ᠎ᠡ ᠠᠱᠢᠭ ᠪᠠ ᠠᠮᠢ ᠠᠬᠤᠢ᠎ᠶ᠋ᠢᠨ ᠦᠷ᠎ᠡ ᠠᠱᠢᠭ ᠢ᠋ ᠨᠡᠮᠡᠭᠳᠡᠭᠦᠯᠵᠡᠢ᠃

ᠣᠳᠣᠬᠠᠨ᠎ᠳᠤ᠂ ᠨᠠᠶ᠋ᠮᠠᠨ ᠬᠤᠱᠢᠭᠤᠨ᠎ᠤ ᠬᠦᠷᠡᠩ ᠴᠠᠷᠭᠠᠰᠤ᠎ᠶ᠋ᠢᠨ ᠲᠠᠯᠠᠪᠠᠶ ᠨᠢᠭᠡᠨᠲᠡ 4 ᠲᠦᠮᠡᠨ ᠮᠦ᠍᠎ᠳᠤ ᠬᠦᠷᠴᠦ᠍᠂ ᠵᠢᠯ ᠪᠦᠷᠢ 2 — 3 ᠤᠳᠠᠭ᠎ᠠ ᠬᠠᠳᠤᠵᠤ ᠬᠤᠷᠢᠶᠠᠨ᠂ ᠵᠢᠱ᠌ᠢᠯᠲᠡ᠎ᠪᠠᠷ ᠨᠢᠭᠡᠳᠦᠭᠡᠷ ᠤᠳᠠᠭ᠎ᠠ ᠬᠠᠳᠤᠬᠤ ᠬᠦᠷᠡᠩ ᠴᠠᠷᠭᠠᠰᠤ᠎ᠶ᠋ᠢᠨ ᠬᠠᠭᠤᠷᠠᠢ ᠡᠪᠡᠰᠦᠨ᠎ᠤ ᠭᠠᠷᠤᠯᠲᠠ  ᠲᠦᠮᠡᠨ ᠲᠣᠨ ᠣᠷᠴᠢᠮ᠎ᠳᠤ ᠬᠦᠷᠬᠦ᠌ ᠪᠣᠯᠣᠨ᠎ᠠ᠃




ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号