ᠮᠠᠨ᠎ᠤ ᠤᠷᠤᠨ ᠦᠢᠷ᠎ᠠ᠎ᠶᠢᠨ ᠵᠢᠯ᠎ᠳᠦ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠠᠬᠢᠭᠤᠯᠵᠤ ᠂ ᠡᠷᠡᠭᠦᠯ ᠡᠩᠬᠡ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠳᠤ ᠪᠠᠳᠦ ᠪᠡᠬᠢ ᠰᠠᠭᠤᠷᠢ᠎ᠵᠢ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠬᠡᠷ 2021᠎ᠤᠨ᠎ᠤ 12 ᠰᠠᠷ᠎ᠠ᠎ᠳᠦ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍ ᠂ 《ᠲᠥᠯᠥᠪᠵᠢᠭᠦᠯᠭᠡ 》 ᠶ᠋ᠢ ᠨᠡᠢᠲᠡᠯᠡᠭ᠌ᠰᠡᠨ ᠠᠬᠤᠶ ᠪᠠᠢᠳᠠᠯ ᠂ ᠭᠤᠤᠯ ᠠᠭᠤᠯᠭ᠎ᠠ ᠵᠡᠷᠭᠡ᠎ᠶ᠋ᠢ ᠲᠠᠨᠢᠯᠴᠠᠭᠤᠯᠪᠠ᠃
ᠤᠢᠯᠠᠭᠠᠭᠰᠠᠨ᠎ᠶ᠋ᠢᠡᠷ᠂ 《 ᠲᠥᠯᠥᠪᠵᠢᠭᠦᠯᠭᠡ 》 ᠶ᠋ᠢ ᠣᠲᠣ ᠨᠢᠭᠡᠨᠲᠡ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠪᠡ᠃ ᠨᠡᠢᠲᠡ 4 ᠪᠦᠯᠦᠭ 17 ᠬᠡᠰᠡᠭ ᠬᠤᠪᠢᠶᠠᠵᠤ ᠂ 25 ᠵᠦᠶ᠋ᠯ᠎ᠦᠨ ᠲᠥᠯᠥᠭᠡᠯᠡᠬᠦ᠌ ᠴᠢᠨᠠᠷᠲᠠᠶ ᠬᠥᠭ᠌ᠵᠢᠯᠲᠡ᠎ᠶ᠋ᠢᠨ ᠭᠤᠤᠯ ᠭᠦᠶ᠋ᠴᠡᠳᠭᠡᠯ ᠲᠣᠭ᠎ᠠ᠎ᠶ᠋ᠢ ᠲᠣᠭ᠍ᠲᠠᠭᠠᠵᠤ ᠂ ᠪᠡᠶ᠎ᠡ᠎ᠶ᠋ᠢᠨ ᠲᠠᠮᠢᠷ᠎ᠤᠨ ᠰᠠᠭᠤᠷᠢ ᠲᠥᠬᠥᠭᠡᠷᠦᠮᠵᠢ᠎ᠶ᠋ᠢ ᠲᠠᠰ ᠳᠡᠪᠱᠢᠭᠦᠯᠬᠦ᠌ ᠂ ᠱᠢᠨᠵᠢᠯᠡᠬᠦ᠌ ᠤᠬᠠᠭᠠᠨᠴᠢ ᠪᠣᠯᠪᠠᠰᠤᠷᠠᠯ᠎ᠤᠨ ᠪᠠᠲᠤᠯᠠᠭ᠎ᠠ ᠬᠠᠩᠭᠠᠬᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢ ᠠᠬᠢᠭᠤᠯᠬᠤ ᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠵᠡᠷᠭᠡ ᠳᠥᠷᠪᠡᠨ ᠶᠡᠬᠡ ᠢᠨᠵᠧᠨᠧᠷᠢᠩ᠎ᠢ ᠳᠤᠷᠠᠳᠤᠨ ᠭᠠᠷᠭᠠᠵᠠᠶ᠃ 《ᠲᠥᠯᠥᠪᠵᠢᠭᠦᠯᠭᠡ》 ᠳ᠋ᠤ ᠪᠠᠰᠠ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠳᠣᠷᠬᠠᠢᠯᠠᠵᠤ ᠂ 2025 ᠣᠨ ᠪᠣᠯᠬᠤ᠎ᠳᠤ ᠂ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢ ᠪᠥᠬᠥ᠌ ᠤᠯᠤᠰ᠎ᠤᠨ ᠳᠤᠮᠳᠠ ᠵᠡᠷᠭᠡ᠎ᠶ᠋ᠢᠨ ᠬᠢᠷᠢ ᠲᠦᠪᠱᠢᠨ᠎ᠳᠦ ᠬᠦᠷᠭᠡᠵᠦ᠍ ᠂ ᠠᠷᠠᠳ ᠣᠯᠠᠨ᠎ᠤ ᠪᠡᠶ᠎ᠡ᠎ᠶ᠋ᠢᠨ ᠲᠠᠮᠢᠷ᠎ᠲᠤ ᠣᠷᠣᠯᠴᠠᠬᠤ ᠵᠣᠯ ᠵᠢᠷᠭᠠᠯᠲᠤ ᠲᠥᠷᠥᠭ᠌ᠳᠡᠯ᠎ᠢ ᠢᠯᠡᠳᠲᠡ ᠳᠡᠭᠡᠭ᠌ᠰᠢᠯᠡᠭᠦᠯᠵᠦ᠍ ᠂ ᠪᠡᠶ᠎ᠡ᠎ᠶ᠋ᠢᠨ ᠲᠠᠮᠢᠷ᠎ᠤᠨ ᠭᠤᠤᠯᠯᠠᠬᠤ ᠥᠷᠢᠰᠦᠯᠳᠦᠬᠦ᠌ ᠬᠦᠴᠦᠨ ᠂ ᠨᠡᠢᠭᠡᠮ᠎ᠦᠨ ᠨᠥᠯᠥᠭᠡᠯᠡᠬᠦ᠌ ᠬᠦᠴᠦᠨ᠎ᠢ ᠢᠯᠡᠳᠲᠡ ᠴᠢᠩᠭᠠᠷᠠᠭᠤᠯᠤᠨ᠎ᠠ; ᠠᠷᠠᠳ ᠣᠯᠠᠨ᠎ᠤ ᠪᠡᠶ᠎ᠡ᠎ᠶ᠋ᠢᠨ ᠲᠠᠮᠢᠷ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠨᠡᠩ ᠳᠥᠭᠥᠮ ᠪᠣᠯᠭᠠᠵᠤ ᠂ ᠪᠡᠶ᠎ᠡ ᠴᠢᠭᠢᠷᠠᠭ᠍ᠵᠢᠭᠤᠯᠬᠤ ᠬᠠᠯᠠᠭᠤᠨ ᠰᠡᠳᠭᠢᠯᠭᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ ᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠳᠤ ᠣᠷᠣᠯᠴᠠᠬᠤ ᠬᠥᠮᠦᠨ᠎ᠦ ᠲᠣᠭ᠎ᠠ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍ ᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠪᠠᠢᠩᠭᠤ ᠣᠷᠣᠯᠴᠠᠬᠤ ᠬᠥᠮᠦᠨ᠎ᠦ ᠲᠣᠭ᠎ᠠ᠎ᠶ᠋ᠢᠨ ᠬᠠᠷᠢᠴᠠᠯ᠎ᠢ 38.5 %᠎ᠳᠦ ᠬᠦᠷᠦᠭᠦᠯᠦᠨ ᠂ ᠮᠢᠩᠭᠠᠨ ᠬᠥᠮᠦᠨ ᠪᠦᠷᠢᠳᠦ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠣᠳᠣᠭ᠍ᠴᠢ 