ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠭᠤᠤᠯ ᠰᠡᠳᠦᠪᠲᠦ ᠠᠵᠢᠯᠯᠠᠭ᠎ᠠ
2022-09-26 11:02:48
ᠵᠣᠬᠢᠶᠠᠭ᠍ᠴᠢ᠄
​ ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 8 ᠎ᠤ᠋  ᠦᠳᠡ᠎ᠶ᠋ᠢᠨ  ᠬᠣᠢᠨ᠎ᠠ ᠂ ᠥᠪᠡᠷᠲᠡᠭᠡᠨ ᠵᠠᠰᠠᠬᠤ ᠣᠷᠣᠨ᠎ᠤ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠲᠠᠮᠢᠷ᠎ᠤᠨ ᠲᠥᠪ ᠎ᠤᠨ ᠮᠥᠰᠥᠨ ᠳᠡᠭᠡᠷᠡᠬᠢ ᠲᠥᠷᠥᠯ ᠵᠦᠶ᠋ᠯ᠎ᠦᠨ ᠱᠢᠯᠢᠳᠡᠭ ᠲᠠᠮᠢᠷᠴᠢᠨ ᠶᠠᠩ ᠶᠠᠩ ᠂ ᠸᠠᠩ ᠸᠧᠶ ᠰᠸᠨ ᠂ ᠹᠦ᠋ ᠸᠧᠶ ᠪᠥᠸᠧ᠎ᠨᠡᠷ ᠬᠦᠬᠡᠬᠤᠲᠠ᠎ᠶᠢᠨ ᠢᠯᠠᠯᠲᠠ ᠵᠡᠬᠡᠯᠢ ᠪᠠᠭ᠎ᠠ ᠰᠤᠷᠭᠠᠭᠤᠯᠢ᠎ᠳᠤ ᠬᠦᠷᠴᠦ᠍ ᠂ ᠰᠤᠷᠤᠭ᠍ᠴᠢᠳ᠎ᠲᠤ ᠣᠢᠷ᠎ᠠ ᠵᠠᠮ᠎ᠤᠨ ᠲᠦᠷᠭᠡᠨ ᠲᠡᠱᠢᠯᠲᠡ᠎ᠶ᠋ᠢᠨ ᠵᠢᠭᠠᠨ ᠰᠤᠷᠭᠠᠯᠲᠠ᠎ᠶ᠋ᠢᠨ ᠬᠢᠴᠢᠶᠡᠯ ᠥᠷᠨᠢᠭᠦᠯᠪᠡ᠃

ᠲᠤᠰ ᠤᠳᠠᠭᠠᠨ᠎ᠤ ᠣᠢᠷ᠎ᠠ ᠵᠠᠮ᠎ᠤᠨ ᠲᠦᠷᠭᠡᠨ ᠲᠡᠱᠢᠯᠲᠡ᠎ᠶ᠋ᠢᠨ ᠵᠢᠭᠠᠨ ᠰᠤᠷᠭᠠᠯᠲᠠ᠎ᠶ᠋ᠢᠨ ᠬᠢᠴᠢᠶᠡᠯ᠎ᠳᠦ ᠨᠡᠢᠲᠡ ᠲᠠᠪᠤᠳᠤᠭᠠᠷ ᠣᠨ᠎ᠤ 50 ᠭᠠᠷᠤᠶ ᠰᠤᠷᠤᠭ᠍ᠴᠢ ᠣᠷᠣᠯᠴᠠᠵᠤ ᠂ ᠲᠠᠮᠢᠷᠴᠢᠳ᠎ᠠᠴᠠ ᠰᠤᠷᠤᠭ᠍ᠴᠢᠳ᠎ᠲᠤ ᠣᠢᠷ᠎ᠠ ᠵᠠᠮ᠎ᠤᠨ ᠲᠦᠷᠭᠡᠨ ᠲᠡᠱᠢᠯᠲᠡ᠎ᠶ᠋ᠢᠨ ᠲᠡᠦᠬᠡ᠂ ᠤᠷᠤᠯᠳᠤᠭᠠᠨ᠎ᠤ ᠣᠨᠴᠠᠯᠢᠭ ᠂ ᠤᠷᠤᠯᠳᠤᠭᠠᠨ᠎ᠤ ᠳᠦᠷᠢᠮ ᠂ ᠬᠥᠳᠡᠯᠭᠡᠭᠡᠨ᠎ᠦ ᠠᠷᠭ᠎ᠠ ᠳᠡᠮ᠎ᠢ ᠲᠠᠢᠯᠪᠤᠷᠢᠯᠠᠨ ᠥᠭ᠌ᠴᠡᠶ᠃ ᠲᠤᠰ ᠠᠵᠢᠯᠯᠠᠭ᠎ᠠ᠎ᠵᠢ ᠡᠷᠬᠢᠯᠡᠭᠰᠡᠨ ᠨᠢ  ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠰᠠᠢᠨ ᠰᠠᠢᠬᠠᠨ ᠳᠦᠷᠢ ᠲᠥᠷᠬᠦ᠌᠎ᠶ᠋ᠢ ᠢᠯᠡᠷᠡᠬᠦᠯᠵᠦ ᠂ ᠨᠠᠩ ᠣᠯᠠᠨ ᠬᠥᠮᠦᠰ᠎ᠲᠦ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠢ ᠣᠢᠯᠠᠭᠠᠭᠤᠯᠵᠤ ᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠲᠤ ᠣᠷᠣᠯᠴᠠᠭᠤᠯᠤᠨ ᠂ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠢ ᠤᠯᠠᠮ ᠨᠢᠭᠡ ᠠᠯᠬᠤᠮ ᠳᠡᠯᠭᠡᠷᠡᠭᠦᠯᠵᠦ᠍ ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠠᠬᠢᠭᠤᠯᠬᠤ᠎ᠶᠢᠨ ᠲᠦᠯᠦᠭᠡ ᠶᠤᠮ᠃ ᠮᠠᠨ᠎ᠤ ᠣᠷᠣᠨ᠎ᠤ ᠱᠢᠯᠢᠳᠡᠭ ᠲᠠᠮᠢᠷᠴᠢᠳ᠎ᠤᠨ ᠳᠤᠮᠳᠠᠳᠤ ᠪᠠᠭ᠎ᠠ ᠰᠤᠷᠭᠠᠭᠤᠯᠢ ᠪᠠ ᠨᠡᠢᠭᠡᠮ ᠲᠣᠭᠣᠷᠢᠭ᠎ᠲᠤ ᠬᠦᠷᠴᠦ᠍ ᠪᠡᠶ᠎ᠡ ᠴᠢᠭᠢᠷᠠᠭ᠍ᠵᠢᠭᠤᠯᠬᠤ᠎ᠶ᠋ᠢ ᠵᠢᠯᠣᠭᠣᠳᠭᠤ ᠦᠶ᠋ᠯᠡᠴᠢᠯᠡᠭᠡ ᠥᠷᠨᠢᠭᠦᠯᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠠᠬᠢᠭᠤᠯᠬᠤ᠎ᠶ᠋ᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠲᠠᠮᠢᠷ᠎ᠤᠨ ᠲᠥᠪ᠎ᠡᠴᠡ ᠱᠢᠯᠢᠳᠡᠭ ᠲᠠᠮᠢᠷᠴᠢᠳ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠵᠢᠯᠣᠭᠣᠳᠭᠤ ᠦᠶ᠋ᠯᠡᠴᠢᠯᠡᠭᠡ᠎ᠳᠦ ᠢᠳᠡᠪᠬᠢᠲᠡᠶ ᠣᠷᠣᠯᠴᠠᠬᠤ᠎ᠶ᠋ᠢ ᠵᠣᠷᠢᠭ᠍ᠵᠢᠭᠤᠯᠵᠤ ᠂ ᠲᠠᠮᠢᠷᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠡᠬᠡ ᠤᠯᠤᠰ ᠵᠢᠡᠨ ᠬᠠᠢᠷᠠᠯᠠᠬᠤ ᠦᠵᠡᠯ ᠤᠬᠠᠮᠰᠠᠷ᠎ᠢ ᠬᠥᠮᠦᠵᠢᠭᠦᠯᠬᠦ᠌ ᠪᠠ ᠣᠯᠠᠨ ᠲᠦᠮᠡᠨ᠎ᠳᠦ ᠦᠶ᠋ᠯᠡᠴᠢᠯᠡᠬᠦ᠌ ᠦᠵᠡᠯᠲᠡ ᠳᠠᠨᠢᠯᠳᠠ᠎ᠶ᠋ᠢ ᠪᠣᠶ ᠪᠣᠯᠭᠠᠨ ᠂ ᠨᠡᠢᠭᠡᠮ᠎ᠳᠦ ᠨᠠᠩ ᠣᠯᠠᠨ ᠢᠳᠡᠪᠬᠢ ᠬᠦᠴᠦᠨ᠎ᠢ ᠳᠠᠮᠵᠢᠭᠤᠯᠵᠤ ᠂ ᠪᠡᠶ᠎ᠡ᠎ᠶ᠋ᠢᠨ ᠲᠠᠮᠢᠷ᠎ᠤᠨ ᠣᠯᠠᠨ ᠡᠱᠢᠲᠦ ᠨᠡᠢᠭᠡᠮ᠎ᠦᠨ ᠥᠷᠲᠡᠭ᠎ᠦᠨ ᠴᠢᠳᠠᠮᠵᠢ᠎ᠶ᠋ᠢ ᠢᠯᠡᠷᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号