ᠨᠡᠢᠭᠡᠮ ᠵᠢᠷᠤᠮ ᠤ᠋ᠨ ᠭᠣᠣᠯᠯᠠᠭ᠍ᠴᠢ ᠥᠷᠲᠡᠭ ᠤ᠋ᠨ ᠦᠵᠡᠯᠲᠡ ᠵᠢ ᠶᠡᠬᠡ ᠪᠡᠷ ᠦᠢᠯᠡᠳᠦᠯᠭᠡᠵᠢᠭᠦᠯᠵᠦ᠍ ᠂ ᠨᠡᠢᠭᠡᠮ ᠤ᠋ᠨ ᠪᠣᠯᠪᠠᠰᠤᠨ ᠤ᠋ ᠲᠦᠪᠱᠢᠨ ᠢ᠋ ᠳᠡᠭᠡᠭ᠌ᠰᠢᠯᠡᠭᠦᠯᠤᠨ ᠂ ᠬᠦᠬᠡᠬᠣᠲᠠ ᠶ᠋ᠢᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠤ᠋ ᠪᠣᠯᠪᠠᠰᠤᠨ ᠵᠢᠭᠤᠯᠴᠢᠯᠠᠯ ᠤ᠋ᠨ ᠦᠢᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠬᠦ᠌ ᠶ᠋ᠢᠨ ᠲᠥᠯᠥᠭᠡ ᠂ 《ᠦᠵᠡᠰᠭᠦᠯᠡᠩᠲᠦ ᠰᠠᠢᠬᠠᠨ ᠬᠥᠬᠡᠬᠣᠲᠠ ᠲᠠᠯ᠎ᠠ ᠨᠤᠲᠤᠭ ᠤ᠋ᠨ ᠬᠣᠲᠠ》 ᠪᠣᠯᠪᠠᠰᠤᠨ ᠰᠠᠢᠬᠠᠨ ᠵᠢᠡᠷ ᠬᠦᠬᠡᠬᠤᠳᠠ ᠳ᠋ᠤ ᠵᠢᠭᠤᠯᠴᠢᠯᠠᠬᠤ ᠠᠵᠢᠯᠯᠠᠭ᠎ᠠ ᠲᠦᠷᠦᠬᠦᠬᠡᠨ ᠤᠯᠠᠭᠠᠨᠬᠦᠦ᠍ ᠶ᠋ᠢᠨ ᠳᠤᠷᠠᠰᠭᠠᠯ ᠤ᠋ᠨ ᠣᠷᠳᠣᠨ ᠳ᠋ᠤ ᠡᠬᠢᠯᠡᠪᠡ ᠃
ᠠᠵᠢᠯᠯᠠᠭ᠎ᠠ ᠳ᠋ᠤ ᠂ ᠬᠥᠬᠡᠬᠣᠲᠠ ᠶ᠋ᠢᠨ ᠬᠠᠮᠢᠶ᠎ᠠ ᠪᠦᠬᠦᠢ ᠰᠠᠯᠠᠭ᠎ᠠ ᠮᠦᠴᠢᠷ ᠤ᠋ᠨ ᠬᠠᠷᠢᠭᠤᠴᠠᠯᠭᠠᠳᠠᠨ ᠡᠴᠡ ᠡᠬᠢᠯᠡᠯᠲᠡ ᠶ᠋ᠢᠨ ᠶᠣᠰᠣᠯᠠᠯ ᠤ᠋ᠨ ᠫᠠᠢᠰᠠ ᠰᠡᠬᠦᠵᠦ᠍ ᠂ ᠤᠯᠠᠭᠠᠨᠬᠦᠦ᠍ ᠶ᠋ᠢᠨ ᠳᠤᠷᠠᠰᠭᠠᠯ ᠤ᠋ᠨ ᠣᠷᠳᠣᠨ ᠤ᠋ ᠲᠠᠢᠯᠪᠤᠷᠢᠯᠠᠭ᠍ᠴᠢ ᠪᠦᠬᠦ᠌ ᠬᠤᠳᠠ ᠶ᠋ᠢᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠤ᠋ ᠠᠵᠢᠯᠳᠠᠨ ᠠᠵᠢᠯᠴᠢᠨ ᠢ᠋ ᠲᠥᠯᠥᠭᠡᠯᠡᠨ ᠰᠠᠨᠠᠭᠠᠴᠢᠯᠠᠭ᠎ᠠ ᠶ᠋ᠢᠨ ᠪᠢᠴᠢᠭ ᠤᠩᠱᠢᠵᠤ ᠂ ᠤᠯᠠᠭᠠᠨᠮᠥ᠋ᠴᠢᠷ ᠤ᠋ᠨ ᠲᠤᠭᠯᠠᠭᠴᠢᠳ ᠪᠦᠬᠦ᠌ ᠤᠯᠤᠰ ᠤ᠋ᠨ ᠪᠣᠯᠪᠠᠰᠤᠨ ᠬᠤᠳᠠ ᠶ᠋ᠢ ᠡᠭᠦᠳᠦᠨ ᠪᠠᠢᠭᠤᠯᠬᠤ ᠭᠣᠣᠯ ᠰᠡᠳᠦᠪᠲᠦ ᠤᠤᠭᠠᠯ ᠡᠭᠦᠳᠦᠯᠲᠡ ᠶ᠋ᠢᠨ ᠤᠷᠠᠨ ᠰᠠᠢᠬᠠᠨ ᠤ᠋ ᠲᠣᠭ᠍ᠯᠠᠯᠲᠠ ᠭᠠᠷᠭᠠᠵᠠᠢ᠃
ᠤᠢᠯᠠᠭᠠᠭᠰᠠᠨ ᠵᠢᠡᠷ ᠂ ᠬᠦᠬᠡᠬᠣᠲᠠ ᠪᠤᠯᠪᠠᠰᠤᠨ ᠰᠠᠢᠬᠠᠨ ᠵᠢᠡᠷ ᠬᠦᠬᠡᠬᠤᠳᠠ ᠳ᠋ᠤ ᠵᠢᠭᠤᠯᠴᠢᠯᠠᠬᠤ ᠠᠵᠢᠯᠯᠠᠭ᠎ᠠ ᠵᠢ ᠰᠠᠢᠳᠤᠷ ᠡᠷᠬᠢᠯᠡᠬᠦ ᠶ᠋ᠢᠨ ᠬᠠᠮᠳᠦ ᠡᠬᠦᠨ ᠢ᠋ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠤ᠋ᠨ ᠵᠢᠡᠨ ᠣᠷᠳᠣ ᠬᠤᠭᠤᠴᠠᠭᠠᠨ ᠤ᠋ ᠪᠦᠲᠦᠮᠵᠢᠲᠡᠶ ᠲᠣᠭ᠍ᠲᠠᠴᠠᠪᠣᠯᠭᠠᠬᠤᠶ᠋ᠢ ᠠᠬᠢᠭᠤᠯᠵᠤ ᠂ ᠪᠣᠯᠪᠠᠰᠤᠨ ᠵᠢᠭᠤᠯᠴᠢᠯᠠᠯ ᠤ᠋ᠨ ᠠᠵᠢᠯ ᠢ᠋ ᠦᠵᠡᠮᠵᠢ ᠶ᠋ᠢᠨ ᠣᠷᠣᠨ ᠤ᠋ ᠡᠳᠦᠷ ᠲᠤᠲᠤᠮ ᠤ᠋ᠨ ᠠᠵᠢᠯ ᠪᠠ ᠬᠢᠨᠠᠯᠲᠠ ᠬᠠᠮᠢᠶᠠᠷᠤᠯᠲᠠ ᠳ᠋ᠤ ᠠᠭᠤᠰᠭᠠᠨ ᠣᠷᠣᠭᠤᠯᠤᠨ᠎ᠠ᠃ ᠪᠣᠯᠪᠠᠰᠤᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠢ᠋ ᠡᠭᠦᠳᠦᠨ ᠪᠠᠢᠭᠤᠯᠬᠤ ᠪᠣᠯ ᠡᠴᠦᠰ ᠤ᠋ᠨ ᠬᠠᠷᠠᠯᠳᠠ ᠪᠢᠰᠢ ᠂ ᠬᠠᠷᠢᠨ ᠦᠶ᠋ᠯᠡᠴᠢᠯᠡᠭᠡ ᠶ᠋ᠢ ᠦᠷᠭᠦᠯᠵᠢᠯᠡᠨ ᠲᠡᠭᠦᠯᠳᠡᠷᠵᠢᠭᠦᠯᠬᠦ᠌ ᠶ᠋ᠢᠨ ᠡᠬᠢᠯᠡᠯᠲᠡ ᠮᠥᠨ᠃ ᠬᠦᠬᠡᠬᠣᠲᠠ ᠶ᠋ᠢᠨ ᠡᠯ᠎ᠠ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠤ᠋ ᠬᠢᠨ ᠪᠣᠯᠪᠠᠰᠤᠨ ᠦᠵᠡᠮᠵᠢ ᠶ᠋ᠢᠨ ᠣᠷᠣᠨ ᠂ ᠪᠣᠯᠪᠠᠰᠤᠨ ᠵᠢᠭᠤᠯᠴᠢᠯᠠᠯ ᠤ᠋ᠨ ᠤᠬᠠᠭᠤᠯᠭ᠎ᠠ ᠪᠠ ᠴᠠᠭ ᠦᠶ᠎ᠡ ᠶ᠋ᠢᠨ ᠱᠢᠨ᠎ᠡ ᠬᠡᠪ ᠰᠤᠷᠲᠠᠯ ᠢ᠋ ᠪᠠᠳᠠᠷᠠᠭᠤᠯᠬᠤ ᠳᠤᠮᠳᠠ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ ᠂ ᠵᠢᠭᠤᠯᠴᠢᠯᠠᠯ ᠤ᠋ᠨ ᠦᠢᠯᠡᠴᠢᠯᠡᠬᠡᠨ ᠤ᠋ ᠠᠵᠢᠯ ᠡᠷᠭᠢᠯᠡᠭ᠌ᠰᠡᠳ ᠤ᠋ᠨ ᠬᠡᠪ ᠪᠤᠯᠪᠠᠰᠤᠷᠠᠯ ᠪᠠ ᠬᠢᠷᠢ ᠲᠦᠪᠱᠢᠨ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠤᠨ᠂ ᠪᠣᠯᠪᠠᠰᠤᠨ ᠵᠢᠭᠤᠯᠴᠢᠯᠠᠯ ᠤ᠋ᠨ ᠠᠵᠢᠯᠯᠠᠭ᠎ᠠ ᠶ᠋ᠢ ᠨᠢᠭᠡ ᠵᠦᠶ᠋ᠯ ᠤ᠋ᠨ ᠬᠡᠪ ᠤ᠋ᠨ ᠪᠠᠢᠳᠠᠯ ᠪᠣᠯᠭᠠᠨ ᠴᠤᠭᠴᠠᠯᠠᠵᠤ ᠂ ᠬᠥᠬᠡᠬᠣᠲᠠ ᠶ᠋ᠢᠨ A ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠪᠦᠬᠦᠨ 《ᠪᠣᠯᠪᠠᠰᠤᠨ ᠤ᠋ ᠱᠢᠯᠭᠠᠯᠲᠠ》 ᠳ᠋ᠤ ᠪᠦᠷᠢᠨ ᠬᠤᠪᠢ ᠵᠢᠨ ᠬᠠᠭᠤᠳᠠᠰᠤ ᠲᠤᠰᠢᠶᠠᠬᠤ ᠵᠢ ᠪᠡᠶᠡᠯᠡᠬᠦᠯᠬᠦ ᠪᠡᠷ ᠪᠤᠢ ᠃