ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠱᠢᠨᠵᠢᠯᠡᠬᠦ᠌ ᠤᠬᠠᠭᠠᠨ᠎ᠤ ᠨᠡᠢᠭᠡᠮᠯᠢᠭ ᠪᠣᠯᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠡᠴᠡ ᠳᠠᠭᠠᠭᠠᠴᠢᠯᠠᠨ ᠡᠷᠭᠢᠯᠡᠭ᠌ᠰᠡᠨ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨᠴᠢᠯᠠᠭ᠍ᠰᠠᠨ ᠪᠣᠯᠪᠠᠰᠤᠷᠠᠯ ᠵᠢᠴᠢ ᠬᠥᠭᠡᠷᠦᠭᠦᠯᠬᠦ᠌ ᠡᠮ᠎ᠢ ᠡᠰᠡᠷᠭᠦᠴᠡᠬᠦ ᠤᠬᠠᠭᠤᠯᠭ᠎ᠠ ᠬᠥᠮᠦᠵᠢᠯ᠎ᠦᠨ ᠪᠣᠯᠪᠠᠰᠤᠷᠠᠯ ᠬᠥᠬᠡᠬᠣᠲᠠ᠎ᠳᠤ 3 ᠡᠳᠦᠷ᠎ᠤᠨ ᠬᠤᠭᠤᠴᠠᠭ᠎ᠠ ᠲᠠᠢ ᠶᠠᠪᠤᠭ᠍ᠳᠠᠪᠠ᠃
ᠳᠤᠰ ᠤᠳᠠᠭᠠᠨ᠎ᠤ ᠪᠤᠯᠪᠠᠰᠤᠷᠠᠯ ᠨᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ》ᠵᠢ ᠴᠢᠨᠠᠭᠰᠢᠲᠠ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠨᠢᠭᠡ ᠬᠤᠭᠤᠴᠠᠭᠠᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠲᠤᠯᠠᠭ᠎ᠠ᠎ᠶ᠋ᠢᠨ ᠠᠵᠢᠯ᠎ᠢ ᠰᠠᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠳᠠᠰᠬᠠᠯᠵᠢᠭᠤᠯᠤᠭᠴᠢ᠂ ᠡᠷᠳᠡᠮ ᠱᠢᠨᠵᠢᠯᠡᠭᠡᠨ ᠡᠮᠨᠡᠯᠭᠡ᠎ᠶ᠋ᠢᠨ ᠠᠵᠢᠯᠲᠠᠨ᠂ ᠥᠷᠢᠰᠥᠯᠳᠦᠨ ᠪᠣᠯᠪᠠᠰᠤᠷᠠᠭᠤᠯᠬᠤ ᠪᠠᠲᠤᠯᠠᠭ᠎ᠠ᠎ᠶ᠋ᠢᠨ ᠠᠵᠢᠯᠲᠠᠨ ᠵᠡᠷᠭᠡ ᠬᠦᠮᠦᠰ᠎ᠤᠨ ᠲᠤᠬᠠᠢᠯᠠᠭ᠍ᠰᠠᠨ ᠠᠵᠢᠯ᠎ᠤᠨ ᠬᠢᠷᠢ ᠲᠦᠪᠰᠢᠨ ᠪᠣᠯᠤᠨ ᠱᠢᠨᠵᠢᠯᠡᠬᠦ᠌ ᠤᠬᠠᠭᠠᠨᠴᠢᠯᠠᠭ᠍ᠰᠠᠨ ᠪᠣᠯᠪᠠᠰᠤᠷᠠᠯ᠎ᠤᠨ ᠦᠵᠡᠯ ᠤᠬᠠᠮᠰᠠᠷ᠎ᠢ ᠨᠡᠩ ᠢᠯᠡᠭᠦᠦ ᠳᠡᠭᠡᠭᠰᠢᠯᠡᠭᠦᠯᠦᠨ᠂ ᠮᠠᠨ᠎ᠤ ᠤᠷᠤᠨ᠎ᠤ ᠪᠡᠶ᠎ᠡ ᠵᠢᠨ ᠲᠠᠮᠢᠷ᠎ᠤᠨ ᠦᠢᠯᠡᠰ᠎ᠤᠨ ᠴᠢᠨᠠᠷ ᠰᠠᠢᠲᠠᠢ ᠬᠦᠭᠵᠢᠯᠲᠡ ᠵᠢ ᠴᠢᠨᠠᠭᠰᠢᠲᠠ ᠠᠬᠢᠭᠤᠯᠬᠤ ᠵᠢ ᠵᠤᠷᠢᠪᠠ᠃
