ᠬᠥᠬᠡᠬᠣᠲᠠ᠎ᠶ᠋ᠢᠨ ᠨᠠᠶ᠋ᠮᠠᠳᠤᠭᠠᠷ ᠬᠤᠭᠤᠴᠠᠭᠠᠨ᠎ᠤ ᠠᠵᠢᠯ᠎ᠤᠨ ᠴᠢᠯᠥᠭᠡᠨ᠎ᠦ ᠬᠥᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ ᠥᠨᠳᠥᠷᠯᠡᠪᠡ
2022-09-26 11:15:29
ᠵᠣᠬᠢᠶᠠᠭ᠍ᠴᠢ᠄
​ ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 11᠎ᠤ᠋ ᠡᠳᠦᠷ ᠂ ᠬᠥᠬᠡᠬᠣᠲᠠ᠎ᠶ᠋ᠢᠨ ᠨᠠᠶ᠋ᠮᠠᠳᠤᠭᠠᠷ ᠬᠤᠭᠤᠴᠠᠭᠠᠨ᠎ᠤ ᠠᠵᠢᠯ᠎ᠤᠨ ᠴᠢᠯᠥᠭᠡᠨ᠎ᠦ ᠬᠥᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ᠎ᠶ᠋ᠢᠨ ᠬᠥᠯ ᠪᠥᠮᠪᠥᠭᠡ᠎ᠶ᠋ᠢᠨ ᠲᠠᠯᠠᠪᠠᠶ᠎ᠳᠤ ᠥᠨᠳᠥᠷᠯᠡᠪᠡ᠃ ᠷᠦᠢ ᠸᠸ  ᠬᠥᠯ ᠪᠥᠮᠪᠥᠭᠡ᠎ᠶ᠋ᠢᠨ ᠺᠯᠦᠪ 4 ᠄ 2 ᠬᠠᠷᠢᠴᠠᠯ ᠎ᠶ᠋ᠢᠡᠷ ᠭᠤᠸᠠᠩ ᠶᠤᠸᠠᠨ ᠬᠥᠯ ᠪᠥᠮᠪᠥᠭᠡ᠎ᠶ᠋ᠢᠨ ᠺᠯᠦᠪ᠎ᠢ ᠢᠯᠠᠵᠤ ᠂ ᠵᠠᠯᠭᠠᠭ᠎ᠠ᠎ᠪᠠᠷ ᠳᠥᠷᠪᠡ ᠤᠳᠠᠭ᠎ᠠ ᠮᠠᠩᠯᠠᠢᠯᠠᠬᠰᠠᠨ ᠬᠠᠮᠤᠭ᠎ᠤᠨ ᠥᠨᠳᠥᠷ ᠬᠢᠷᠢ ᠪᠦᠲᠦᠮᠵᠢ ᠤᠯᠪᠠ᠃

ᠣᠢᠯᠠᠭᠠᠭ᠍ᠰᠠᠨ᠎ᠢᠶᠠᠷ ᠂ ᠲᠣᠰ ᠬᠤᠭᠤᠴᠠᠭᠠᠨ᠎ᠤ ᠬᠣᠯᠪᠣᠭᠠᠲᠤ ᠤᠷᠤᠯᠳᠤᠭᠠᠨ 7 ᠰᠠᠷ᠎ᠠ᠎ᠶ᠋ᠢᠨ 3 ᠎ᠤ᠋ ᠡᠳᠦᠷ ᠡᠬᠢᠯᠡᠵᠦ᠍ ᠂ ᠨᠡᠢᠲᠡ 15 ᠪᠥᠮᠪᠥᠭᠡᠨ ᠠᠩᠭᠢ᠎ᠶ᠋ᠢᠨ 520 ᠭᠠᠷᠤᠶ ᠬᠥᠮᠦᠨ ᠤᠷᠤᠯᠳᠤᠭᠠᠨ᠎ᠳᠤ ᠣᠷᠣᠯᠴᠠᠵᠤ ᠂ 11 ᠡᠭᠡᠯᠵᠢ᠎ᠶ᠋ᠢᠨ 72 ᠲᠠᠯᠠᠪᠤᠷ ᠤᠷᠤᠯᠳᠤᠭᠠᠨ ᠵᠢᠡᠷ ᠳᠠᠮᠵᠢᠨ ᠶᠠᠪᠤᠭᠳᠠᠭᠰᠠᠨ ᠪᠠᠢᠨ᠎ᠠ᠃ ᠤᠷᠤᠯᠳᠤᠭᠠᠨ᠎ᠤ ᠳᠤᠮᠳᠠ ᠡᠯ᠎ᠡ ᠪᠥᠮᠪᠥᠭᠡᠨ ᠠᠩᠭᠢ ᠪᠦᠯᠬᠦᠮ ᠨᠡᠢᠲᠡ᠎ᠶ᠋ᠢᠨ ᠬᠠᠮᠵᠢᠯᠴᠠᠭ᠎ᠠ ᠪᠠ ᠡᠷᠡᠯᠬᠡᠭ᠌ᠯᠡᠨ ᠲᠡᠮᠡᠴᠡᠬᠦ᠌ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠨ ᠢᠯᠡᠷᠡᠭᠦᠯᠵᠦ᠍ ᠂ ᠬᠥᠬᠡᠬᠣᠲᠠ᠎ᠶ᠋ᠢᠨ ᠠᠵᠢᠯ᠎ᠤᠨ ᠴᠢᠯᠥᠭᠡᠨ᠎ᠦ ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠬᠢᠷᠢ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠬᠦ᠌᠎ᠶ᠋ᠢ ᠳᠠᠢᠴᠢᠯᠠᠵᠤ ᠂ ᠣᠳᠣᠬᠢᠴᠢᠯᠠᠭ᠍ᠰᠠᠨ ᠲᠠᠯ᠎ᠠ ᠨᠤᠲᠤᠭ᠎ᠤᠨ ᠬᠣᠲᠠ᠎ᠳᠤ ᠠᠮᠢᠵᠢᠷᠠᠯ᠎ᠤᠨ ᠬᠦᠴᠦᠨ ᠪᠠ ᠬᠥᠳᠡᠯᠭᠡᠬᠦ᠌ ᠬᠦᠴᠦᠨ ᠨᠡᠮᠡᠷᠢᠯᠡᠪᠡ᠃ 2015 ᠣᠨ᠎ᠠᠴᠠ ᠨᠠᠭᠠᠰᠢ ᠂ ᠬᠥᠬᠡᠬᠣᠲᠠ᠎ᠶ᠋ᠢᠨ ᠠᠵᠢᠯ᠎ᠤᠨ ᠴᠢᠯᠥᠭᠡᠨ᠎ᠦ ᠬᠥᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ ᠨᠢᠭᠡᠨᠲᠡ ᠵᠠᠯᠭᠠᠭ᠎ᠠ᠎ᠪᠠᠷ ᠨᠠᠶ᠋ᠮᠠᠨ ᠬᠤᠭᠤᠴᠠᠭ᠎ᠠ ᠶᠠᠪᠤᠭ᠍ᠳᠠᠵᠤ ᠂ ᠨᠡᠢᠲᠡ 200 ᠭᠠᠷᠤᠶ ᠪᠥᠮᠪᠥᠭᠡᠨ ᠠᠩᠭᠢ ᠂ 5500 ᠭᠠᠷᠤᠶ ᠬᠥᠮᠦᠨ ᠤᠳᠠᠭ᠎ᠠ ᠣᠷᠣᠯᠴᠠᠵᠤ ᠂ ᠥᠷᠭᠡᠨ ᠣᠯᠠᠨ ᠬᠥᠯ ᠪᠥᠮᠪᠥᠭᠡᠨ  ᠪᠠᠬᠠᠲᠠᠳ᠎ᠲᠦ ᠤᠷᠤᠯᠳᠤᠭᠠᠨ᠎ᠤ ᠰᠣᠯᠢᠯᠴᠠᠭ᠎ᠠ ᠬᠢᠬᠦ᠌ ᠲᠠᠪᠴᠠᠩ ᠬᠠᠩᠭᠠᠵᠤ ᠂ ᠬᠥᠬᠡᠬᠣᠲᠠ᠎ᠶᠢᠨ ᠠᠵᠢᠯ᠎ᠤᠨ ᠴᠢᠯᠥᠭᠡᠨ᠎ᠦ ᠬᠥᠯ ᠪᠥᠮᠪᠥᠭᠡ᠎ᠶ᠋ᠢᠨ ᠴᠢᠬᠤᠯᠠ ᠠᠵᠢᠯᠯᠠᠭ᠎ᠠ ᠪᠠ ᠨᠠᠷᠠᠲᠤ ᠲᠡᠮᠳᠡᠭ᠌ᠲᠦ ᠤᠷᠤᠯᠳᠤᠭᠠᠨ ᠪᠣᠯᠤᠭ᠍ᠰᠠᠨ ᠪᠠᠢᠨ᠎ᠠ᠃ ᠠᠵᠢᠯ᠎ᠤᠨ ᠴᠢᠯᠥᠭᠡᠨ᠎ᠦ ᠬᠥᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ᠎ᠨᠢ ᠬᠥᠬᠡᠬᠣᠲᠠ᠎ᠶ᠋ᠢᠨ ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠬᠥᠭ᠌ᠵᠢᠯᠲᠡ ᠪᠠ ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠣᠯᠠᠨ ᠲᠦᠮᠡᠨ᠎ᠦ ᠰᠠᠭᠤᠷᠢ᠎ᠶ᠋ᠢ ᠪᠡᠬᠢᠵᠢᠭᠦᠯᠬᠦ᠌᠎ᠳᠦ ᠢᠳᠡᠪᠬᠢᠲᠡᠶ ᠦᠢᠯᠡᠳᠦᠯ ᠦᠵᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号