ᠴᠢᠳᠠᠪᠤᠷᠢᠲᠠᠨ᠎ᠢ ᠤᠷᠢᠵᠤ ᠴᠢᠳᠠᠪᠤᠷᠢᠲᠠᠨ᠎ᠢ ᠦᠯᠡᠳᠡᠭᠡᠬᠦ᠌ 《ᠬᠤᠲᠤᠭᠤᠷ ᠭᠠᠵᠠᠷ》 ᠢ᠋ ᠪᠠᠢᠭᠤᠯᠵᠤ᠂ ᠴᠢᠳᠠᠪᠤᠷᠢᠲᠠᠨ᠎ᠢ ᠬᠥᠮᠦᠵᠢᠭᠦᠯᠬᠦ᠌ ᠴᠢᠳᠠᠪᠤᠷᠢᠲᠠᠨ᠎ᠢ ᠬᠡᠷᠡᠭ᠌ᠯᠡᠬᠦ᠌ 《ᠥᠨᠳᠥᠷᠯᠢᠭ ᠭᠠᠵᠠᠷ》 ᠢ᠋ ᠪᠦᠳᠦᠭᠡᠨ ᠪᠠᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠪᠥᠬᠥ᠌ ᠣᠷᠣᠨ᠎ᠤ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ ᠪᠣᠯᠤᠨ《ᠨᠢᠭᠡ ᠲᠥᠪ ᠣᠯᠠᠨ ᠴᠡᠭ》 ᠤ᠋ᠨ ᠴᠢᠳᠠᠪᠤᠷᠢᠲᠠᠨ᠎ᠤ ᠠᠵᠢᠯ᠎ᠤᠨ ᠪᠠᠢᠷᠢᠱᠢᠯ᠎ᠤᠨ ᠲᠣᠭᠣᠷᠢᠨ᠎ᠳᠤ᠂ ᠪᠥᠬᠥ᠌ ᠣᠷᠣᠨ᠎ᠤ ᠥᠷᠭᠡᠨ ᠣᠯᠠᠨ ᠵᠠᠯᠠᠭᠤᠴᠤᠳ ᠪᠠᠭᠠᠴᠤᠳ᠎ᠤᠨ ᠳᠤᠮᠳᠠ 《ᠥᠪᠥᠷ ᠮᠣᠩᠭᠣᠯ᠎ᠢᠶᠠᠨ ᠬᠠᠢᠷᠠᠯᠠᠵᠤ᠂ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠤᠨ᠎ᠠ — ᠪᠢ ᠤᠮᠠᠷᠠᠲᠤ ᠬᠢᠯᠢ ᠳ᠋ᠤ ᠬᠡᠷᠡᠯ ᠭᠢᠯᠪᠠᠭ᠎ᠠ ᠨᠡᠮᠡᠷᠢᠯᠡᠨ᠎ᠡ》 ᠭᠡᠬᠦ᠌ ᠭᠤᠤᠯ ᠰᠡᠳᠦᠪᠲᠦ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠥᠷᠭᠡᠨ ᠭᠦᠨᠵᠡᠭᠡᠶ ᠥᠷᠨᠢᠭᠦᠯᠵᠦ᠍᠂ ᠵᠠᠯᠠᠭᠤ ᠴᠢᠳᠠᠪᠤᠷᠢᠲᠠᠨ᠎ᠢ ᠤᠷᠢᠨ ᠠᠪᠴᠢᠷᠠᠬᠤ᠂ ᠬᠥᠮᠦᠵᠢᠭᠦᠯᠬᠦ᠌ ᠪᠠ ᠦᠶ᠋ᠯᠡᠴᠢᠯᠡᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠢᠨᠨ ᠡᠷᠭᠦᠪᠡ᠃
ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠲᠠᠪᠴᠠᠩ᠎ᠢ ᠪᠠᠢᠭᠤᠯᠵᠤ ᠴᠢᠳᠠᠪᠤᠷᠢᠲᠠᠨ᠎ᠢ ᠲᠠᠲᠠᠬᠤ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ
