ᠤᠷᠠᠳ ᠭᠤᠪᠢ ᠵᠢᠨ ᠠᠯᠳᠠᠨ ᠤᠨᠠᠭ᠎ᠠ ᠲᠡᠭᠷᠢ᠎ᠶ᠋ᠢᠨ ᠬᠡᠰᠢᠭᠳᠦ ᠤᠯᠠᠭᠠᠨᠰᠤᠬᠠᠢ
2022-09-30 11:00:30
ᠵᠣᠬᠢᠶᠠᠭ᠍ᠴᠢ᠄
ᠨᠠᠪᠴᠢ ᠰᠠᠷᠠᠭᠤᠯᠬᠠᠨ ᠶᠢᠰᠦᠨ᠎ᠡ ᠠᠯᠤᠰ ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠤᠯᠠᠭᠠᠨᠰᠤᠬᠠᠢ ᠨᠠᠭᠤᠷ᠎ᠤᠨ ᠳᠤᠬᠠᠢ ᠡᠢᠮᠦ ᠨᠢᠭᠡᠨ ᠷᠢᠳᠢ ᠰᠢᠳᠢ ᠳᠠᠢ ᠳᠤᠮᠤᠭ ᠤᠯᠠᠮᠵᠢᠯᠠᠭᠳᠠᠭᠰᠠᠭᠠᠷ ᠢᠷᠡᠵᠡᠢ᠃ ᠤᠯᠠᠭᠠᠨᠰᠤᠬᠠᠢ ᠨᠠᠭᠤᠷ ᠲᠤ᠌ ᠠᠯᠳᠠᠨ ᠤᠨᠠᠭ᠎ᠠ ᠪᠠᠢᠭᠰᠠᠨ ᠬᠡᠨ᠎ᠡ᠃ ᠨᠢᠬᠡᠨ ᠡᠳᠦᠷ ᠡᠮᠦᠨ᠎ᠡ ᠤᠷᠤᠨ᠎ᠤ ᠦᠵᠡᠭᠡᠴᠢ ᠲᠦᠯᠭᠡᠴᠢ ᠠᠯᠳᠠᠨ ᠤᠨᠠᠭ᠎ᠠ ᠵᠢᠨ ᠨᠠᠭᠤᠷ᠎ᠤᠨ ᠤᠰᠤᠨ ᠡᠴᠡ ᠬᠡᠷᠡᠯ ᠰᠠᠴᠤᠷᠠᠭᠤᠯᠤᠨ ᠦᠰᠦᠷᠬᠢᠯᠡᠨ ᠭᠠᠷᠴᠤ ᠢᠷᠡᠬᠦ ᠵᠢ ᠦᠵᠡᠬᠡᠳ᠂ ᠡᠨᠡ ᠡᠷᠳᠡᠨᠢ ᠵᠢ ᠨᠤᠳᠤᠭ ᠲᠠᠭᠠᠨ ᠠᠪᠠᠴᠢᠪᠠᠯ ᠮᠠᠨ᠎ᠤ ᠨᠤᠳᠤᠭ ᠴᠤ᠌ ᠷᠢᠳᠢ ᠰᠢᠳᠢ ᠳᠠᠢ ᠪᠤᠯᠤᠨ᠎ᠠ ᠬᠡᠵᠦ ᠪᠠᠷᠢᠬᠤ ᠪᠡᠷ ᠨᠠᠭᠤᠷ ᠲᠤ᠌ ᠤᠷᠤᠪᠠ ᠬᠡᠨ᠎ᠠ᠃ ᠨᠠᠭᠤᠷ᠎ᠤᠨ ᠤᠰᠤᠨ ᠨᠢᠬᠡ ᠦᠶ᠎ᠠ ᠤᠷᠬᠢᠯᠤᠨ ᠪᠤᠴᠠᠯᠵᠤ ᠪᠠᠢᠭ᠎ᠠ ᠮᠡᠳᠤ ᠬᠠᠯᠬᠢᠯᠠᠨ ᠳᠠᠪᠠᠯᠭᠠᠯᠠᠵᠤ᠂ ᠠᠭᠠᠵᠢᠮ ᠵᠢᠡᠷ ᠳᠤᠩᠭᠠᠯᠠᠭᠰᠢᠭᠠᠳ ᠢᠷᠡᠬᠦ ᠪᠡᠷ ᠡᠨᠡ ᠬᠦ᠌ ᠦᠵᠡᠭᠡᠴᠢ ᠲᠦᠯᠭᠡᠴᠢ ᠨᠠᠭᠤᠷ᠎ᠤᠨ ᠬᠦᠪᠡᠬᠡᠨ ᠳ᠋ᠤ ᠮᠦᠯᠬᠦᠨ ᠭᠠᠷᠴᠤ ᠢᠷᠡᠨ ᠰᠠᠪᠠᠵᠤ ᠤᠨᠠᠭᠠᠳ ᠴᠢᠮᠡᠬᠡ ᠢᠮᠡᠬᠡ ᠦᠬᠡᠢ ᠪᠤᠯᠤᠭᠰᠠᠨ ᠬᠡᠨ᠎ᠡ᠃ ᠬᠠᠷ᠎ᠠ ᠰᠠᠨᠠᠭ᠎ᠠ ᠲᠠᠢ ᠦᠵᠡᠭᠡᠴᠢ ᠲᠦᠯᠭᠡᠴᠢ ᠠᠯᠳᠠᠨ ᠤᠨᠠᠭ᠎ᠠ ᠵᠢ ᠪᠠᠷᠢᠵᠦ ᠴᠢᠳᠠᠭᠰᠠᠨ ᠦᠭᠡᠢ᠃ ᠠᠯᠳᠠᠨ ᠤᠨᠠᠭ᠎ᠠ ᠤᠯᠠᠭᠠᠨᠰᠤᠬᠠᠢ ᠨᠠᠭᠤᠷ ᠲᠠᠭᠠᠨ ᠡᠷᠭᠡ ᠲᠤᠷ᠎ᠠ ᠪᠡᠷ ᠲᠤᠭᠯᠠᠵᠦ᠂ ᠤᠷᠠᠳ ᠨᠤᠲᠤᠭ ᠵᠢᠡᠨ ᠢᠪᠡᠭᠡᠵᠦ ᠪᠠᠢᠳᠠᠭ ᠪᠦᠭᠡᠳ ᠤᠷᠠᠳᠴᠤᠳ ᠤᠯᠠᠭᠠᠨᠰᠤᠬᠠᠢ ᠨᠠᠭᠤᠷ ᠤ᠋ᠨ ᠵᠢᠡᠨ ᠠᠯᠳᠠᠨ ᠤᠨᠠᠭ᠎ᠠ ᠪᠠᠨ ᠦᠩᠭᠡᠯᠵᠡᠬᠦ ᠲᠠᠢᠰᠤᠨ ᠡᠴᠡ ᠬᠠᠮᠠᠭᠠᠯᠠᠨ᠂ ᠨᠤᠳᠤᠭ ᠤᠰᠤᠨ᠎ᠤ ᠪᠠᠨ ᠦᠩ ᠰᠢᠮᠡᠯᠢᠭ ᠦᠯᠵᠡᠢ ᠬᠡᠢ ᠮᠤᠷᠢ ᠳᠠᠢ᠂ ᠠᠷᠠᠳ ᠤᠯᠠᠨ ᠠᠮᠤᠷ ᠵᠢᠮᠤᠷ ᠪᠠᠢᠬᠤ ᠵᠢ ᠬᠦᠰᠡᠨ ᠳᠠᠭᠠᠳᠬᠠᠳᠠᠭ ᠪᠤᠯᠬᠤᠷ ᠠᠯᠳᠠᠨ ᠤᠨᠠᠭ᠎ᠠ ᠵᠢ ᠬᠡᠨ ᠴᠦ᠍ ᠬᠡᠵᠢᠶ᠎ᠡ ᠴᠦ᠍ ᠪᠠᠷᠢᠵᠦ ᠴᠢᠳᠠᠳᠠᠭ ᠦᠭᠡᠢ ᠭᠡᠨ᠎ᠡ᠃


tu4.jpg


ᠠᠯᠳᠠᠨ ᠤᠨᠠᠭ᠎ᠠ ᠵᠢᠨ ᠦᠦᠷᠰᠡᠭᠡᠨ᠎ᠳᠤ ᠤᠷᠠᠳ ᠭᠤᠪᠢ ᠭᠤᠶᠤᠬᠠᠨ

ᠮᠡᠯᠮᠡᠯᠵᠡᠨ ᠲᠤᠨᠤᠯᠵᠠᠬᠤ ᠨᠠᠭᠤᠷ᠎ᠤᠨ ᠤᠰᠤ ᠨᠢ ᠳᠡᠭᠷᠢ ᠵᠢᠨ ᠬᠠᠶᠠᠭ᠎ᠠ ᠲᠠᠢ ᠬᠦᠬᠡᠷᠡᠨ ᠵᠠᠯᠭᠠᠯᠳᠤᠵᠤ᠂ ᠨᠤᠮᠢᠨ ᠨᠤᠭᠤᠭᠠᠨ ᠬᠤᠯᠤᠰᠤ ᠵᠡᠬᠡᠰᠦ ᠬᠤᠯᠤᠰᠤᠨ ᠳᠤᠮᠳᠠᠭᠤᠷ ᠨᠢ ᠤᠰᠤᠨ᠎ᠤ ᠰᠢᠪᠠᠭᠤᠳ ᠡᠭᠡᠨᠡᠭᠰᠢᠨ ᠱᠤᠩᠪᠠᠵᠤ᠂ ᠡᠶ᠎ᠡ ᠵᠤᠬᠢᠴᠠᠯᠳᠤ ᠡᠬᠡ ᠪᠠᠢᠭᠠᠯᠢ᠎ᠶᠢᠨ ᠦᠵᠡᠮᠵᠢ ᠲᠡᠭᠦᠰ ᠲᠥᠷᠬᠦ᠎ᠮᠤᠨᠢ ᠠᠭᠤᠯᠠ ᠵᠢᠨ ᠡᠩᠭᠡᠷ ᠲᠦ᠍ ᠬᠠᠷᠠᠭᠳᠠᠨ᠎ᠠ᠃ ᠡᠨᠡ ᠪᠤᠯ ᠤᠷᠠᠳ ᠨᠤᠳᠤᠭ᠎ᠤᠨ ᠠᠯᠳᠠᠨ ᠤᠨᠠᠭ᠎ᠠ ᠵᠢᠨ ᠦᠦᠷᠰᠡᠬᠡᠨ ᠳᠠᠢ ᠤᠯᠠᠭᠠᠨᠰᠤᠬᠠᠢ ᠨᠠᠭᠤᠷ᠃ ᠤᠯᠠᠭᠠᠨᠰᠤᠬᠠᠢ ᠨᠠᠭᠤᠷ ᠮᠠᠨ᠎ᠤ ᠤᠯᠤᠰ᠎ᠤᠨ ᠨᠠᠢ᠍ᠮᠠᠳᠤᠭᠠᠷ ᠶᠡᠬᠡ ᠴᠡᠩᠬᠡᠭ ᠨᠠᠭᠤᠷ ᠪᠤᠯᠬᠤ ᠪᠦᠭᠡᠳ ᠬᠠᠳᠤᠨ ᠭᠤᠤᠯ᠎ᠤᠨ ᠰᠠᠪᠠ ᠭᠠᠵᠠᠷ᠎ᠲᠠᠭᠠᠤ ᠵᠢᠨ ᠬᠠᠮᠤᠭ᠎ᠤᠨ ᠶᠡᠬᠡ ᠴᠢᠳᠠᠮᠵᠢᠳᠤ ᠨᠤᠭᠤ ᠭᠠᠵᠠᠷ᠂ ᠴᠦᠯᠯᠡᠷᠬᠡᠭ ᠬᠠᠭᠠᠰ ᠴᠦᠯᠯᠡᠷᠬᠡᠭ ᠭᠠᠵᠠᠷ ᠤᠷᠤᠨ ᠳ᠋ᠤ ᠪᠦᠷᠢᠯᠳᠦᠭᠰᠡᠨ ᠬᠤᠪᠤᠷᠬᠠᠨ ᠨᠠᠭᠤᠷ ᠪᠤᠯᠬᠤ ᠶᠤᠮ᠃

ᠠᠯᠳᠠᠨ ᠤᠨᠠᠭ᠎ᠠ ᠵᠢᠨ ᠲᠤᠮᠤᠭ ᠲᠠᠢ᠂ ᠤᠷᠠᠳ ᠨᠤᠳᠤᠭ᠎ᠤᠨ ᠦᠵᠡᠰᠬᠦᠯᠡᠩ ᠪᠤᠯᠤᠭᠰᠠᠨ ᠤᠯᠠᠭᠠᠨᠰᠤᠬᠠᠢ ᠨᠠᠭᠤᠷ ᠨᠢ ᠦᠨᠡᠨ ᠳ᠋ᠡᠬᠡᠨ ᠬᠠᠳᠤᠨ ᠭᠤᠤᠯ ᠡᠴᠡ ᠡᠬᠡ ᠪᠠᠢᠭᠠᠯᠢ ᠳ᠋ᠤ ᠰᠤᠶᠤᠷᠬᠠᠭᠰᠠᠨ ᠪᠡᠯᠡᠭ᠃ 《ᠬᠠᠳᠤᠨ ᠭᠤᠤᠯ᠎ᠤᠨ ᠤᠷᠤᠰᠬᠠᠯ ᠬᠤᠶᠠᠷ ᠤᠳᠠᠭ᠎ᠠ ᠦᠬᠡᠷᠡᠴᠢᠯᠡᠭᠳᠡᠭᠰᠡᠨ ᠡᠴᠡ ᠤᠯᠠᠭᠠᠨᠰᠤᠬᠠᠢ ᠨᠠᠭᠤᠷ ᠪᠦᠷᠢᠯᠳᠦᠵᠡᠢ᠃ ᠤᠳᠤ ᠶᠡᠷᠦᠩᠬᠡᠢ ᠳᠠᠯᠠᠪᠠᠢ ᠨᠢ 293 ᠳᠡᠭᠰᠢ ᠲᠦᠷᠪᠡᠯᠵᠢᠨ ᠺᠢᠯᠤᠮᠧᠲ᠋ᠷ ᠪᠠᠢᠵᠤ᠂ ᠮᠠᠨ ᠤ᠋ ᠤᠷᠤᠨ᠎ᠤ ᠬᠤᠶᠠᠳᠤᠭᠠᠷ ᠶᠡᠬᠡ ᠴᠡᠩᠬᠡᠭ ᠨᠠᠭᠤᠷ ᠪᠤᠯᠬᠤ ᠪᠦᠬᠡᠳ ᠳᠡᠯᠡᠬᠡᠢ ᠵᠢᠨ ᠪᠦᠮᠪᠦᠷᠴᠡᠭ᠎ᠤᠨ ᠠᠳᠠᠯᠢᠬᠠᠨ ᠨᠢᠬᠡ ᠦᠷᠬᠡᠷᠢᠭ ᠳᠡᠬᠡᠷᠡᠬᠢ ᠬᠠᠮᠤᠭ᠎ᠤᠨ ᠳᠤᠮᠤ ᠨᠤᠭᠤ ᠭᠠᠵᠠᠷ ᠪᠤᠯᠤᠨ᠎ᠠ》 ᠬᠡᠵᠦ ᠪᠠᠶᠠᠨᠨᠠᠭᠤᠷ ᠬᠤᠳᠠ ᠵᠢᠨ ᠤᠷᠠᠳ᠎ᠤᠨ ᠡᠮᠦᠨᠡᠳᠤ ᠬᠤᠰᠢᠭᠤᠨ᠎ᠤ ᠤᠳᠬ᠎ᠠ ᠤᠷᠠᠯᠢᠭ᠎ᠤᠨ ᠬᠢᠨ᠎ᠤ ᠬᠤᠯᠪᠤᠭ᠎ᠠ ᠵᠢᠨ ᠳᠡᠷᠢᠬᠦᠯᠡᠭᠴᠢ ᠵᠢᠶᠠ ᠢᠤᠢ ᠴᠤᠸᠠᠨ ᠳᠠᠨᠢᠯᠴᠠᠭᠤᠯᠵᠤ ᠪᠠᠢᠯ᠎ᠠ᠃


tu2.jpg

            ᠵᠢᠶᠠ ᠢᠤᠢ ᠴᠤᠸᠠᠨ


ᠤᠯᠠᠭᠠᠨᠰᠤᠬᠠᠢ ᠵᠢᠨ ᠲᠡᠦᠬᠡ ᠵᠢ ᠮᠦᠷᠳᠡᠪᠡᠯ᠄ 1000 ᠵᠢᠯ᠎ᠤᠨ ᠡᠮᠦᠨ᠎ᠡ᠂ ᠤᠯᠠᠭᠠᠨᠰᠤᠬᠠᠢ ᠨᠠᠭᠤᠷ ᠨᠢ ᠳᠠᠯ᠎ᠠ ᠭᠠᠵᠠᠷ ᠪᠠᠢᠵᠠᠢ᠃ ᠰᠦᠢ ᠤᠯᠤᠰ᠎ᠤᠨ ᠦᠶ᠎ᠠ ᠳ᠋ᠤ ᠡᠨᠳᠡ ᠳᠠ ᠲᠦᠩ ᠬᠤᠳᠠ ᠵᠢ ᠪᠠᠢᠭᠤᠯᠪᠠ᠂ ᠲᠠᠩ ᠤᠯᠤᠰ᠎ᠤᠨ ᠦᠶ᠎ᠠ ᠳ᠋ᠤ ᠲᠢᠶᠠᠨ ᠳᠧ ᠴᠡᠷᠢᠭ᠎ᠤᠨ ᠬᠤᠳᠠ ᠵᠢ ᠪᠠᠢᠭᠤᠯᠵᠤ᠂ ᠬᠤᠳᠠ ᠪᠡᠷ ᠴᠠᠢᠵᠠ ᠪᠤᠯᠭᠠᠵᠤ᠂ ᠤᠳᠤ ᠵᠢᠨ ᠪᠤᠭᠤᠳᠤ ᠬᠤᠳᠠ ᠡᠴᠡ ᠪᠠᠷᠠᠭᠤᠨᠰᠢᠬᠢ ᠬᠦᠨᠳᠡᠯᠡᠨ ᠭᠤᠤᠯ ᠤ᠋ᠨ ᠬᠦᠨᠳᠡᠢ ᠪᠡᠷ ᠲᠦᠷᠺ᠎ᠤᠨ ᠴᠡᠷᠢᠭ ᠭᠤᠤᠯ ᠢ᠋ ᠬᠡᠳᠦᠯᠵᠦ ᠮᠤᠨᠢ ᠠᠭᠤᠯᠠ ᠵᠢᠨ ᠬᠤᠢᠨ᠎ᠠ ᠡᠴᠡ ᠲᠦᠷᠢᠨ ᠤᠷᠤᠵᠤ᠂ ᠳᠤᠮᠳᠠᠳᠤ ᠤᠷᠤᠨ᠎ᠤ ᠠᠮᠤᠷ ᠲᠦᠪᠰᠢᠨ ᠢ᠋ ᠰᠦᠷᠳᠡᠬᠦᠯᠬᠦ ᠡᠴᠡ ᠰᠡᠷᠬᠡᠢᠯᠡᠬᠦ ᠵᠢᠨ ᠲᠦᠯᠦᠬᠡ ᠪᠠᠢᠭᠤᠯᠪᠠ᠃

2000 ᠭᠠᠷᠤᠢ ᠵᠢᠯ ᠤ᠋ᠨ ᠡᠮᠦᠨ᠎ᠡ᠂ ᠪᠠᠷᠠᠭᠤᠨ ᠬᠠᠨ ᠡᠴᠡ ᠮᠢᠩ ᠤᠯᠤᠰ᠎ᠤᠨ ᠰᠡᠬᠦᠯᠴᠢ ᠪᠤᠯᠳᠠᠯ᠎ᠠ᠂ ᠬᠠᠳᠤᠨ ᠭᠤᠤᠯ ᠨᠢ ᠪᠤᠷᠤᠳᠤᠬᠤᠢ ᠵᠢᠨ ᠳᠠᠯ᠎ᠠ ᠳ᠋ᠤ ᠤᠷᠤᠰᠤᠨ ᠤᠷᠤᠬᠤ ᠳ᠋ᠠᠭᠠᠨ ᠳ᠋ᠧᠩᠺᠧᠦ ᠰᠢᠶᠠᠨ᠎ᠤ ᠪᠤᠯᠤᠩ ᠨᠠᠭᠤᠷ ᠤ᠋ᠨ ᠪᠠᠷᠠᠭᠤᠨ ᠬᠤᠢᠳᠤ ᠬᠡᠰᠡᠭ ᠲᠤ᠌ ᠡᠮᠦᠨ᠎ᠡ ᠬᠤᠢᠨ᠎ᠠ ᠬᠤᠶᠠᠷ ᠭᠤᠤᠯ ᠪᠤᠯᠤᠨ ᠬᠤᠪᠢᠶᠠᠭᠳᠠᠵᠤ᠂ ᠡᠮᠦᠨ᠎ᠡ ᠭᠤᠤᠯ ᠨᠢ ᠳᠡᠳ᠋ ᠤᠷᠤᠰᠬᠠᠯ ᠪᠤᠯᠵᠤ᠂ ᠬᠤᠢᠳᠤ ᠭᠤᠤᠯ ᠨᠢ ᠭᠤᠤᠯ ᠤᠷᠤᠰᠬᠠᠯ ᠪᠤᠯᠵᠤ ᠤᠷᠤᠰᠳᠠᠭ ᠪᠠᠢᠵᠠᠢ᠃

ᠳᠡᠯᠡᠬᠡᠢ ᠵᠢᠨ ᠴᠡᠷᠴᠠᠳᠠᠰᠤᠨ᠎ᠤ ᠳᠠᠰᠤᠷᠠᠯᠳᠠ ᠦᠬᠡᠢ ᠬᠦᠳᠡᠯᠬᠡᠬᠡᠨ ᠡᠴᠡ ᠪᠤᠯᠵᠤ᠂ ᠮᠤᠨᠢ ᠠᠭᠤᠯᠠ ᠵᠢᠨ ᠨᠢᠷᠤᠭᠤ ᠳᠡᠬᠡᠭᠰᠢ ᠡᠷᠬᠦᠭᠳᠡᠵᠦ᠂ ᠪᠤᠷᠤᠳᠤᠬᠤᠢ ᠵᠢᠨ ᠳᠠᠯ᠎ᠠ ᠭᠠᠵᠠᠷ ᠨᠠᠮ ᠳᠤᠤᠷ᠎ᠠ ᠪᠤᠯᠪᠠ᠃ ᠴᠢᠩ ᠤᠯᠤᠰ᠎ᠤᠨ ᠡᠬᠢᠨ᠎ᠤ ᠦᠶ᠎ᠡ ᠳ᠋ᠤ᠂ ᠤᠯᠠᠭᠠᠨᠰᠤᠬᠠᠢ ᠲᠠᠭᠠᠤ ᠭᠠᠵᠠᠷ ᠨᠢ ᠬᠠᠳᠤᠨ ᠭᠤᠤᠯ᠎ᠤᠨ ᠤᠷᠤᠰᠬᠠᠯ ᠤ᠋ᠨ ᠭᠠᠵᠠᠷ ᠡᠴᠡ ᠦᠨᠳᠦᠷ ᠪᠤᠯᠵᠤ᠂ ᠬᠠᠳᠤᠨ ᠭᠤᠤᠯ ᠤ᠋ᠨ ᠤᠷᠤᠰᠬᠠᠯ ᠬᠤᠷᠢᠭᠳᠠᠨ ᠵᠡᠬᠦᠨᠰᠢ ᠤᠷᠤᠰᠴᠤ ᠳᠡᠢᠯᠬᠦ ᠪᠠᠨ ᠪᠤᠯᠢᠭᠠᠳ᠂ ᠡᠨᠳᠡ ᠡᠴᠡ ᠤᠭᠵᠤᠮ ᠡᠷᠬᠢᠵᠦ ᠡᠮᠦᠨᠡᠰᠢ ᠤᠮᠠᠷᠠᠰᠢ ᠴᠢᠭᠯᠡᠯ ᠵᠢᠡᠷ ᠨᠢᠬᠡ ᠬᠡᠰᠡᠭ ᠤᠷᠤᠰᠳᠠᠭ ᠪᠤᠯᠵᠠᠢ᠃ ᠡᠭᠦᠨ ᠡᠴᠡ ᠬᠠᠲᠤᠨ ᠭᠣᠣᠯ᠎ᠤᠨ ᠤᠷᠤᠰᠬᠠᠯ ᠤ᠋ᠨ ᠵᠠᠮ ᠠᠩᠬ᠎ᠠ ᠤᠳᠠᠭ᠎ᠠ ᠦᠬᠡᠷᠡᠴᠢᠯᠡᠭᠳᠡᠪᠡ᠃ ᠤᠷᠤᠰᠬᠠᠯ ᠨᠢ ᠮᠤᠨᠢ ᠠᠭᠤᠯᠠ ᠵᠢᠨ ᠬᠤᠢᠭᠤᠷ ᠡᠴᠡ ᠡᠮᠦᠨᠡᠬᠦᠷ ᠤᠷᠤᠰᠬᠤ ᠪᠤᠯᠵᠤ᠂ ᠤᠯᠠᠭᠠᠨᠰᠤᠬᠠᠢ ᠳ᠋ᠤ ᠭᠤᠤᠯ᠎ᠤᠨ ᠵᠠᠮ ᠭᠠᠷᠭᠠᠵᠤ ᠦᠭᠬᠦᠭᠰᠡᠨ ᠠᠵᠢ᠃

ᠪᠠᠷᠠᠭᠤᠨ ᠬᠤᠢᠳᠤ ᠵᠢᠨ ᠰᠠᠯᠬᠢ᠂ ᠨᠡᠬᠦᠳᠡᠯ ᠡᠯᠡᠰᠦᠨ᠎ᠤ ᠲᠦᠷᠢᠯᠳᠡ᠂ ᠯᠠᠨᠭᠱᠠᠨ ᠠᠭᠤᠯᠠ᠎ᠶᠢᠨ ᠦᠶᠡᠷ᠎ᠦᠨ ᠭᠠᠮᠰᠢᠭ᠋ ᠪᠠᠢᠨ ᠳᠠᠬᠢᠨ ᠡᠬᠦᠰᠳᠡᠭ ᠵᠡᠷᠬᠡ ᠰᠢᠯᠳᠠᠭᠠᠨ ᠡᠴᠡ ᠪᠤᠯᠵᠤ ᠮᠤᠨᠢ ᠠᠭᠤᠯᠠ ᠵᠢᠨ ᠡᠮᠦᠨ᠎ᠡ ᠬᠤᠷᠮᠤᠢ ᠳ᠋ᠤ ᠶᠡᠬᠡ ᠬᠡᠮᠵᠢᠶᠡᠨ᠎ᠤ ᠠᠭᠤᠯᠠᠨ ᠤ᠋ ᠴᠢᠯᠠᠭᠤ ᠤᠷᠤᠰᠬᠠᠭᠳᠠᠨ ᠤᠪᠤᠭᠠᠷᠠᠵᠤ᠂ 1850 ᠤᠨ ᠳ᠋ᠤ ᠬᠤᠢᠳᠤ ᠭᠤᠤᠯ᠎ᠤᠨ ᠳᠡᠬᠡᠳᠤ ᠤᠷᠤᠰᠬᠠᠯ ᠪᠤᠯᠬᠤ ᠦᠵᠦᠬᠦᠷ ᠭᠤᠤᠯ᠎ᠤᠨ ᠰᠠᠪᠠ ᠰᠢᠪᠠᠷ ᠰᠢᠷᠣᠢ᠎ᠳᠤ ᠪᠥᠭᠯᠡᠭᠳᠡᠭᠰᠡᠨ᠎ᠡᠴᠡ ᠬᠠᠲᠤᠨ ᠭᠣᠣᠯ᠎ᠤᠨ ᠤᠷᠤᠰᠬᠠᠯ ᠨᠢ ᠡᠮᠦᠨ᠎ᠡ ᠭᠣᠣᠯ ᠳᠡᠢᠰᠢ ᠤᠷᠤᠰᠬᠠᠯ ᠵᠢᠡᠨ ᠦᠬᠡᠷᠡᠴᠢᠯᠡᠵᠡᠢ᠃

《ᠬᠠᠲᠤᠨ ᠭᠣᠣᠯ ᠤ᠋ᠨ ᠤᠷᠤᠰᠬᠠᠯ ᠬᠤᠶᠠᠳᠡᠬᠢ ᠤᠳᠠᠭ᠎ᠠ ᠦᠬᠡᠷᠡᠴᠢᠯᠡᠭᠳᠡᠵᠦ᠂ ᠬᠤᠢᠳᠤ ᠭᠤᠤᠯ᠎ᠤᠨ ᠰᠠᠪᠠ ᠪᠦᠭᠯᠡᠷᠡᠵᠦ᠂ ᠭᠤᠤᠯ᠎ᠤᠨ ᠤᠰᠤ ᠬᠤᠳᠤᠭᠤᠷ ᠭᠠᠵᠠᠷ ᠳᠡᠢᠰᠢ ᠤᠷᠤᠰᠤᠨ ᠤᠷᠤᠭᠰᠠᠨ ᠡᠴᠡ ᠬᠠᠮᠤᠭ᠎ᠤᠨ ᠬᠦᠨ ᠬᠤᠶᠠᠷ ᠬᠤᠳᠤᠭᠤᠷ ᠭᠠᠵᠠᠷ ᠲᠤ᠌ ᠤᠰᠤ ᠳᠤᠭᠳᠠᠵᠤ᠂ ᠨᠢᠭᠡ ᠵᠢ ᠨᠢ 〈ᠳ᠋ᠠ ᠪᠠ᠎ᠡᠯ ᠴᠦᠩᠬᠦᠯ〉 ᠂ ᠨᠥᠭᠥᠭᠡ ᠵᠢ ᠨᠢ 〈ᠬᠠᠢ ᠬᠤᠤ ᠭᠤᠤ〉 ᠬᠡᠵᠦ ᠨᠡᠷᠡᠯᠡᠨ᠂ ᠬᠣᠶᠠᠷ ᠬᠣᠲᠣᠭᠣᠷ ᠭᠠᠵᠠᠷ᠎ᠤᠨ ᠶᠡᠷᠦᠩᠬᠡᠢ ᠲᠠᠯᠠᠪᠠᠶ ᠨᠢ 2 ᠲᠡᠭᠰᠢ ᠳᠥᠷᠪᠡᠯᠵᠢᠨ ᠺᠢᠯᠣᠮᠧᠲᠷ ᠤᠷᠴᠢᠮ ᠬᠦᠷᠴᠡᠢ᠃ ᠡᠨᠡ ᠬᠣᠶᠠᠷ ᠬᠣᠲᠣᠭᠣᠷ ᠤ᠋ᠨ ᠬᠥᠪᠡᠭᠡᠨ᠎ᠳᠦ ᠤᠯᠠᠭᠠᠨ ᠰᠤᠬᠠᠢ ᠢᠭᠴᠤ ᠤᠷᠭᠤᠳᠠᠭ ᠡᠴᠡ ᠲᠤᠬᠠᠢ᠎ᠶᠢᠨ ᠦᠶ᠎ᠡ᠎ᠳᠦ ᠬᠥᠮᠥᠰ ᠤᠯᠠᠭᠠᠨᠰᠤᠬᠠᠢ ᠭᠡᠵᠦ ᠨᠡᠷᠡᠯᠡᠵᠡᠢ᠃ ᠡᠨᠡ ᠪᠤᠯ ᠤᠯᠠᠭᠠᠨᠰᠤᠬᠠᠢ ᠨᠠᠭᠤᠷ᠎ᠤᠨ ᠠᠩᠬ᠎ᠠ ᠪᠦᠷᠢᠯᠳᠦᠯ᠎ᠤᠨ ᠦᠶ᠎ᠠ ᠪᠤᠯᠤᠨ᠎ᠠ》 ᠬᠡᠵᠦ ᠵᠢᠶᠠ ᠢᠤᠢ ᠴᠤᠸᠠᠨ ᠳᠠᠨᠢᠯᠴᠠᠭᠤᠯᠤᠯ᠎ᠠ᠃