ᠤᠢᠯᠠᠭᠠᠭᠰᠠᠨ ᠵᠢᠡᠷ᠂ ᠲᠤᠰ ᠤᠳᠠᠭᠠᠨ᠎ᠤ ᠪᠤᠯᠪᠠᠰᠤᠷᠠᠯ᠎ᠳᠤ《ᠲᠠᠮᠢᠷᠴᠢᠨ᠎ᠤ ᠪᠡᠶ᠎ᠡ ᠮᠠᠬᠠᠪᠣᠳ᠎ᠤᠨ ᠠᠵᠢᠯᠯᠠᠭ᠎ᠠ᠎ᠶ᠋ᠢ ᠦᠨᠡᠯᠡᠨ ᠲᠣᠭ᠍ᠲᠠᠭᠠᠬᠤ ᠪᠠ ᠪᠣᠯᠪᠠᠰᠤᠷᠠᠭᠤᠯᠬᠤ᠎ᠶ᠋ᠢ ᠬᠢᠨᠠᠨ ᠡᠵᠡᠮᠳᠡᠬᠦ᠌ ᠠᠷᠭ᠎ᠠ ᠵᠢᠴᠢ ᠬᠡᠷᠡᠭ᠌ᠯᠡᠭᠡᠨ》᠂ 《ᠪᠡᠶ᠎ᠡ ᠮᠠᠬᠠᠪᠣᠳ᠎ᠤᠨ ᠴᠢᠳᠠᠪᠤᠷᠢ᠎ᠶ᠋ᠢ ᠠᠬᠢᠭᠤᠯᠬᠤ ᠬᠥᠳᠡᠯᠭᠡᠭᠡᠨ ᠱᠢᠮ᠎ᠡ ᠲᠡᠵᠢᠭᠡᠯ᠎ᠦᠨ ᠦᠶ᠋ᠯᠡᠳᠦᠯᠭᠡ᠎ᠶ᠋ᠢᠨ ᠵᠦᠭ᠌ᠯᠡᠭᠦᠷ》᠂《ᠴᠢᠬᠤᠯᠠ ᠶᠡᠬᠡ ᠤᠷᠤᠯᠳᠤᠭᠠᠨ᠎ᠤ ᠳᠠᠷᠠᠭᠠᠬᠢ ᠲᠠᠮᠢᠷᠴᠢᠳ᠎ᠤᠨ ᠰᠡᠳᠭᠢᠴᠡ᠎ᠶ᠋ᠢᠨ ᠰᠡᠷᠭᠦᠭᠡᠯᠲᠡ ᠪᠠ ᠲᠤᠬᠢᠷᠠᠭᠤᠯᠤᠯᠲᠠ》 ᠪᠠ 《ᠬᠥᠭᠡᠷᠦᠭᠦᠯᠬᠦ᠌ ᠡᠮ ᠬᠡᠷᠡᠭ᠌ᠯᠡᠬᠦ᠌᠎ᠶ᠋ᠢ ᠡᠰᠡᠷᠭᠦᠴᠡᠬᠦ᠌ ᠬᠤᠷᠢᠭ᠎ᠠ ᠱᠤᠭᠤᠮ᠎ᠤᠨ ᠰᠡᠳᠭᠢᠬᠦᠶ ᠪᠠ ᠤᠯᠠᠭᠠᠨ ᠱᠤᠭᠤᠮ᠎ᠤᠨ ᠤᠬᠠᠮᠰᠠᠷ᠎ᠢ ᠪᠠᠲᠤ ᠴᠣᠭ᠍ᠴᠠᠯᠠᠵᠤ᠂ ᠬᠥᠭᠡᠷᠦᠭᠦᠯᠬᠦ᠌ ᠡᠮ᠎ᠦᠨ ᠠᠰᠠᠭᠤᠳᠠᠯ ᠢᠯᠡᠷᠡᠬᠦ᠌ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ》ᠵᠡᠷᠭᠡ ᠠᠭᠤᠯᠭ᠎ᠠ ᠵᠢ ᠲᠤᠬᠢᠷᠠᠭᠤᠯᠵᠤ᠂ ᠲᠤᠰᠭᠠᠶ ᠮᠡᠷᠭᠡᠵᠢᠯᠲᠡᠨ ᠪᠠᠭ᠍ᠰᠢ ᠨᠠᠷ᠎ᠡᠴᠡ ᠨᠠᠷᠢᠨ ᠤᠢᠯᠠᠭᠠᠮᠵᠢᠲᠠᠢ ᠲᠠᠢᠯᠤᠮᠵᠢ ᠬᠢᠬᠦ ᠪᠡᠷ ᠳᠠᠮᠵᠢᠨ᠂ ᠪᠤᠯᠪᠠᠰᠤᠷᠠᠯ᠎ᠳᠤ ᠤᠷᠤᠯᠴᠠᠭᠰᠠᠳ᠎ᠤᠨ ᠲᠤᠬᠠᠢᠯᠠᠭ᠍ᠰᠠᠨ ᠠᠵᠢᠯ᠎ᠤᠨ ᠬᠢᠷᠢ ᠲᠦᠪᠱᠢᠨ ᠪᠠ ᠱᠢᠨᠵᠢᠯᠡᠬᠦ᠌ ᠤᠬᠠᠭᠠᠨᠴᠢᠯᠠᠭᠰᠠᠨᠨ ᠪᠣᠯᠪᠠᠰᠤᠷᠠᠯ ᠵᠡᠷᠭᠡ ᠲᠠᠯ᠎ᠠ᠎ᠵᠢᠨ ᠦᠵᠡᠯ ᠤᠬᠠᠮᠰᠠᠷ᠎ᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠢᠨ᠎ᠠ᠃