ᠵᠠᠯᠠᠭᠤᠴᠤᠳ᠎ᠤᠨ ᠦᠵᠡᠯ ᠰᠠᠨᠠᠭ᠎ᠠ᠎ᠵᠢ ᠬᠦᠳᠦᠯᠥᠨ ᠳᠠᠭᠠᠭᠤᠯᠬᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠂ ᠢᠨᠠᠭᠯᠠᠬᠤ ᠨᠠᠢᠵᠠᠯᠠᠬᠤ᠂ ᠠᠵᠢᠯ ᠤᠯᠭᠤᠬᠤ ᠪᠠ ᠱᠢᠨ᠎ᠡ᠎ᠶ᠋ᠢ ᠡᠭᠦᠳᠴᠦ ᠦᠢᠯᠡᠰ ᠪᠤᠰᠭᠠᠬᠤ᠂ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠂ ᠨᠡᠢᠭᠡᠮ᠎ᠦᠨ ᠪᠠᠲᠤᠯᠠᠭ᠎ᠠ ᠵᠡᠷᠭᠡ ᠬᠦᠷᠢᠶ᠎ᠡ ᠴᠠᠷᠠᠭᠠᠨ᠎ᠦ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠠᠯᠢ ᠤᠯᠠᠨ ᠰᠠᠢ᠌ᠨ ᠲᠦᠷᠦ᠍᠎ᠶ᠋ᠢᠨ ᠪᠤᠳᠤᠯᠭ᠎ᠠ᠂ ᠰᠠᠢ᠌ᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠵᠠᠯᠠᠭᠤ ᠴᠢᠳᠠᠪᠤᠷᠢᠲᠠᠨ᠎ᠤ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠱᠢᠯᠢᠳᠡᠭ ᠠᠵᠤ ᠠᠬᠤᠢᠯᠠᠯ᠎ᠢ ᠵᠣᠬᠢᠶᠠᠨ ᠪᠠᠢᠭᠤᠯᠬᠤ᠎ᠪᠠᠷ ᠳᠡᠮᠵᠢᠨ ᠣᠷᠣᠨ᠎ᠤ ᠭᠠᠳᠠᠨᠠᠬᠢ ᠶᠡᠬᠡ ᠳᠡᠭᠡᠳᠦ ᠰᠤᠷᠭᠠᠭᠤᠯᠢ᠎ᠳᠤ ᠪᠠᠢᠩᠭᠤ ᠬᠦᠷᠴᠦ ᠂ ᠥᠪᠥᠷ ᠮᠣᠩᠭᠣᠯ ᠨᠤᠲᠤᠭ᠎ᠲᠠᠶ ᠱᠢᠯᠢᠳᠡᠭ ᠴᠢᠳᠠᠪᠤᠷᠢᠲᠠᠨ᠎ᠳᠤ ᠴᠢᠭᠯᠡᠬᠦᠯᠦᠭᠰᠡᠨ ᠠᠵᠢᠯ᠎ᠤᠨ ᠪᠠᠢᠷᠢ᠎ᠶ᠋ᠢᠨ ᠮᠡᠳᠡᠭᠡ ᠵᠠᠩᠭᠢ᠂ ᠠᠵᠢᠯᠲᠠᠨ ᠡᠯᠰᠡᠬᠦ᠌ ᠲᠤᠰᠬᠠᠢ ᠲᠠᠯᠠᠪᠠᠢ ᠬᠤᠷᠠᠯ᠂ ᠳᠤᠮᠳᠠᠳᠤ ᠤᠯᠤᠰ᠎ᠤᠨ ᠵᠠᠯᠠᠭᠤ ᠠᠵᠤ ᠠᠬᠤᠢᠯᠠᠯᠲᠠᠳ᠎ᠤᠨ ᠨᠡᠢᠭᠡᠮᠯᠢᠭ᠎ᠦᠨ ᠥᠪᠥᠷ ᠮᠣᠩᠭᠣᠯ᠎ᠳ᠋ᠡᠬᠢ ᠱᠢᠨᠵᠢᠯᠡᠨ ᠪᠠᠢᠴᠠᠭᠠᠵᠤ ᠰᠣᠯᠢᠯᠴᠠᠭ᠎ᠠ ᠬᠢᠬᠦ ᠱᠢᠷᠢᠰ ᠠᠵᠢᠯᠯᠠᠭ᠎ᠠ᠂ ᠳᠤᠮᠳᠠᠳᠤ ᠮᠣᠩᠭᠣᠯ᠎ᠤᠨ ᠬᠥᠷᠰᠢ ᠵᠡᠷᠭᠡᠯᠡᠳᠡᠭᠡ ᠭᠠᠵᠠᠷ ᠣᠷᠣᠨ᠎ᠤ ᠵᠠᠯᠠᠭᠤ ᠠᠵᠤ ᠠᠬᠤᠢᠯᠠᠯᠲᠠᠳ᠎ᠤᠨ ᠺᠯᠦᠪ᠎ᠦᠨ ᠠᠵᠤ ᠠᠬᠤᠶ ᠠᠷᠠᠯᠵᠢᠶᠠᠨ᠎ᠤ ᠱᠢᠨᠵᠢᠯᠡᠨ ᠪᠠᠢᠴᠠᠭᠠᠬᠤ ᠠᠵᠢᠯᠯᠠᠭ᠎ᠠ ᠵᠡᠷᠭᠡ᠎ᠶ᠋ᠢ ᠴᠠᠭ ᠲᠤᠬᠠᠶ᠎ᠳᠤᠨᠢ ᠨᠡᠢᠲᠡᠯᠡᠵᠦ᠍᠂ ᠣᠷᠣᠨ᠎ᠤ ᠳᠣᠲᠣᠨ᠎ᠠ ᠭᠠᠳᠠᠨᠠᠬᠢ ᠱᠢᠯᠢᠳᠡᠭ ᠵᠠᠯᠠᠭᠤ ᠴᠢᠳᠠᠪᠤᠷᠢᠲᠠᠨ᠂ ᠭᠠᠳᠠᠭᠠᠳᠤ᠎ᠳᠤ ᠰᠤᠷᠤᠯᠴᠠᠭ᠍ᠰᠠᠳᠢ ᠥᠷᠭᠡᠨ᠎ᠢᠶᠡᠷ ᠲᠠᠲᠠᠵᠤ ᠥᠪᠥᠷ ᠮᠣᠩᠭᠣᠯ᠎ᠳᠤ ᠪᠠᠯᠠ ᠣᠷᠣᠭᠤᠯᠤᠨ ᠦᠶ᠋ᠯᠡᠰ ᠪᠤᠰᠬᠠᠬᠤ ᠵᠢ ᠠᠬᠢᠭᠤᠯᠪᠠ᠃
ᠱᠢᠨ᠎ᠡ᠎ᠶ᠋ᠢ ᠡᠭᠦᠳᠦᠨ ᠪᠣᠢᠵᠢᠭᠤᠯᠬᠤ ᠲᠠᠪᠴᠠᠩ᠎ᠢ ᠪᠠᠢᠭᠤᠯᠵᠤ ᠴᠢᠳᠠᠪᠤᠷᠢᠲᠠᠨ᠎ᠢ ᠬᠥᠮᠦᠵᠢᠭᠦᠯᠬᠦ᠌ ᠳ᠋ᠤ ᠬᠥᠳᠡᠯᠭᠡᠬᠦ᠌ ᠬᠦᠴᠦᠨ ᠨᠡᠮᠡᠷᠢᠯᠡᠨ᠎ᠡ
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ 《ᠵᠠᠯᠠᠭᠤ ᠮᠠᠷᠺᠰ᠎ᠤᠨ ᠦᠵᠡᠯᠳᠡ᠎ᠨᠢ ᠬᠥᠮᠦᠵᠢᠭᠦᠯᠬᠦ᠌ ᠢᠨᠵᠧᠨᠧᠷᠢᠩ》 ᠢ᠋ ᠦᠷᠭᠦᠯᠵᠢᠯᠡᠨ ᠭᠦᠨᠵᠡᠭᠡᠢ ᠠᠬᠢᠭᠤᠯᠵᠤ᠂ ᠭᠣᠣᠯᠯᠠᠭ᠍ᠴᠢ ᠰᠤᠷᠤᠬ᠍ᠴᠢ᠎ᠶ᠋ᠢ ᠬᠥᠮᠦᠵᠢᠭᠦᠯᠪᠡ; ᠡᠯᠧᠺᠲ᠋ᠷᠣᠨ ᠬᠤᠳᠠᠯᠳᠤᠭᠠᠨ᠎ᠤ ᠵᠢᠵᠢᠭ᠌ᠯᠡᠨ ᠬᠤᠳᠠᠯᠳᠤᠬᠤ ᠱᠢᠨ᠎ᠡ ᠮᠡᠷᠭᠡᠵᠢᠯ ᠴᠢᠳᠠᠪᠤᠷᠢ᠎ᠶ᠋ᠢᠨ ᠲᠣᠭᠣᠷᠢᠨ᠎ᠳᠤ ᠲᠠᠷᠢᠶᠠᠯᠠᠩ ᠮᠠᠯ ᠠᠵᠤ ᠠᠬᠤᠶ᠎ᠶ᠋ᠢᠨ ᠣᠳᠣᠬᠢᠴᠢᠯᠠᠭ᠍ᠰᠠᠨ ᠵᠠᠯᠠᠭᠤ ᠴᠢᠳᠠᠪᠤᠷᠢᠲᠠᠨ᠎ᠤ ᠱᠢᠨ᠎ᠡ᠎ᠶ᠋ᠢ ᠡᠭᠦᠳᠦᠨ ᠦᠢᠯᠡᠰ ᠪᠤᠰᠬᠠᠬᠤ ᠪᠤᠯᠪᠠᠰᠤᠷᠠᠯ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ 《ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠦᠢᠯᠡᠰ ᠪᠤᠰᠭᠠᠬᠤ》 ᠵᠢᠷᠭᠤᠭ᠎ᠠ᠎ᠶ᠋ᠢ ᠨᠢᠭᠡ ᠴᠤᠬ᠍ᠴᠠᠵᠢᠭᠤᠯᠤᠬ᠍ᠰᠠᠨ ᠦᠢᠯᠡᠴᠢᠯᠡᠭᠡᠨ᠎ᠦ ᠱᠢᠰᠲ᠋ᠧᠮ᠎ᠢ ᠪᠠᠢᠭᠤᠯᠵᠤ᠂ ᠪᠦᠬᠦ᠌ ᠤᠯᠤᠰ᠎ᠲᠤ ᠮᠤᠵᠢ᠎ᠶ᠋ᠢᠨ ᠲᠡᠰ᠎ᠤᠨ ᠵᠠᠯᠠᠭᠤᠴᠤᠳ᠎ᠤᠨ ᠦᠢᠯᠡᠰ ᠪᠤᠰᠭᠠᠬᠤ ᠬᠣᠯᠪᠣᠭ᠎ᠠ ᠪᠣᠯᠤᠨ ᠵᠠᠯᠠᠭᠤᠴᠤᠳ᠎ᠤᠨ ᠦᠢᠯᠡᠰ ᠪᠤᠰᠭᠠᠬᠤ ᠪᠡᠯᠡ ᠣᠷᠣᠭᠤᠯᠤᠭ᠍ᠴᠢ᠎ᠶ᠋ᠢᠨ ᠺᠯᠦᠪ᠎ᠢ ᠲᠦᠷᠦᠭᠦᠯᠡᠨ ᠪᠠᠢᠭᠤᠯᠵᠤ᠂ ᠪᠦᠬᠦ᠌ ᠣᠷᠣᠨ᠎ᠳᠤ ᠠᠩᠬᠠᠳᠠᠭ᠍ᠴᠢ 《ᠥᠪᠥᠷ ᠮᠣᠩᠭᠣᠯ·ᠲᠠᠢᠸᠠᠨ᠎ᠤ ᠵᠠᠯᠠᠭᠤᠴᠤᠳ᠎ᠤᠨ ᠠᠵᠢᠯ ᠣᠯᠭᠤᠵᠤ ᠦᠢᠯᠡᠰ ᠪᠤᠰᠭᠠᠬᠤ ᠰᠠᠭᠤᠷᠢᠨ》 ᠢ᠋ ᠪᠠᠢᠭᠤᠯᠪᠠ᠃ ᠡᠭᠦᠨ᠎ᠦ ᠬᠠᠮᠲᠤ᠂ 《ᠵᠠᠯᠠᠭᠤ ᠨᠠᠰᠤᠨ᠎ᠤ ᠡᠭᠦᠳᠦᠯᠲᠡ》 ᠂ 《ᠥᠷᠢᠰᠥᠯᠳᠦᠭᠡᠨ ᠬᠤᠨᠳᠠᠭᠠᠲᠤ》 ᠂ 《ᠬᠥᠭ᠌ᠵᠢᠯ ᠮᠠᠨᠳᠤᠯ ᠬᠤᠨᠳᠠᠭᠠᠲᠤ》 ᠵᠡᠷᠭᠡ ᠠᠵᠢᠯ ᠲᠥᠷᠥᠯ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠢ ᠵᠣᠬᠢᠶᠠᠨ ᠪᠠᠢᠭᠤᠯᠤᠨ ᠡᠷᠬᠢᠯᠡᠵᠦ᠂ ᠵᠠᠯᠠᠭᠤ ᠤᠷ᠎ᠠ ᠴᠢᠳᠠᠪᠤᠷᠢ᠎ᠲᠠᠶ ᠴᠢᠳᠠᠪᠤᠷᠢᠲᠠᠨ᠎ᠢ ᠲᠠᠰᠤᠷᠠᠯᠲᠠ ᠥᠬᠡᠶ ᠬᠥᠮᠦᠵᠢᠭᠦᠯᠦᠨ ᠱᠢᠯᠢᠨ ᠳᠡᠪᠱᠢᠭᠦᠯᠪᠡ᠃ ᠱᠢᠨ᠎ᠡ᠎ᠪᠡᠷ ᠮᠠᠨᠳᠤᠭ᠍ᠰᠠᠨ ᠬᠦᠷᠢᠶ᠎ᠡ ᠴᠠᠷᠠᠭᠠᠨ᠎ᠳᠡᠬᠢ ᠵᠠᠯᠠᠭᠤ ᠴᠢᠳᠠᠪᠤᠷᠢᠲᠠᠨ᠎ᠤ 《ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠲᠥᠯᠥᠪᠯᠡᠭᠡ》 ᠵᠡᠷᠭᠡ ᠵᠢ ᠭᠦᠨᠵᠡᠭᠡᠢ ᠬᠡᠷᠡᠭ᠌ᠵᠢᠭᠦᠯᠵᠦ᠂ ᠪᠣᠢᠵᠢᠭᠤᠯᠬᠤ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠣᠳᠣᠬᠠᠨ ᠪᠣᠯᠲᠠᠯ᠎ᠠ᠂ ᠪᠣᠯᠪᠠᠰᠤᠷᠠᠯ᠎ᠤᠨ ᠠᠩᠬᠢ᠎ᠶ᠋ᠢ ᠨᠡᠢ᠌ᠳᠡ 20 ᠬᠤᠭᠤᠴᠠᠭ᠎ᠠ ᠡᠷᠬᠢᠯᠡᠵᠦ᠍᠂ 1800 ᠭᠠᠷᠤᠢ ᠬᠥᠮᠦᠨ ᠤᠳᠠᠭ᠎ᠠ ᠪᠣᠯᠪᠠᠰᠤᠷᠠᠭᠤᠯᠪᠠ᠃
ᠠᠵᠢᠯ ᠬᠢᠵᠦ᠍ ᠦᠶ᠋ᠯᠡᠰ ᠪᠤᠰᠭᠠᠬᠤ ᠲᠠᠪᠴᠠᠩ᠎ᠢ ᠪᠠᠢᠭᠤᠯᠵᠤ ᠴᠢᠳᠠᠪᠤᠷᠢᠲᠠᠨ᠎ᠢ ᠬᠡᠷᠡᠭ᠌ᠯᠡᠬᠦ᠌ ᠬᠦᠴᠦᠨ᠎ᠵᠢᠡᠨ ᠴᠢᠩᠭᠠᠳᠬᠠᠨ᠎ᠠ