ᠴᠢᠩ ᠤᠯᠤᠰ᠎ᠤᠨ ᠰᠡᠬᠦᠯᠴᠢ ᠪᠡᠷ ᠤᠰᠤᠯᠠᠯᠳᠠ ᠵᠢᠨ ᠤᠷᠤᠨ ᠢ᠋ ᠳᠠᠰᠤᠷᠠᠯᠳᠠ ᠦᠬᠡᠢ ᠨᠡᠭᠡᠬᠡᠭᠰᠡᠨ ᠪᠠ ᠴᠢᠯᠦᠬᠡᠯᠡᠭᠳᠡᠬᠦ ᠡᠴᠡ ᠡᠮᠦᠨ᠎ᠡ ᠤᠰᠤᠨ ᠠᠰᠢᠭᠯᠠᠯᠳᠠ ᠵᠢᠨ ᠪᠠᠷᠢᠯᠭ᠎ᠠ ᠳᠤᠳᠠᠮᠠᠭ ᠰᠢᠯᠳᠠᠭᠠᠨ ᠡᠴᠡ ᠪᠤᠯᠵᠤ ᠬᠠᠳᠤᠨ ᠭᠤᠤᠯ ᠪᠠᠢᠨ ᠳᠠᠬᠢᠨ ᠦᠶᠡᠷᠯᠡᠵᠦ᠂ ᠤᠯᠠᠭᠠᠨᠰᠤᠬᠠᠢ ᠨᠠᠭᠤᠷ᠎ᠤᠨ ᠳᠠᠯᠠᠪᠠᠢ ᠤᠯᠠᠮ ᠵᠢᠡᠷ ᠶᠡᠬᠡᠰᠤᠨ᠂ 1949 ᠤᠨ ᠪᠤᠯᠬᠤ ᠳ᠋ᠤ ᠤᠰᠤᠨ᠎ᠤ ᠭᠠᠳᠠᠷᠭᠤ 800 ᠰᠢᠬᠠᠮ ᠲᠡᠭᠰᠢ ᠳᠥᠷᠪᠡᠯᠵᠢᠨ ᠺᠢᠯᠣᠮᠧᠲᠷ᠎ᠲᠦ ᠬᠦᠷᠲᠡᠯ᠎ᠡ ᠥᠷᠭᠡᠳᠴᠡᠢ᠃ ᠡᠨᠡ ᠪᠣᠯ ᠤᠯᠠᠭᠠᠨᠰᠤᠬᠠᠢ ᠨᠠᠭᠤᠷ᠎ᠤᠨ ᠲᠡᠦᠬᠡᠨ᠎ᠳᠡᠬᠢ ᠬᠠᠮᠤᠭ᠎ᠤᠨ ᠶᠡᠬᠡ ᠲᠠᠯᠠᠪᠠᠢ ᠪᠣᠯᠣᠨ᠎ᠠ᠃ 1976 ᠣᠨ᠎ᠳᠤ᠂ ᠪᠣᠷᠣᠳᠣᠬᠣᠢ ᠣᠷᠣᠨ᠎ᠳᠤ ᠶᠡᠷᠦᠩᠬᠡᠢ ᠤᠰᠤ ᠵᠠᠯᠠᠬᠤ ᠭᠣᠣᠯ ᠰᠤᠪᠠᠭ᠎ᠢ ᠮᠠᠯᠲᠠᠨ ᠨᠠᠪᠲᠠᠷᠡᠭᠦᠯᠵᠦ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠳᠤ《ᠬᠠᠲᠤᠨ ᠭᠣᠣᠯ᠎ᠤᠨ ᠤᠰᠤ᠎ᠶᠢ ᠲᠠᠲᠠᠵᠤ ᠤᠰᠤᠯᠠᠬᠤ ︱ ᠲᠠᠷᠢᠶᠠᠨ ᠭᠠᠵᠠᠷ᠎ᠤ᠋ᠨ ᠤᠰᠤ ᠵᠢ ᠵᠠᠯᠠᠬᠤ ︱ ᠤᠯᠠᠭᠠᠨᠰᠤᠬᠠᠢ ᠨᠠᠭᠤᠷ ᠤ᠋ᠨ ᠤᠰᠤ ᠵᠢ ᠲᠣᠬᠢᠷᠠᠭᠤᠯᠤᠨ ᠬᠠᠳᠠᠭᠠᠯᠠᠵᠤ ᠴᠡᠪᠡᠷᠰᠢᠭᠦᠯᠬᠦ ︱ ᠦᠯᠡᠬᠦᠳᠡᠭᠰᠡᠨ ᠤᠰᠤ᠎ᠶᠢ ᠬᠠᠲᠤᠨ ᠭᠣᠣᠯ᠎ᠳᠤ ᠣᠷᠣᠭᠤᠯᠬᠤ》 ᠪᠦᠷᠢᠨ ᠪᠦᠲᠦᠨ ᠤᠰᠤᠨ᠎ᠤ ᠡᠷᠭᠢᠯᠲᠡ᠎ᠶᠢᠨ ᠰᠢᠰᠲᠧᠮ᠎ᠢ ᠪᠦᠷᠢᠯᠳᠦᠭᠦᠯᠦᠭᠰᠡᠨ ᠡᠴᠡ ᠤᠯᠠᠭᠠᠨᠰᠤᠬᠠᠢ ᠨᠠᠭᠤᠷ᠎ᠤ᠋ᠨ ᠴᠢᠳᠠᠮᠵᠢ᠎ᠨᠢ ᠤᠰᠤᠯᠠᠯᠲᠠ᠎ᠶᠢᠨ ᠣᠷᠣᠨ᠎ᠤ ᠲᠠᠷᠢᠶᠠᠨ ᠭᠠᠵᠠᠷ᠎ᠤᠨ ᠤᠰᠤ ᠲᠠᠲᠠᠷᠠᠭᠤᠯᠬᠤ ᠪᠠ ᠬᠤᠷ᠎ᠠ ᠲᠤᠨᠤᠳᠠᠰᠤ ᠠᠭᠤᠯᠠ᠎ᠶᠢᠨ ᠦᠶᠡᠷ᠎ᠦᠨ ᠬᠤᠷᠠᠵᠤ ᠲᠣᠭᠲᠠᠬᠤ ᠣᠷᠣᠨ ᠪᠤᠯᠪᠠ᠃

ᠤᠯᠠᠭᠠᠨᠰᠤᠬᠠᠢ ᠨᠠᠭᠤᠷ ᠪᠠᠷᠠᠭᠤᠨ ᠳᠠᠯ᠎ᠠ ᠪᠡᠷ ᠵᠢᠡᠨ ᠤᠯᠠᠭᠠᠨᠪᠤᠬ᠎ᠠ ᠵᠢᠨ ᠡᠯᠡᠰᠤ ᠳᠠᠢ ᠵᠠᠯᠭᠠᠯᠳᠤᠵᠤ᠂ ᠵᠡᠬᠦᠨ ᠳᠠᠯ᠎ᠠ ᠪᠡᠷ ᠨᠢ ᠮᠤᠨᠢ ᠠᠭᠤᠯᠠ ᠵᠢᠨ ᠪᠠᠢᠭᠠᠯᠢ ᠵᠢᠨ ᠤᠢ ᠰᠢᠭᠤᠢ ᠵᠢᠨ ᠴᠡᠴᠡᠷᠯᠢᠭ ᠪᠠᠢᠷᠢᠰᠢᠨ᠂ ᠡᠮᠦᠨᠡᠬᠦᠷ ᠨᠢ ᠬᠠᠳᠤᠨ ᠭᠤᠤᠯ ᠤᠷᠤᠰᠤᠨ᠂ ᠬᠠᠳᠤᠨ ᠭᠤᠤᠯ ᠤ᠋ᠨ ᠤᠷᠤᠰᠬᠠᠯ ᠳᠠᠭᠠᠤ ᠬᠠᠮᠤᠭ᠎ᠤᠨ ᠲᠤᠮᠤ ᠨᠤᠭᠤ ᠭᠠᠵᠠᠷ ᠢ᠋ ᠪᠦᠷᠢᠯᠳᠦᠬᠦᠯᠵᠦ᠂ ᠪᠤᠷᠤᠳᠤᠬᠤᠢ ᠵᠢᠨ ᠤᠰᠤᠯᠠᠯᠳᠠ ᠵᠢᠨ ᠤᠷᠤᠨ᠎ᠤ ᠤᠰᠤ ᠵᠢ ᠭᠠᠳᠠᠭᠰᠢᠯᠠᠭᠤᠯᠬᠤ ᠰᠢᠰᠲ᠋ᠧᠮ ᠤ᠋ᠨ ᠴᠢᠬᠤᠯᠠ ᠪᠦᠷᠢᠯᠳᠦᠬᠦᠨ ᠬᠡᠰᠡᠭ᠂ ᠬᠠᠳᠤᠨ ᠭᠤᠤᠯ᠎ᠤᠨ ᠠᠮᠢ ᠠᠬᠤᠢ ᠵᠢᠨ ᠠᠮᠤᠷ ᠲᠦᠪᠰᠢᠨ ᠤ᠋ ᠭᠤᠤᠯ ᠵᠠᠩᠬᠢᠯᠠᠭ᠎ᠠ ᠵᠢᠨ ᠤᠷᠤᠨ ᠪᠤᠯᠤᠭᠰᠠᠨ ᠪᠠᠢᠨ᠎ᠠ᠃ ᠤᠯᠠᠭᠠᠨᠰᠤᠬᠠᠢ ᠵᠢᠨ ᠠᠮᠢ ᠠᠬᠤᠢ ᠵᠢᠨ ᠤᠷᠴᠢᠨ ᠳᠤᠭᠤᠷᠢᠨ ᠢ᠋ ᠬᠠᠮᠠᠭᠠᠯᠠᠬᠤ ᠨᠢ ᠬᠠᠳᠤᠨ ᠭᠤᠤᠯ᠎ᠤᠨ ᠠᠮᠢ ᠠᠬᠤᠢ ᠵᠢᠨ ᠠᠮᠤᠷ ᠲᠦᠪᠰᠢᠨ ᠲᠠᠢ ᠬᠤᠯᠪᠤᠭᠳᠠᠵᠤ᠂ ᠤᠯᠤᠰ᠎ᠤᠨ ᠳᠤᠳᠤᠭᠠᠳᠤ ᠵᠢᠨ ᠨᠡᠬᠦᠳᠡᠯ᠎ᠤᠨ ᠰᠢᠪᠠᠭᠤᠳ᠎ᠤᠨ ᠠᠮᠠᠷᠠᠬᠤ ᠭᠠᠵᠠᠷ ᠪᠠᠢᠵᠤ᠂ ᠮᠠᠨ᠎ᠤ ᠤᠯᠤᠰ᠎ᠤᠨ ᠤᠮᠠᠷᠠᠳᠤ ᠵᠢᠨ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ᠂ ᠬᠠᠳᠤᠨ ᠭᠤᠤᠯ᠎ᠤᠨ ᠤᠰᠤᠨ ᠤ᠋ ᠴᠢᠨᠠᠷ ᠪᠠ ᠦᠶᠡᠷ᠎ᠤᠨ ᠬᠤᠭᠤᠴᠠᠭ᠎ᠠ ᠵᠢᠨ ᠠᠮᠤᠷ ᠲᠦᠪᠰᠢᠨ᠂ ᠭᠠᠵᠠᠷ ᠤᠷᠤᠨ ᠤ᠋ ᠠᠵᠤ ᠠᠬᠤᠢ ᠵᠢᠨ ᠬᠦᠭᠵᠢᠯᠳᠡ ᠵᠢ ᠠᠬᠢᠭᠤᠯᠬᠤ ᠳ᠋ᠤ ᠴᠢᠬᠤᠯᠠ ᠦᠢᠯᠡᠳᠦᠯ ᠵᠢᠡᠨ ᠪᠠᠳᠠᠷᠠᠭᠤᠯᠵᠤ ᠪᠠᠢᠳᠠᠭ᠃

ᠬᠦᠮᠦᠨ ᠪᠠᠢᠭᠠᠯᠢ ᠵᠢᠨ ᠡᠶ᠎ᠡ ᠵᠤᠬᠢᠴᠠᠯ᠎ᠳᠤ ᠤᠯᠠᠭᠠᠨᠰᠤᠬᠠᠢ ᠴᠡᠯᠮᠡᠬᠦᠨ

ᠨᠠᠮᠤᠷ᠎ᠤᠨ ᠡᠬᠢᠨ᠎ᠤ ᠤᠯᠠᠭᠠᠨᠰᠤᠬᠠᠢ ᠨᠠᠭᠤᠷ᠎ᠲᠤ ᠨᠣᠮᠢᠨ ᠳᠣᠯᠭᠢᠶᠠᠨ ᠬᠠᠶᠠᠯᠠᠵᠤ᠂ ᠤᠰᠤᠨ᠎ᠤ ᠰᠢᠪᠠᠭᠤᠳ ᠬᠠᠯᠢᠨ ᠳᠡᠭᠦᠯᠢᠨ᠎ᠡ᠃ ᠡᠷᠳᠡᠨᠢᠪᠤᠯᠠᠭ ᠰᠤᠮᠤ ᠵᠢᠨ ᠰᠠᠢᠨᠬᠤᠳᠳᠤᠭ ᠭᠠᠴᠠᠭ᠎ᠠ ᠵᠢᠨ ᠯᠢᠦ ᠰᠢᠦ ᠵᠧᠨ ᠤ᠋ ᠬᠢᠨ ᠤᠯᠠᠭᠠᠨᠰᠤᠬᠠᠢ ᠨᠠᠭᠤᠷ᠎ᠤᠨ ᠡᠮᠦᠨ᠎ᠡ ᠬᠦᠪᠡᠬᠡᠨ ᠳ᠋ᠤ ᠰᠠᠭᠤᠷᠢᠰᠢᠳᠠᠭ᠃ ᠲᠡᠷᠡ᠄《ᠮᠠᠨ᠎ᠤ ᠭᠠᠴᠠᠭ᠎ᠠ ᠨᠠᠭᠤᠷ ᠡᠴᠡ 1 ᠺᠢᠯᠤᠮᠧᠲ᠋ᠷ ᠵᠠᠢᠳᠠᠢ᠃ 2008 ᠤᠨ᠎ᠤ ᠦᠶ᠎ᠠ ᠪᠡᠷ ᠤᠯᠠᠭᠠᠨᠰᠤᠬᠠᠢ ᠨᠠᠭᠤᠷ ᠶᠡᠬᠡ ᠪᠤᠬᠢᠷᠳᠤᠭᠰᠠᠨ ᠦᠶ᠎ᠠ ᠳ᠋ᠤ ᠨᠢᠬᠡᠨ ᠦᠶ᠎ᠠ ᠦᠮᠡᠬᠡᠢ ᠦᠨᠦᠷ ᠬᠠᠩᠬᠤᠯᠵᠤ ᠂ ᠰᠢᠪᠠᠭᠤᠳ᠎ᠤᠨ ᠲᠦᠷᠦᠯ ᠮᠡᠳᠡᠭᠳᠡᠮ᠎ᠡ ᠪᠠᠭᠠᠰᠤᠨ᠂ᠵᠢᠭᠤᠯᠴᠢᠯᠠᠬᠤ ᠪᠡᠷ ᠢᠷᠡᠭᠰᠡᠨ ᠬᠦᠮᠦᠰ ᠴᠤ᠌ ᠶᠡᠬᠡ ᠬᠠᠷᠠᠮᠰᠠᠳᠠᠭ ᠪᠠᠢᠵᠠᠢ᠃ ᠤᠷᠴᠢᠮ ᠤ᠋ᠨ ᠬᠡᠳᠦᠨ ᠵᠢᠯ ᠨᠠᠭᠤᠷ ᠤ᠋ᠨ ᠠᠮᠢ ᠠᠬᠤᠢ ᠵᠢᠨ ᠵᠠᠰᠠᠯᠳᠠ ᠰᠠᠢᠵᠢᠷᠠᠭᠰᠠᠨ ᠡᠴᠡ ᠡᠨᠳᠡᠬᠢ ᠠᠭᠠᠷ ᠰᠢᠨ᠎ᠡ ᠰᠤᠷᠭᠤᠭ ᠪᠤᠯᠵᠤ᠂ ᠤᠷᠤᠰᠢᠨ ᠰᠠᠭᠤᠬᠤ ᠳ᠋ᠤ ᠳᠠᠭᠠᠯᠠᠮᠵᠢᠳᠠᠢ᠂ ᠨᠠᠭᠤᠷ᠎ᠤᠨ ᠬᠦᠪᠡᠬᠡ ᠪᠡᠷ ᠪᠡᠶ᠎ᠠ ᠪᠤᠯᠪᠠᠰᠤᠷᠠᠬᠤ ᠬᠦᠮᠦᠰ ᠴᠤ᠌ ᠤᠯᠠᠰᠢᠷᠠᠵᠦ ᠂ ᠵᠢᠭᠤᠯᠴᠢᠯᠠᠭᠰᠠᠳ ᠨᠡᠩ ᠤᠯᠠᠰᠢᠷᠠᠪᠠ》 ᠬᠡᠵᠦ ᠶᠠᠷᠢᠨ᠎ᠠ᠃