2.5 ᠨᠡᠷᠡᠰ ᠪᠠᠢᠵᠤ ᠂ ᠬᠥᠮᠦᠨ ᠪᠦᠷᠢ᠎ᠶ᠋ᠢᠨ ᠳᠤᠮᠳᠠᠴᠢ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠶ᠋ᠢ 2.6 ᠲᠡᠭ᠌ᠰᠢ ᠳᠥᠷᠪᠡᠯᠵᠢᠨ ᠮᠧᠲᠷ᠎ᠲᠦ ᠬᠦᠷᠦᠭᠦᠯᠵᠦ᠍ ᠂ ᠤᠯᠤᠰ ᠠᠷᠠᠳ᠎ᠤᠨ ᠪᠡᠶ᠎ᠡ ᠮᠠᠬᠠᠪᠣᠳ᠎ᠤᠨ ᠬᠢᠨᠠᠨ ᠬᠡᠮᠵᠢᠯᠳᠡ ᠶ᠋ᠢᠨ ᠬᠢᠷᠢ ᠲᠡᠩᠴᠡᠭ᠌ᠰᠡᠨ ᠨᠣᠷᠮ᠎ᠠ᠎ᠶ᠋ᠢ 90% ᠳ᠋ᠤ ᠬᠦᠷᠦᠭᠦᠯᠦᠨ᠎ᠡ;ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠠᠵᠢᠯ᠎ᠢ ᠨᠠᠢᠳᠠᠪᠤᠷᠢᠵᠢᠭᠤᠯᠤᠨ᠎ᠠ ᠭᠡᠪᠡ᠃
ᠮᠠᠨ᠎ᠤ ᠤᠷᠤᠨ 2022 ᠣᠨ᠎ᠤ ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠠᠵᠢᠯ᠎ᠢ ᠪᠥᠬᠥ᠌ ᠲᠠᠯ᠎ᠠ᠎ᠪᠠᠷ ᠡᠬᠢᠯᠡᠬᠦᠯᠦᠨ ᠪᠥᠬᠥ᠌ ᠠᠷᠠᠳ᠎ᠤᠨ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ ᠬᠢᠭᠡᠳ ᠪᠥᠬᠥ᠌ ᠠᠷᠠᠳ᠎ᠤᠨ ᠡᠷᠡᠭᠦᠯ ᠴᠢᠭᠢᠷᠠᠭ᠎ᠢ ᠠᠭᠤᠰᠤᠯᠴᠠᠭᠤᠯᠤᠨ ᠬᠥᠭ᠌ᠵᠢᠭᠦᠯᠬᠦ᠌᠎ᠳᠦ ᠬᠦᠴᠦᠨ ᠨᠡᠮᠡᠷᠢᠯᠡᠨ᠎ᠡ ᠃ ᠡᠭᠦᠨ᠎ᠳᠦ ᠦᠬᠠᠶ ᠬᠣᠲᠠ《ᠪᠥᠬᠥ᠌ ᠠᠷᠠᠳ᠎ᠤᠨ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ ᠲᠥᠯᠥᠪᠯᠡᠭᠡ(2020 ᠊᠊᠊᠊ 2025 ᠣᠨ)》 ᠶ᠋ᠢ ᠪᠥᠬᠥ᠌ ᠲᠠᠯ᠎ᠠ᠎ᠪᠠᠷ ᠳᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠦᠬᠠᠶ ᠬᠣᠲᠠ᠎ᠶ᠋ᠢᠨ ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠱᠢᠰᠲ᠋ᠧᠮ ᠪᠣᠯᠤᠨ ᠳ᠋ᠠᠢᠲ᠋ᠠ ᠬᠥᠮᠥᠷᠭᠡ᠎ᠶ᠋ᠢ ᠭᠦᠶ᠋ᠴᠡᠳ ᠲᠡᠭᠦᠯᠳᠡᠷᠵᠢᠭᠦᠯᠵᠦ᠍ ᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ᠎ᠶ᠋ᠢ ᠵᠢᠯᠣᠭᠣᠳᠭᠤ ᠬᠢᠷᠢ ᠬᠡᠮᠵᠢᠶ᠎ᠡ ᠪᠣᠯᠤᠨ ᠪᠥᠬᠥ᠌ ᠠᠷᠠᠳ᠎ᠤᠨ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠵᠦ᠍ ᠂ ᠥᠷᠭᠡᠨ ᠣᠯᠠᠨ ᠠᠷᠠᠳ ᠲᠦᠮᠡᠨ᠎ᠦ ᠪᠡᠶ᠎ᠡ ᠮᠠᠬᠠᠪᠣᠳ᠎ᠤᠨ ᠬᠡᠪ ᠴᠢᠨᠠᠷ᠎ᠢ ᠳᠡᠭᠡᠭᠰᠢᠯᠡᠬᠦᠯᠬᠦ᠎ᠵᠢ ᠠᠬᠢᠭᠤᠯᠤᠨ᠎ᠠ᠃ 8 ᠰᠠᠷ᠎ᠠ᠎ᠶ᠋ᠢᠨ 22 ᠤᠨ ᠡᠳᠦᠷ ᠦᠬᠠᠶ ᠬᠣᠲᠠ᠎ᠶ᠋ᠢᠨ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠠᠵᠢᠯ᠎ᠢ ᠪᠥᠬᠥ᠌ ᠲᠠᠯ᠎ᠠ᠎ᠪᠠᠷ ᠡᠬᠢᠯᠡᠭᠦᠯᠦᠭ᠌ᠰᠡᠨ ᠪᠥᠭᠡᠳ ᠦᠬᠠᠢ ᠬᠤᠲᠠ᠎ᠶ᠋ᠢᠨ ᠭᠤᠷᠪᠠᠨ ᠲᠣᠭᠣᠷᠢᠭ᠎ᠤᠨ ᠠᠵᠢᠯᠲᠠᠨ᠎ᠳᠤ ᠱᠢᠰᠲ᠋ᠧᠮ᠎ᠲᠡᠶ ᠪᠤᠯᠪᠠᠰᠤᠷᠠᠯ ᠬᠢᠵᠦ᠍ ᠂ ᠠᠵᠢᠯᠯᠠᠭ᠎ᠠ᠎ᠶ᠋ᠢᠨ ᠤᠷᠤᠭ᠍ᠰᠢᠲᠠᠶ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠪᠠ᠃ ᠲᠣᠰ ᠤᠳᠠᠭᠠᠨ᠎ᠤ ᠤᠯᠤᠰ ᠠᠷᠠᠳ᠎ᠤᠨ ᠪᠡᠶ᠎ᠡ ᠮᠠᠬᠠᠪᠣᠳ᠎ᠤᠨ ᠬᠢᠨᠠᠨ ᠬᠡᠮᠵᠢᠯᠲᠡ᠎ᠶ᠋ᠢ ᠲᠣᠭ᠍ᠲᠠᠭ᠍ᠰᠠᠨ ᠭᠠᠵᠠᠷ᠎ᠲᠤ ᠥᠯᠢᠭᠡᠷ ᠠᠪᠬᠤ ᠠᠷᠭ᠎ᠠ᠎ᠪᠠᠷ ᠶᠠᠪᠤᠭ᠍ᠳᠠᠭᠤᠯᠪᠠ ᠂ ᠪᠡᠶ᠎ᠡ ᠮᠠᠬᠠᠪᠣᠳ᠎ᠤᠨ ᠬᠢᠨᠠᠨ ᠬᠡᠮᠵᠢᠬᠦ᠌ ᠡᠲᠡᠭᠡᠳ᠎ᠢ ᠬᠡᠦᠬᠡᠳ ᠂ ᠨᠠᠰᠤᠨ᠎ᠳᠤ ᠭᠦᠷᠦᠭ᠌ᠰᠡᠳ ᠪᠠ ᠨᠠᠰᠤᠲᠠᠢᠴᠤᠳ ᠭᠡᠵᠦ᠍ ᠭᠤᠷᠪᠠᠨ ᠪᠦᠯᠦᠭ ᠬᠤᠪᠢᠶᠠᠪᠠ᠃ 2400 ᠭᠠᠷᠤᠶ ᠬᠤᠪᠢ ᠥᠯᠢᠭᠡᠷ ᠠᠪᠴᠤ᠌ ᠂ ᠪᠡᠶ᠎ᠡ᠎ᠶ᠋ᠢᠨ ᠥᠨᠳᠥᠷ᠂ ᠪᠡᠶ᠎ᠡ᠎ᠶ᠋ᠢᠨ ᠬᠦᠨᠳᠦ ᠂ ᠠᠭᠤᠰᠭᠢᠨ᠎ᠤ ᠪᠠᠭ᠍ᠲᠠᠭᠠᠮᠵᠢ ᠵᠡᠷᠭᠡ ᠣᠯᠠᠨ ᠵᠦᠶ᠋ᠯ᠎ᠦᠨ ᠬᠢᠨᠠᠨ ᠬᠡᠮᠵᠢᠬᠦ᠌ ᠲᠥᠷᠥᠯ ᠵᠦᠶ᠋ᠯ᠎ᠢ ᠪᠠᠭ᠍ᠲᠠᠭᠠᠵᠤ ᠂ ᠠᠳᠠᠯᠢ ᠪᠤᠰᠤ ᠨᠠᠰᠤᠨ᠎ᠤ ᠬᠥᠮᠦᠰ᠎ᠦᠨ ᠪᠡᠶ᠎ᠡ᠎ᠶ᠋ᠢᠨ ᠬᠡᠯᠪᠡᠷᠢ ᠪᠠᠢᠳᠠᠯ ᠂ ᠠᠵᠢᠯᠯᠠᠭᠠᠨ᠎ᠤ ᠴᠢᠳᠠᠪᠤᠷᠢ᠎ᠶ᠋ᠢᠨ ᠲᠡᠩᠴᠡᠭᠦᠷᠢ ᠂ ᠤᠶᠠᠨ ᠬᠠᠲᠠᠨ ᠵᠡᠷᠭᠡ ᠪᠡᠶ᠎ᠡ ᠮᠠᠬᠠᠪᠣᠳ᠎ᠤᠨ ᠪᠠᠢᠳᠠᠯ᠎ᠢ ᠨᠠᠩ ᠱᠢᠭᠤᠳ ᠣᠢᠯᠠᠭᠠᠵᠤ ᠂ ᠥᠪᠡᠷ᠎ᠦᠨ ᠪᠡᠶ᠎ᠡ ᠮᠠᠬᠠᠪᠣᠳ᠎ᠢ ᠨᠥᠯᠥᠭᠡᠯᠡᠬᠦ᠌ ᠡᠯ᠎ᠡ ᠵᠦᠶ᠋ᠯ᠎ᠦᠨ ᠡᠯᠸᠮᠸᠨ᠋ᠲ᠎ᠢ ᠵᠠᠳᠠᠯᠤᠨ ᠱᠢᠨᠵᠢᠯᠡᠵᠦ᠍ ᠂ ᠡᠭᠦᠨ᠎ᠦ ᠤᠯᠠᠮ᠎ᠠᠴᠠ ᠱᠢᠨᠵᠢᠯᠡᠬᠦ᠌ ᠤᠬᠠᠭᠠᠨᠴᠢ᠎ᠪᠠᠷ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠣᠷᠣᠯᠴᠠᠵᠤ ᠂ ᠱᠢᠨᠵᠢᠯᠡᠬᠦ᠌ ᠤᠬᠠᠭᠠᠨᠴᠢ᠎ᠪᠠᠷ ᠡᠷᠡᠭᠦᠯ ᠮᠡᠨᠳᠦ᠍᠎ᠶ᠋ᠢᠨ ᠬᠠᠮᠢᠶᠠᠷᠤᠯᠲᠠ ᠬᠢᠬᠦ᠎ᠳᠦ ᠦᠨᠳᠦᠰᠦᠯᠡᠯ ᠬᠠᠨᠭᠭᠠᠪᠠ᠃ 《ᠲᠤᠰ ᠤᠳᠠᠭᠠᠨ᠎ᠤ ᠤᠯᠤᠰ ᠠᠷᠠᠳ ᠦᠨ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠠᠵᠢᠯᠯᠠᠭ᠎ᠠ᠎ᠶ᠋ᠢ ᠥᠷᠨᠢᠭᠦᠯᠦᠭᠰᠡᠨ ᠨᠢ ᠤᠯᠠᠨ ᠲᠦᠮᠡᠨ᠎ᠤ ᠪᠡᠶᠡᠴᠢᠬᠢᠷᠠᠭᠵᠢᠭᠤᠯᠬᠤᠳᠦ ᠱᠢᠨᠵᠢᠯᠡᠬᠦ᠌ ᠤᠬᠠᠭᠠᠨᠴᠢ ᠬᠢᠨᠠᠨ ᠲᠣᠭ᠍ᠲᠠᠭᠠᠯᠲᠠ ᠬᠢᠵᠦ᠂ ᠤᠯᠠᠨ ᠲᠦᠮᠡᠨ᠎ᠤ ᠪᠡᠶ᠎ᠡ ᠮᠠᠬᠠᠪᠣᠳ᠎ᠤᠨ ᠣᠳᠣᠬᠢ ᠪᠠᠢᠳᠠᠯ ᠪᠠ ᠬᠤᠪᠢᠷᠠᠯᠲᠠ᠎ᠶ᠋ᠢᠨ ᠵᠢᠮ᠎ᠡ ᠶᠣᠰᠣ᠎ᠶ᠋ᠢ ᠴᠠᠭ ᠲᠤᠬᠠᠶ᠎ᠳᠤᠨᠢ ᠡᠵᠡᠮᠱᠢᠬᠦ᠎ᠳᠦ ᠲᠦᠭᠦᠮ ᠪᠤᠯᠭᠠᠵᠠᠢ》ᠭᠡᠵᠦ ᠬᠤᠲᠠ᠎ᠶᠢᠨ ᠠᠷᠠᠳ ᠵᠠᠨᠭ᠌ ᠴᠢᠶᠠᠨᠭ᠌ ᠶᠠᠷᠢᠨ᠎ᠠ᠃
ᠣᠢᠷ᠎ᠠ᠎ᠶ᠋ᠢᠨ ᠵᠢᠯ᠎ᠦᠨ ᠲᠤᠷᠰᠢ ᠂ ᠲᠦᠩᠯᠢᠶᠣᠤ ᠬᠣᠲᠠ ᠪᠥᠬᠥ᠌ ᠠᠷᠠᠳ᠎ᠤᠨ ᠡᠷᠡᠭᠦᠯ ᠮᠡᠨᠳᠦ ᠪᠡᠶ᠎ᠡ᠎ᠶ᠋ᠢᠨ ᠲᠠᠮᠢᠷ ᠡᠮᠴᠢᠯᠡᠭᠡᠨ᠎ᠦ ᠠᠭᠤᠰᠤᠯᠴᠠᠯ᠎ᠤᠨ ᠦᠶ᠋ᠯᠡᠳᠦᠯᠭᠡ᠎ᠶ᠋ᠢᠨ ᠰᠠᠭᠤᠷᠢᠨ᠂ ᠪᠡᠶ᠎ᠡ᠎ᠶ᠋ᠢᠨ ᠲᠠᠮᠢᠷ ᠡᠷᠡᠭᠦᠯ ᠬᠠᠮᠠᠭᠠᠯᠠᠯ᠎ᠤᠨ ᠠᠭᠤᠰᠤᠯᠴᠠᠯ᠎ᠤᠨ ᠵᠢᠱ᠌ᠢᠶ᠎ᠡ ᠦᠵᠡᠭᠦᠯᠬᠦ᠌ ᠨᠡᠢᠭᠡᠮ ᠲᠣᠭᠣᠷᠢᠭ ᠂ ᠪᠡᠶ᠎ᠡ᠎ᠶ᠋ᠢᠨ ᠲᠠᠮᠢᠷ ᠡᠷᠡᠭᠦᠯ ᠬᠠᠮᠠᠭᠠᠯᠠᠯ᠎ᠤᠨ ᠠᠭᠤᠰᠤᠯᠴᠠᠯ᠎ᠤᠨ ᠵᠢᠱ᠌ᠢᠶ᠎ᠡ ᠦᠵᠡᠭᠦᠯᠬᠦ᠌ ᠵᠢᠯᠣᠭᠣᠳᠭᠤ ᠥᠷᠲᠡᠭᠡ ᠵᠡᠷᠭᠡ᠎ᠲᠡᠶ ᠤᠶᠠᠯᠳᠤᠭᠤᠯᠤᠨ ᠤᠯᠤᠰ ᠠᠷᠠᠳ᠎ᠦᠨ ᠪᠡᠶ᠎ᠡ ᠮᠠᠬᠠᠪᠣᠳ᠎ᠤᠨ ᠬᠢᠨᠠᠨ ᠬᠡᠮᠵᠢᠬᠦ ᠠᠵᠢᠯ᠎ᠢ ᠶᠡᠬᠡ ᠪᠡᠷ ᠥᠷᠨᠢᠭᠦᠯᠪᠡ᠃ ᠣᠳᠣᠬᠠᠨ᠎ᠳᠤ ᠂ ᠲᠦᠨᠭᠯᠢᠶᠤᠤ ᠬᠤᠲᠠ᠎ᠶᠢᠨ ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠲᠤ ᠴᠥᠮ ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠥᠷᠲᠡᠭᠡ ᠴᠡᠭ᠎ᠢ ᠪᠠᠢᠭᠤᠯᠵᠤ ᠂ ᠬᠢᠨᠠᠨ ᠬᠡᠮᠵᠢᠬᠦ᠌ ᠥᠷᠲᠡᠭᠡ ᠨᠢᠭᠡᠪᠦᠷᠢ᠎ᠳᠦ ᠴᠥᠮ ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠪᠠᠭᠠᠵᠢ ᠬᠡᠷᠡᠭ᠌ᠰᠡᠯ ᠲᠣᠬᠢᠷᠠᠭᠤᠯᠤᠭ᠍ᠰᠠᠨᠤ ᠬᠠᠮᠲᠤ ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠠᠵᠢᠯ᠎ᠢ ᠢᠳᠡᠪᠬᠢᠲᠡᠶ ᠥᠷᠨᠢᠭᠦᠯᠵᠦ᠍ ᠂ ᠥᠷᠭᠡᠨ ᠣᠯᠠᠨ ᠲᠦᠮᠡᠨ᠎ᠳᠦ ᠡᠷᠡᠭᠦᠯ ᠮᠡᠨᠳᠦ᠍᠎ᠶ᠋ᠢ ᠬᠢᠨᠠᠨ ᠬᠡᠮᠵᠢᠬᠦ᠌ ᠳᠥᠭᠥᠮ ᠳᠥᠲᠡ ᠂ ᠴᠢᠨᠠᠷ ᠰᠠᠢᠲᠠᠶ ᠂ ᠥᠨᠳᠥᠷ ᠦᠷ᠎ᠡ ᠪᠦᠲᠦᠮᠵᠢᠲᠡᠶ ᠦᠶ᠋ᠯᠡᠴᠢᠯᠡᠭᠡ ᠬᠠᠩᠭᠠᠭ᠍ᠰᠠᠨ ᠪᠠᠢᠨ᠎ᠠ; ᠡᠨᠡ ᠵᠢᠯ᠎ᠤᠨ 3 ᠰᠠᠷ᠎ᠠ᠎ᠳᠦ᠂ ᠬᠢᠩᠭᠠᠨ ᠠᠢᠮᠠᠭ᠎ᠤᠨ ᠰᠣᠶᠣᠯ ᠪᠡᠶ᠎ᠡ᠎ᠶ᠋ᠢᠨ ᠲᠠᠮᠢᠷ᠎ᠤᠨ ᠰᠣᠨᠢᠨ ᠮᠡᠳᠡᠭᠡ ᠷᠠᠳᠢᠣ᠋ ᠲᠧᠯᠸᠢᠰ᠎ᠦᠨ ᠲᠣᠪᠴᠢᠶ᠎ᠠ᠎ᠠᠴᠠ ᠭᠤᠤᠯᠯᠠᠨ ᠡᠷᠭᠢᠯᠡᠭ᠌ᠰᠡᠨ 4 ᠰᠠᠷ᠎ᠠ᠎ᠶ᠋ᠢᠨ ᠬᠤᠭᠤᠴᠠᠭ᠎ᠠ᠎ᠲᠠᠶ ᠶᠠᠪᠤᠬᠳᠠᠬᠰᠠᠨ ᠤᠯᠤᠰ ᠠᠷᠠᠳ᠎ᠤᠨ ᠪᠡᠶ᠎ᠡ ᠮᠠᠬᠠᠪᠣᠳ᠎ᠤᠨ ᠬᠢᠨᠠᠨ ᠬᠡᠮᠵᠢᠯᠲᠡ ᠵᠢᠨ ᠠᠵᠢᠯ ᠵᠢᠩᠬᠢᠨᠢ᠎ᠪᠡᠷ ᠡᠬᠢᠯᠡᠪᠡ᠃ 13 ᠵᠦᠶ᠋ᠯ᠎ᠦᠨ ᠪᠡᠶ᠎ᠡ ᠮᠠᠬᠠᠪᠣᠳ᠎ᠤᠨ ᠪᠠᠢᠴᠠᠭᠠᠯᠲᠠ ᠬᠢᠬᠦ᠌᠎ᠪᠡᠷ ᠳᠡᠮᠵᠢᠨ ᠂ ᠬᠢᠨᠠᠨ ᠬᠡᠮᠵᠢᠯᠲᠠ ᠬᠢᠭᠰᠡᠨ ᠬᠦᠮᠦᠨ ᠨᠢᠭᠡᠪᠦᠷᠢ᠎ᠳᠦ ᠡᠷᠡᠭᠦᠯ ᠮᠡᠨᠳᠦ᠍᠎ᠶ᠋ᠢᠨ ᠵᠠᠳᠠᠯᠤᠯᠲᠠ᠎ᠶ᠋ᠢᠨ ᠮᠡᠳᠡᠭᠦᠯᠦᠯᠲᠡ ᠪᠠ ᠬᠥᠳᠡᠯᠭᠡᠭᠡᠨ᠎ᠦ ᠲᠦᠭ᠌ᠰᠢᠭᠦᠷᠢ᠎ᠶ᠋ᠢ ᠦᠨᠡᠯᠡᠨ ᠵᠢᠱ᠌ᠢᠭ᠌ᠰᠡᠨ ᠮᠡᠳᠡᠭᠦᠯᠦᠯᠲᠡ ᠬᠢᠬᠦ᠌᠎ᠶ᠋ᠢᠨ ᠬᠠᠮᠲᠤ ᠂ ᠬᠣᠢᠱᠢᠳᠠ᠎ᠶ᠋ᠢᠨ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠪᠠ ᠠᠮᠢᠳᠤᠷᠠᠯ᠎ᠤᠨ ᠠᠷᠭ᠎ᠠ ᠮᠠᠶᠢᠭ ᠵᠡᠷᠭᠡ᠎ᠳᠦ ᠱᠢᠨᠵᠢᠯᠡᠬᠦ᠌ ᠤᠬᠠᠭᠠᠨᠴᠢ ᠵᠠᠳᠠᠯᠤᠯᠲᠠ ᠪᠠ ᠰᠠᠨᠠᠭᠤᠯᠭ᠎ᠠ ᠦᠭᠪᠡ᠃ ᠬᠢᠩᠭᠠᠨ ᠠᠢᠮᠠᠭ ᠪᠡᠶ᠎ᠡ ᠮᠠᠬᠠᠪᠣᠳ᠎ᠤᠨ ᠬᠢᠨᠠᠨ ᠬᠡᠮᠵᠢᠬᠦ ᠲᠤᠰᠬᠠᠢ ᠠᠵᠢᠯᠲᠠᠳ᠎ᠢ ᠪᠣᠯᠪᠠᠰᠤᠷᠠᠭᠤᠯᠤᠨ ᠂ ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠱᠢᠯᠭᠠᠬᠤ ᠡᠩᠨᠡᠭᠡ᠎ᠶ᠋ᠢ ᠵᠣᠬᠢᠶᠠᠨ ᠪᠠᠢᠭᠤᠯᠬᠤ᠎ᠶ᠋ᠢᠨ ᠬᠠᠮᠲᠤ ᠪᠥᠬᠥ᠌ ᠠᠢᠮᠠᠭ᠎ᠤᠨ 3000 ᠭᠠᠷᠤᠶ ᠺᠠᠳ᠋ᠷ ᠠᠵᠢᠯᠲᠠᠨ ᠠᠵᠢᠯᠴᠢᠨ᠎ᠳᠤ ᠪᠡᠶ᠎ᠡ ᠮᠠᠬᠠᠪᠣᠳ᠎ᠤᠨ ᠪᠠᠢᠴᠠᠭᠠᠨ ᠱᠢᠯᠭᠠᠯᠲᠠ ᠪᠠ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠵᠢᠯᠣᠭᠣᠳᠣᠯᠭ᠎ᠠ ᠬᠢᠪᠠ᠃ ᠲᠣᠰ ᠤᠳᠠᠭᠠᠨ᠎ᠤ ᠠᠵᠢᠯᠯᠠᠭ᠎ᠠ ᠨᠢ ᠪᠡᠶ᠎ᠡ ᠮᠠᠬᠠᠪᠣᠳ᠎ᠤᠨ ᠱᠢᠯᠭᠠᠯᠲᠠ᠎ᠪᠠᠷ ᠳᠠᠮᠵᠢᠭᠤᠯᠤᠨ᠂ ᠣᠯᠠᠨ ᠲᠦᠮᠡᠨ᠎ᠳᠦ ᠥᠪᠡᠷ᠎ᠦᠨ ᠪᠡᠶ᠎ᠡ ᠮᠠᠬᠠᠪᠣᠳ᠎ᠤᠨ ᠪᠠᠢᠳᠠᠯ᠎ᠢᠶᠠᠨ ᠨᠠᠩ ᠢᠯᠡᠭᠦᠦ ᠣᠢᠯᠠᠭᠠᠭᠤᠯᠵᠤ ᠂ ᠡᠷᠡᠭᠦᠯ ᠮᠡᠨᠳᠦ᠍᠎ᠶ᠋ᠢᠨ ᠤᠬᠠᠮᠰᠠᠷ᠎ᠢᠶᠠᠨ ᠳᠡᠭᠡᠭ᠌ᠰᠢᠯᠡᠭᠦᠯᠬᠦ᠌᠎ᠶ᠋ᠢ ᠵᠤᠷᠢᠬᠰᠠᠨ ᠪᠠᠢᠨ᠎ᠠ᠃
ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠠᠵᠢᠯᠯᠠᠭ᠎ᠠ᠎ᠨᠢ ᠤᠯᠤᠰ ᠠᠷᠠᠳ᠎ᠤᠨ ᠪᠡᠶ᠎ᠡ ᠮᠠᠬᠠᠪᠣᠳ᠎ᠤᠨ ᠲᠣᠭ᠎ᠠ ᠪᠠᠷᠢᠮᠲᠠ᠎ᠶ᠋ᠢ ᠪᠦᠲᠦᠮᠵᠢᠲᠡᠶ ᠴᠤᠭ᠍ᠯᠠᠭᠤᠯᠵᠤ ᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠵᠢᠯᠣᠭᠣᠳᠣᠯᠭ᠎ᠠ᠎ᠳᠤ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ ᠂ ᠤᠯᠤᠰ ᠠᠷᠠᠳ᠎ᠤᠨ ᠪᠡᠶ᠎ᠡ ᠮᠠᠬᠠᠪᠣᠳ᠎ᠤᠨ ᠬᠡᠪ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠵᠦ᠍ ᠪᠤᠢ᠃ ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠬᠡᠮᠵᠢᠬᠦ᠌ ᠠᠵᠢᠯ᠎ᠨᠢ ᠥᠷᠭᠡᠨ ᠣᠯᠠᠨ ᠲᠦᠮᠡᠨ᠎ᠢ ᠬᠠᠪᠰᠤᠷᠤᠨ ᠪᠡᠶ᠎ᠡ ᠮᠠᠬᠠᠪᠣᠳ᠎ᠤᠨ ᠪᠠᠢᠳᠠᠯ᠎ᠢ᠎ᠨᠢ ᠦᠨᠳᠦᠰᠦᠨ᠎ᠳᠡᠭᠡᠨ ᠣᠢᠯᠠᠭᠠᠵᠤ ᠂ ᠡᠭᠦᠨ᠎ᠦ ᠤᠯᠠᠮ᠎ᠠᠴᠠ ᠤᠯᠠᠨ ᠲᠦᠮᠡᠨ᠎ᠤ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ᠎ᠶ᠋ᠢ ᠪᠦᠲᠦᠮᠵᠢᠲᠡᠶ ᠬᠥᠲᠥᠯᠥᠨ ᠵᠢᠯᠣᠭᠣᠳᠴᠤ᠌ ᠂ ᠪᠡᠶ᠎ᠡ ᠮᠠᠬᠠᠪᠣᠳ᠎ᠤᠨ ᠬᠡᠪ ᠴᠢᠨᠠᠷ ᠪᠠ ᠡᠷᠡᠭᠦᠯ ᠮᠡᠨᠳᠦ᠍᠎ᠶ᠋ᠢᠨ ᠬᠢᠷᠢ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ ᠂ ᠡᠷᠡᠭᠦᠯ ᠡᠩᠬᠡ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ᠃

ᠭᠡᠷᠡᠯ ᠵᠢᠷᠤᠭ ᠢ ᠮᠥᠨᠭᠭᠡᠴᠢᠯᠠᠭᠤ ᠬᠠᠨᠭᠭᠠᠪᠠ