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ《ᠱᠢᠯᠢᠳᠡᠭ᠎ᠢ᠎ᠨᠢ ᠲᠠᠨᠢᠯᠴᠠᠭᠤᠯᠵᠤ ᠨᠠᠮ᠎ᠳᠤ ᠡᠯᠰᠡᠬᠦ》 ᠲᠦᠷᠢᠮ᠎ᠦᠨ ᠨᠠᠢᠳᠠᠪᠤᠷᠢᠵᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠵᠠᠯᠠᠭᠤ ᠴᠢᠳᠠᠪᠤᠷᠢᠲᠠᠨ᠎ᠢ ᠤᠯᠤᠰ ᠲᠥᠷᠥ᠎ᠪᠡᠷ ᠱᠢᠩᠭᠡᠭᠡᠨ ᠠᠪᠬᠤ᠎ᠶ᠋ᠢ ᠴᠢᠩᠭᠠᠳᠭᠠᠨ᠂ ᠱᠢᠯᠢᠳᠡᠭ ᠵᠠᠯᠠᠭᠤ ᠴᠢᠳᠠᠪᠤᠷᠢᠲᠠᠨ᠎ᠢ ᠢᠳᠡᠪᠬᠢᠲᠡᠶ ᠲᠠᠨᠢᠯᠴᠠᠭᠤᠯᠤᠨ ᠨᠠᠮ᠎ᠳᠤ ᠡᠯᠰᠡᠬᠦ᠌ ᠡᠲᠡᠭᠡᠳ ᠪᠣᠯᠭᠠᠵᠤ᠂ ᠱᠢᠯᠢᠳᠡᠭ ᠵᠠᠯᠠᠭᠤ ᠴᠢᠳᠠᠪᠤᠷᠢᠲᠠᠨ᠎ᠢ ᠡᠯ᠎ᠡ ᠱᠠᠲᠤᠨ᠎ᠤ ᠨᠠᠮ᠎ᠤᠨ ᠲᠥᠯᠥᠭᠡᠯᠡᠭ᠌ᠴᠢᠳ᠎ᠦᠨ ᠬᠤᠷᠠᠯ᠎ᠤᠨ ᠲᠥᠯᠥᠭᠡᠯᠡᠭ᠌ᠴᠢ᠂ ᠠᠷᠠᠳ᠎ᠦᠨ ᠲᠦᠯᠦᠭᠡᠯᠡᠭᠴᠢᠳ᠎ᠦᠨ ᠶᠡᠭᠡ ᠬᠤᠷᠠᠯ᠎ᠦᠨ ᠲᠦᠯᠦᠭᠡᠯᠡᠭᠴᠢ᠂ ᠤᠯᠤᠰ ᠲᠦᠷᠦ ᠵᠢᠨ ᠵᠦᠪᠯᠡᠯᠭᠡᠨ᠎ᠤ ᠬᠡᠰᠢᠬᠦᠨ ᠵᠡᠷᠭᠡ ᠵᠢᠱ᠌ᠢᠭᠳᠡᠭᠴᠢ᠎ᠪᠡᠷ ᠲᠠᠨᠢᠯᠴᠠᠭᠤᠯᠵᠤ᠂ ᠵᠠᠯᠠᠭᠤ ᠴᠢᠳᠠᠪᠤᠷᠢᠳᠠᠨ᠎ᠢ ᠪᠦᠬᠦ ᠤᠷᠤᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠤᠮᠳᠠ ᠵᠤᠷᠢᠭᠳᠠᠢ ᠪᠡᠷ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠵᠢ ᠤᠷᠮᠠᠰᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ 《ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳ᠋ᠤ ᠵᠠᠯᠠᠭᠤ ᠨᠠᠰᠤᠨ᠎ᠤ ᠭᠠᠪᠢᠶ᠎ᠠ ᠪᠠᠢᠭᠤᠯᠬᠤ》 ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠩᠬᠠᠳᠤᠭᠠᠷ ᠬᠤᠭᠤᠴᠠᠭᠠᠨ᠎ᠤ 《ᠪᠥᠬᠥ᠌ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠯᠠᠭᠤᠴᠤᠳ᠎ᠤᠨ ᠬᠣᠱᠢᠭᠤᠴᠢ》 ᠶ᠋ᠢ ᠱᠢᠯᠭᠠᠷᠠᠭᠤᠯᠬᠤ ᠳᠤᠮᠳᠠ᠂ ᠪᠥᠬᠥ᠌ ᠣᠷᠣᠨ᠎ᠤ 8 ᠬᠥᠮᠦᠨ 《ᠪᠥᠬᠥ᠌ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠯᠠᠭᠤᠴᠤᠳ᠎ᠤᠨ ᠬᠣᠱᠢᠭᠤᠴᠢ》 ᠶ᠋ᠢᠨ ᠢᠷᠠᠭᠤ ᠠᠯᠳᠠᠷ᠎ᠢ ᠭᠥᠷᠳᠡᠪᠡ᠃ ᠣᠢᠷ᠎ᠠ᠎ᠶ᠋ᠢᠨ ᠵᠢᠯ᠎ᠦᠳ᠎ᠲᠦ 《ᠭᠤᠷᠪᠠ᠎ᠶ᠋ᠢ ᠬᠥᠳᠡᠭᠡ ᠪᠠᠭᠤᠯᠭᠠᠬᠤ》 ᠂ 《ᠨᠤᠲᠤᠭ᠎ᠲᠠᠭᠠᠨ ᠪᠤᠴᠠᠬᠤ》 ᠨᠡᠢᠭᠡᠮ᠎ᠦᠨ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠤ᠂ 2021 ᠣᠨ᠎ᠳᠤ 30 ᠭᠠᠷᠤᠶ ᠲᠦᠮᠡᠨ ᠡᠪᠯᠡᠯ᠎ᠦᠨ ᠭᠡᠱᠢᠭᠦᠨ ᠰᠣᠷᠣᠭ᠍ᠴᠢᠳ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠬᠦᠷᠴᠦ᠍ ᠠᠪᠢᠶᠠᠰ ᠴᠢᠳᠠᠪᠤᠷᠢ᠎ᠪᠠᠨ ᠪᠠᠳᠠᠷᠠᠭᠤᠯᠤᠭ᠍ᠰᠠᠨ ᠪᠠᠢᠨ᠎ᠠ᠃
ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠲᠠᠪᠴᠠᠩ᠎ᠢ ᠪᠠᠢᠭᠤᠯᠵᠤ ᠴᠢᠳᠠᠪᠤᠷᠢᠲᠠᠨ᠎ᠢ ᠦᠯᠡᠳᠡᠭᠡᠬᠦ᠌ ᠬᠠᠮᠲᠤᠷᠠᠯ ᠬᠦᠴᠦᠨ᠎ᠢ ᠨᠢᠭ᠍ᠲᠠᠷᠠᠭᠤᠯᠤᠨ᠎ᠠ
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠵᠠᠯᠠᠭᠤᠴᠤᠳ᠎ᠤᠨ ᠠᠵᠢᠯ᠎ᠤᠨ ᠬᠠᠮᠲᠤᠷᠠᠭ᠍ᠰᠠᠨ ᠬᠤᠷᠠᠯ᠎ᠤᠨ ᠲᠣᠭ᠍ᠲᠠᠴᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠯᠠᠭᠤ ᠴᠢᠳᠠᠪᠤᠷᠢᠲᠠᠨ᠎ᠤ ᠣᠷᠣᠨ ᠰᠠᠭᠤᠴᠠ ᠡᠮᠴᠢᠯᠡᠭᠡ᠂ ᠦᠷ᠎ᠡ ᠬᠡᠦᠬᠡᠳ᠎ᠤᠨ ᠰᠤᠷᠭᠠᠭᠤᠯᠢ᠎ᠳᠤ ᠣᠷᠣᠬᠤ᠂ ᠮᠡᠷᠭᠡᠵᠢᠯ᠎ᠦᠨ ᠴᠣᠯᠠ ᠤᠯᠭᠤᠬᠤ ᠤᠷᠢᠬᠤ ᠵᠡᠷᠭᠡ ᠪᠣᠳᠠᠲᠠᠢ ᠠᠰᠠᠭᠤᠳᠠᠯ᠎ᠢ ᠬᠠᠪᠰᠤᠷᠤᠨ ᠱᠢᠢᠳᠪᠦᠷᠢᠯᠡᠵᠦ᠍᠂ ᠰᠠᠢ᠌ᠨ ᠲᠦᠷᠦ᠍᠎ᠶ᠋ᠢᠨ ᠪᠤᠳᠤᠯᠭ᠎ᠠ᠎ᠶ᠋ᠢ ᠵᠠᠯᠠᠭᠤᠴᠤᠳ᠎ᠤᠨ ᠳᠡᠷᠭᠡᠳᠡ ᠬᠦᠷᠭᠡᠵᠦ᠍᠂ ᠵᠠᠯᠠᠭᠤ ᠴᠢᠳᠠᠪᠤᠷᠢᠲᠠᠨ᠎ᠤ ᠦᠢᠯᠡᠴᠢᠯᠡᠭᠡ ᠪᠠᠲᠤᠯᠠᠭ᠎ᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠵᠠᠯᠠᠭᠤᠴᠤᠳ᠎ᠤᠨ ᠵᠤᠯ ᠵᠢᠷᠭᠠᠯ᠎ᠤᠨ ᠲᠦᠷᠦᠭ᠌ᠳᠡᠯ᠎ᠢ ᠳᠡᠭᠡᠭ᠌ᠰᠢᠯᠡᠭᠦᠯᠪᠠ᠃ ᠣᠢᠷ᠎ᠠ᠎ᠶ᠋ᠢᠨ ᠵᠢᠯ᠎ᠦᠳ᠎ᠲᠦ ᠥᠪᠥᠷ ᠮᠣᠩᠭᠣᠯ᠎ᠤᠨ ᠵᠠᠯᠠᠭᠤᠴᠤᠳ᠎ᠤᠨ ᠦᠶ᠋ᠯᠡᠰ ᠪᠤᠰᠬᠠᠵᠤ ᠠᠵᠢᠯ ᠣᠯᠭᠣᠬᠤ ᠰᠠᠭᠤᠷᠢ ᠮᠥᠩᠭᠥᠨ᠎ᠦ ᠨᠡᠢᠭᠡᠮᠯᠢᠭ ᠪᠣᠯᠤᠨ ᠳᠤᠮᠳᠠᠳᠤ ᠤᠯᠤᠰ᠎ᠤᠨ ᠱᠢᠤᠳᠠᠨ ᠬᠠᠳᠠᠭᠠᠯᠠᠮᠵᠢ᠎ᠶ᠋ᠢᠨ ᠪᠠᠩᠬᠢ᠎ᠶ᠋ᠢᠨ ᠥᠪᠥᠷ ᠮᠣᠩᠭᠣᠯ᠎ᠤᠨ ᠬᠤᠪᠢᠶᠠᠷᠢ ᠪᠠᠩᠬᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶ᠋ᠢᠨ ᠥᠪᠥᠷ ᠮᠣᠩᠭᠣᠯ᠎ᠤᠨ ᠬᠤᠪᠢᠶᠠᠷᠢ ᠪᠠᠩᠬᠢ ᠵᠡᠷᠭᠡ ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠲᠠᠢ ᠬᠠᠮᠲᠤᠷᠠᠯᠴᠠᠵᠤ᠂ 《ᠵᠠᠯᠠᠭᠤᠴᠤᠳ᠎ᠤᠨ ᠦᠶ᠋ᠯᠡᠰ ᠪᠤᠰᠬᠠᠬᠤ ᠵᠢᠭᠡᠯᠡᠯᠭᠡ》 ᠂ 《ᠮᠥᠩᠭᠥᠨ ᠭᠦᠶ᠋ᠯᠭᠡᠭᠡᠨ᠎ᠢᠶᠡᠷ ᠵᠠᠯᠠᠭᠤᠴᠤᠳ᠎ᠤᠨ ᠦᠶ᠋ᠯᠡᠰ ᠪᠤᠰᠬᠠᠬᠤ᠎ᠶ᠋ᠢ ᠳᠡᠮᠵᠢᠬᠦ᠌ ᠠᠵᠢᠯᠯᠠᠭᠠᠨ᠎ᠤ ᠲᠥᠯᠥᠪᠯᠡᠭᠡ》 ᠵᠡᠷᠭᠡ ᠲᠥᠷᠥᠯ ᠵᠦᠶ᠋ᠯ᠎ᠢ ᠬᠡᠷᠡᠭ᠌ᠵᠢᠭᠦᠯᠪᠡ᠃
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠦᠷᠭᠦᠯᠵᠢᠯᠡᠨ 《ᠲᠠᠲᠠᠬᠤ᠂ ᠬᠥᠮᠦᠵᠢᠭᠦᠯᠬᠦ᠌᠂ ᠬᠡᠷᠡᠭ᠌ᠯᠡᠬᠦ᠌᠂ ᠦᠯᠡᠳᠡᠭᠡᠬᠦ᠌》 ᠳᠡᠭᠡᠷ᠎ᠡ ᠬᠦᠴᠦ᠍ ᠲᠠᠯᠪᠢᠵᠤ᠂ ᠪᠥᠬᠥ᠌ ᠣᠷᠣᠨ᠎ᠤ ᠴᠢᠳᠠᠪᠤᠷᠢᠲᠠᠨ᠎ᠤ ᠠᠵᠢᠯ᠎ᠢ ᠰᠠᠢᠲᠤᠷ ᠬᠢᠬᠦ᠌᠎ᠳᠦ ᠬᠦᠴᠦᠨ ᠨᠡᠮᠡᠷᠢᠯᠡᠨ᠎ᠡ᠃ 《ᠵᠠᠯᠠᠭᠤ ᠴᠢᠳᠠᠪᠤᠷᠢᠲᠠᠨ᠎ᠢ ᠨᠢᠭ᠍ᠲᠠᠷᠠᠭᠤᠯᠬᠤ ᠠᠵᠢᠯᠯᠠᠭ᠎ᠠ》 ᠶ᠋ᠢ ᠬᠡᠷᠡᠭ᠌ᠵᠢᠭᠦᠯᠵᠦ᠍᠂ ᠵᠠᠯᠠᠭᠤ ᠴᠢᠳᠠᠪᠤᠷᠢᠲᠠᠨ᠎ᠢ ᠦᠵᠡᠯ ᠰᠠᠨᠠᠭᠠᠨ᠎ᠤ ᠲᠠᠯ᠎ᠠ ᠪᠡᠷ ᠬᠥᠲᠥᠯᠥᠨ ᠳᠠᠭᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠥᠪᠥᠷ ᠮᠣᠩᠭᠣᠯ᠎ᠤᠨ ᠳᠠᠪᠠᠭᠤᠯᠢᠭ ᠣᠨᠴᠠᠯᠢᠭ᠂ ᠬᠥᠭ᠌ᠵᠢᠯᠲᠡ᠎ᠶ᠋ᠢᠨ ᠠᠯᠤᠰ ᠢᠷᠡᠭᠡᠳᠦᠶ᠂ ᠴᠢᠳᠠᠪᠤᠷᠢᠲᠠᠨ᠎ᠤ ᠲᠥᠷᠥ᠎ᠶ᠋ᠢᠨ ᠪᠣᠳᠣᠯᠭ᠎ᠠ ᠵᠡᠷᠭᠡ ᠱᠢᠷᠢᠰ ᠠᠵᠢᠯᠯᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠭᠦᠨᠵᠡᠭᠡᠶ ᠥᠷᠨᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠱᠢᠨ᠎ᠡ᠎ᠪᠡᠷ ᠮᠠᠨᠳᠤᠭ᠍ᠰᠠᠨ ᠬᠦᠷᠢᠶ᠎ᠡ ᠵᠡᠷᠭᠡ ᠳ᠋ᠤ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠵᠠᠯᠠᠭᠤ ᠴᠢᠳᠠᠪᠤᠷᠢᠲᠠᠨ᠎ᠤ ᠬᠠᠷᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠪᠠᠢ᠌ᠩᠭᠤᠵᠢᠭ᠍ᠰᠠᠨ᠂ ᠤᠨᠤᠴᠠᠳᠠᠢ ᠦᠶ᠋ᠯᠡᠴᠢᠯᠡᠭᠡ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠬᠣᠯᠪᠣᠭ᠎ᠠ᠂ ᠵᠠᠯᠠᠭᠤᠴᠤᠳ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠳᠠᠪᠠᠭᠤᠯᠢᠭ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠣᠷᠣᠨ᠎ᠤ ᠳᠣᠲᠣᠷᠠᠬᠢ ᠭᠤᠤᠯᠳᠠᠯᠭ᠎ᠠ᠎ᠲᠠᠶ ᠠᠵᠤ ᠠᠬᠤᠢᠯᠠᠯ᠂ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠬᠠᠩᠭᠠᠯᠭ᠎ᠠ᠎ᠶ᠋ᠢ ᠬᠣᠯᠪᠣᠵᠤ᠂ 《ᠬᠤᠨ ᠡᠭᠦᠷᠲᠡᠬᠡᠨ ᠪᠤᠴᠠᠬᠤ᠂ ᠪᠡᠶ᠎ᠡ ᠵᠢ ᠨᠢ ᠬᠡᠮᠵᠢᠵᠦ᠍ ᠬᠤᠪᠴᠠᠰᠤ ᠡᠰᠭᠡᠬᠦ᠌᠂ ᠪᠥᠬᠥ᠌ ᠶᠠᠪᠤᠴᠠ᠎ᠳᠤ ᠦᠶ᠋ᠯᠡᠴᠢᠯᠡᠬᠦ᠌》 ᠬᠠᠮᠲᠤᠷᠠᠨ ᠬᠥᠮᠦᠵᠢᠭᠦᠯᠬᠦ᠌ ᠦᠶ᠋ᠯᠡᠴᠢᠯᠡᠭᠡᠨ᠎ᠦ ᠬᠡᠯᠬᠢᠶ᠎ᠡ᠎ᠶ᠋ᠢ ᠪᠣᠶ ᠪᠣᠯᠭᠠᠨ᠎ᠠ᠃
(ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠡᠬᠡ ᠪᠢᠴᠢᠭ ᠬᠠᠩᠭᠠᠪᠠ)