tu1.jpg

            ᠯᠢᠦ ᠰᠢᠦ ᠵᠧᠨ


《ᠳᠡᠬᠡᠷ᠎ᠡ ᠵᠠᠭᠤᠨ ᠤ᠋ ᠨᠠᠶᠠ ᠶᠡᠷᠡᠬᠡᠳ ᠤᠨ ᠡᠴᠡ ᠡᠬᠢᠯᠡᠨ ᠬᠡᠲᠦᠷᠡᠲᠡᠯ᠎ᠡ ᠬᠠᠭᠠᠯᠪᠤᠷᠢᠯᠠᠵᠤ ᠮᠠᠯᠵᠢᠭᠰᠠᠨ ᠵᠡᠷᠬᠡ ᠰᠢᠯᠳᠠᠭᠠᠨ ᠡᠴᠡ ᠪᠤᠯᠵᠤ᠂ ᠤᠯᠠᠭᠠᠨᠰᠤᠬᠠᠢ ᠨᠠᠭᠤᠷ ᠤ᠋ᠨ ᠴᠢᠬᠤᠯᠠ ᠠᠮᠢ ᠠᠬᠤᠢ ᠵᠢᠨ ᠬᠠᠯᠬᠠᠪᠴᠢ ᠵᠢᠨ ᠴᠢᠳᠠᠮᠵᠢ ᠪᠠᠭᠤᠷᠠᠭᠰᠠᠨ ᠪᠠᠢᠪᠠ》 ᠬᠡᠵᠦ ᠤᠯᠠᠭᠠᠨᠰᠤᠬᠠᠢ ᠵᠢᠨ ᠠᠮᠢ ᠠᠬᠤᠢ ᠵᠢ ᠬᠠᠮᠠᠭᠠᠯᠠᠬᠤ ᠲᠦᠪ᠎ᠤᠨ ᠳᠡᠳ᠋ ᠡᠷᠬᠢᠯᠡᠭᠴᠢ ᠪᠤᠤ ᠸᠧᠢ ᠲᠠᠨᠢᠯᠴᠠᠭᠤᠯᠪᠠ᠃

ᠮᠠᠨ᠎ᠤ ᠤᠷᠤᠨ᠎ᠤ ᠤᠯᠠᠭᠠᠨᠰᠤᠬᠠᠢ ᠨᠠᠭᠤᠷ᠎ᠤᠨ ᠵᠠᠰᠠᠯᠳᠠ 2008 ᠤᠨ ᠡᠴᠡ ᠡᠬᠢᠯᠡᠭᠰᠡᠨ ᠶᠤᠮ᠃ ᠵᠠᠰᠠᠯᠳᠠ ᠵᠢᠨ ᠡᠬᠢᠨ᠎ᠤ ᠱᠠᠳᠤᠨ ᠳ᠋ᠤ ᠬᠦᠨᠳᠤ ᠪᠤᠬᠢᠷᠳᠤᠯ ᠡᠬᠦᠰᠬᠡᠬᠦ ᠠᠵᠤ ᠦᠢᠯᠡᠳᠪᠦᠷᠢ ᠵᠢᠨ ᠡᠬᠦᠳᠡ ᠵᠢ ᠬᠠᠭᠠᠯᠭᠠᠬᠤ᠂ ᠴᠠᠭᠠᠰᠤᠨ ᠦᠢᠯᠡᠳᠪᠦᠷᠢ ᠵᠢ ᠵᠤᠭᠰᠤᠭᠠᠬᠤ ᠮᠡᠳᠤ ᠪᠡᠷ ᠠᠰᠠᠭᠤᠳᠠᠯ ᠳ᠋ᠤ ᠴᠢᠭᠯᠡᠬᠦᠯᠦᠨ ᠠᠰᠠᠭᠤᠳᠠᠯ ᠢ᠋ ᠰᠢᠢᠳᠪᠦᠷᠢᠯᠡᠵᠦ᠂ ᠭᠤᠤᠯᠳᠠᠭᠤ ᠤᠰᠤᠨ᠎ᠤ ᠪᠤᠬᠢᠷᠳᠤᠯ ᠢ᠋ ᠵᠠᠰᠠᠵᠤ ᠪᠠᠢᠵᠠᠢ᠃ 2016 ᠤᠨ ᠡᠴᠡ ᠨᠠᠭᠠᠰᠢ ᠵᠠᠰᠠᠯᠳᠠ ᠵᠢᠨ ᠰᠢᠨ᠎ᠡ ᠱᠠᠳᠤᠨ ᠳ᠋ᠤ ᠤᠷᠤᠵᠤ᠂ ᠰᠢᠰᠲ᠋ᠧᠮ ᠳᠠᠢ ᠵᠠᠰᠠᠵᠤ ᠡᠬᠢᠯᠡᠭᠰᠡᠨ ᠪᠠᠢᠨ᠎ᠠ᠃ ᠤᠯᠠᠭᠠᠨᠰᠤᠬᠠᠢ ᠨᠠᠭᠤᠷ ᠪᠤᠯ ᠬᠠᠳᠤᠨ ᠭᠣᠣᠯ᠎ᠤᠨ ᠰᠠᠪᠠ ᠭᠠᠵᠠᠷ᠎ᠤᠨ ᠴᠢᠬᠤᠯᠠ ᠪᠠᠢᠭᠠᠯᠢ᠎ᠶᠢᠨ《ᠴᠡᠪᠡᠷᠰᠢᠬᠦᠯᠦᠯᠲᠡ᠎ᠶᠢᠨ ᠣᠷᠣᠨ》᠂ ᠠᠮᠢᠳᠤ ᠪᠣᠳᠠᠰ᠎ᠤᠨ 《ᠳᠦᠷᠰᠦ᠎ᠶᠢᠨ ᠢᠷᠡᠯᠲᠡ᠎ᠶᠢᠨ ᠬᠥᠮᠥᠷᠭᠡ》 ᠪᠤᠯᠤᠨ᠎ᠠ᠃

2017 ᠣᠨ᠎ᠠᠴᠠ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠤᠯᠠᠭᠠᠨᠰᠤᠬᠠᠢ ᠨᠠᠭᠤᠷ ᠢ᠋ ᠪᠠᠭᠲᠠᠭᠠᠭᠰᠠᠨ ᠮᠠᠨ᠎ᠤ ᠤᠷᠤᠨ᠎ᠤ 《ᠬᠦᠯᠦᠨ ᠨᠠᠭᠤᠷ ᠤᠯᠠᠭᠠᠨᠰᠤᠬᠠᠢ ᠨᠠᠭᠤᠷ ᠳᠠᠭ᠎ᠠ ᠵᠢᠨ ᠨᠠᠭᠤᠷ》 ᠤ᠋ᠨ ᠵᠠᠰᠠᠯᠲᠠ᠎ᠶᠢᠨ ᠲᠤᠬᠠᠢ 7 ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭᠴᠡᠢ᠃ ᠪᠠᠶᠠᠨᠨᠠᠭᠤᠷ ᠬᠤᠳᠠ ᠵᠢᠨ ᠬᠢᠨ᠂ ᠤᠯᠠᠭᠠᠨᠰᠤᠬᠠᠢ ᠨᠠᠭᠤᠷ᠎ᠤᠨ ᠠᠰᠠᠭᠤᠳᠠᠯ ᠨᠢ ᠤᠰᠤᠨ ᠳ᠋ᠤ ᠪᠠᠢᠪᠠᠴᠤ᠂ ᠡᠬᠢ ᠡᠬᠦᠰᠦᠯ ᠨᠢ ᠨᠠᠭᠤᠷ᠎ᠤᠨ ᠭᠠᠳᠠᠨ᠎ᠠ ᠪᠠᠢᠬᠤ ᠵᠢ ᠬᠦᠨᠵᠡᠬᠡᠢ ᠳᠠᠨᠢᠵᠤ᠂ ᠪᠦᠬᠦ ᠰᠠᠪᠠ ᠭᠠᠵᠠᠷ ᠳᠠᠭᠠᠤ ᠡᠬᠢ ᠡᠭᠦᠰᠦᠯ᠎ᠠᠴᠠ ᠨᠢ ᠵᠠᠰᠠᠵᠤ᠂ ᠰᠢᠰᠲᠧᠮ᠎ᠲᠠᠢ ᠵᠠᠰᠠᠵᠤ ᠂ ᠶᠡᠷᠦᠩᠬᠡᠢᠯᠡᠨ ᠵᠠᠰᠠᠪᠠᠯ ᠰᠠᠶᠢ ᠠᠮᠢ ᠠᠬᠤᠢ᠎ᠶᠢᠨ ᠭᠡᠮ ᠰᠣᠭᠣᠭ᠎ᠢ ᠲᠤᠢᠯᠪᠤᠷᠢᠲᠠᠢ ᠠᠷᠢᠯᠭᠠᠵᠤ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠤᠳᠤ ᠦᠶ᠎ᠡ᠎ᠶᠢᠨ ᠲᠠᠷᠢᠶᠠᠯᠠᠩ ᠎ᠤᠨ ᠴᠢᠨᠠᠷ ᠰᠠᠢᠲᠠᠢ ᠬᠥᠭᠵᠢᠯᠲᠡ᠎ᠳᠤ ᠨᠥᠬᠥᠴᠡᠯ ᠪᠦᠷᠢᠯᠳᠦᠭᠦᠯᠵᠦ᠂ ᠬᠠᠳᠤᠨ ᠭᠣᠣᠯ᠎ᠤᠨ ᠳᠤᠮᠳᠠ ᠳᠣᠣᠷᠠᠳᠤ ᠤᠷᠤᠰᠬᠠᠯ᠎ᠤᠨ ᠠᠮᠢ ᠠᠬᠤᠢ᠎ᠶᠢᠨ ᠠᠮᠤᠷ ᠲᠦᠪᠰᠢᠨ᠎ᠢ ᠪᠠᠲᠤᠯᠠᠬᠤ᠎ᠳᠤ ᠬᠤᠪᠢ ᠨᠡᠮᠡᠷᠢ ᠦᠵᠡᠭᠦᠯᠵᠦ ᠴᠢᠳᠠᠨ᠎ᠠ ᠭᠡᠳᠡᠭ᠎ᠢ ᠭᠦᠨᠵᠡᠭᠡᠢ ᠤᠢᠯᠠᠭᠠᠪᠠ ᠃

《ᠠᠭᠤᠯᠠ ᠤᠰᠤ ᠤᠢ ᠮᠤᠳᠤ ᠭᠠᠵᠠᠷ ᠳᠠᠷᠢᠶ᠎ᠠ ᠨᠠᠭᠤᠷ ᠪᠦᠷᠢᠳᠤ ᠨᠤᠳᠤᠭ ᠪᠡᠯᠴᠢᠬᠡᠷ ᠡᠯᠡᠰᠦ ᠮᠠᠩᠬ᠎ᠠ ᠪᠤᠯ ᠠᠮᠢ ᠨᠠᠰᠤᠨ᠎ᠤ ᠬᠠᠮᠳᠤ ᠵᠢᠨ ᠴᠤᠭᠴᠠ ᠮᠦᠨ᠃》 ᠤᠯᠠᠭᠠᠨᠰᠤᠬᠠᠢ ᠨᠠᠭᠤᠷ ᠢ᠋ ᠰᠠᠢᠳᠤᠷ ᠵᠠᠰᠠᠵᠤ᠂ ᠨᠠᠭᠤᠷ᠎ᠤᠨ ᠤᠰᠤ ᠵᠢ ᠨᠡᠩ ᠳᠤᠩᠭᠠᠯᠠᠭ ᠴᠡᠯᠮᠡᠬᠦᠨ ᠪᠤᠯᠭᠠᠬᠤ ᠵᠢᠨ ᠲᠦᠯᠦᠬᠡ ᠤᠢᠷ᠎ᠠ ᠵᠢᠨ ᠵᠢᠯ ᠳ᠋ᠤ ᠤᠯᠠᠨ ᠪᠤᠳᠠᠳᠠᠢ ᠠᠷᠭ᠎ᠠ ᠬᠡᠮᠵᠢᠶ᠎ᠠ ᠵᠢ ᠰᠦᠪᠡᠭᠴᠢᠯᠡᠵᠦ᠂ ᠡᠷᠴᠢᠮ ᠳᠠᠢ ᠵᠠᠰᠠᠯᠳᠠ ᠵᠢᠨ ᠢᠨᠵᠧᠨ᠋ᠧᠷᠢᠩ ᠢ᠋ ᠬᠡᠷᠡᠭᠵᠢᠬᠦᠯᠵᠦ ᠡᠬᠢᠯᠡᠵᠡᠢ᠃


jie2.png


《ᠴᠡᠭ ᠰᠤᠷᠪᠤᠯᠵᠢ᠎ᠶᠢᠨ ᠪᠣᠬᠢᠷᠳᠤᠯ᠂ ᠤᠯᠠᠨ ᠡᠬᠢᠲᠦ ᠪᠣᠬᠢᠷᠳᠤᠯ᠂ ᠳᠣᠲᠣᠭᠠᠳᠤ ᠡᠭᠦᠰᠦᠯ᠎ᠤᠨ ᠪᠣᠬᠢᠷᠳᠤᠯ᠎ᠢ ᠵᠠᠰᠠᠬᠤ + ᠠᠮᠢ ᠠᠬᠤᠢ᠎ᠶᠢᠨ ᠤᠰᠤ ᠨᠥᠬᠥᠪᠦᠷᠢᠯᠡᠬᠦ》 ᠪᠠ 《ᠬᠣᠶᠠᠷ᠎ᠢ ᠠᠷᠪᠢᠯᠠᠬᠤ᠂ ᠬᠣᠶᠠᠷ᠎ᠢ ᠨᠥᠬᠥᠪᠦᠷᠢᠯᠡᠬᠦ᠂ ᠬᠣᠶᠠᠷ᠎ᠢ ᠰᠡᠷᠭᠦᠭᠡᠬᠦ》 ᠵᠠᠰᠠᠯᠲᠠ᠎ᠶᠢᠨ ᠠᠷᠭ᠎ᠠ ᠬᠡᠮᠵᠢᠶ᠎ᠡ ᠠᠪᠴᠤ᠂ 2019 ᠣᠨ᠎ᠤ 4 ᠰᠠᠷ᠎ᠠ᠎ᠳᠤ᠂ ᠪᠠᠶᠠᠨᠨᠠᠭᠤᠷ ᠬᠤᠲᠠ ᠤᠯᠠᠭᠠᠨᠰᠤᠬᠠᠢ ᠨᠠᠭᠤᠷ᠎ᠤᠨ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠠᠮᠢ ᠠᠬᠤᠢ᠎ᠶᠢ ᠬᠠᠮᠠᠭᠠᠯᠠᠨ ᠰᠡᠷᠭᠦᠭᠡᠬᠦ ᠢᠨᠵᠧᠨᠧᠷᠢᠩ᠎ᠢ ᠡᠬᠢᠯᠡᠭᠦᠯᠪᠡ᠃ 《ᠪᠢᠳᠠ ᠲᠤᠷᠰᠢᠯᠲᠠ᠎ᠶᠢᠨ ᠴᠡᠭ᠎ᠤᠨ ᠢᠨᠵᠧᠨᠧᠷᠢᠩ᠎ᠢ ᠬᠡᠷᠡᠭᠵᠢᠭᠦᠯᠵᠦ᠂ ᠳᠠᠩ ᠭᠠᠭᠴᠠ〈ᠨᠠᠭᠤᠷ ᠪᠦᠷᠢᠳᠦ᠎ᠶᠢ ᠵᠠᠰᠠᠬᠤ〉 ᠵᠢ ᠰᠢᠰᠲᠧᠮ᠎ᠲᠠᠢ 〈ᠰᠠᠪᠠ ᠭᠠᠵᠠᠷ᠎ᠢ ᠵᠠᠰᠠᠬᠤ〉 ᠪᠣᠯᠭᠠᠨ ᠬᠤᠪᠢᠷᠠᠭᠤᠯᠵᠤ᠂ ᠪᠦᠭᠦ ᠡᠯᠧᠮᠧᠨ᠋ᠲ᠂ ᠪᠦᠭᠦ ᠰᠠᠪᠠ ᠭᠠᠵᠠᠷ᠂ ᠪᠦᠭᠦ ᠣᠷᠣᠨ ᠪᠦᠰᠡ᠎ᠶᠢᠨ ᠶᠡᠷᠦᠩᠬᠡᠢᠯᠡᠭᠰᠡᠨ ᠵᠠᠰᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ》 ᠭᠡᠵᠦ ᠤᠯᠠᠭᠠᠨᠰᠤᠬᠠᠢ ᠵᠢᠨ ᠠᠮᠢ ᠠᠬᠤᠢ ᠵᠢ ᠬᠠᠮᠠᠭᠠᠯᠠᠬᠤ ᠲᠦᠪ᠎ᠤᠨ ᠳᠡᠳ᠋ ᠡᠷᠬᠢᠯᠡᠭᠴᠢ ᠪᠤᠤ ᠸᠧᠢ ᠲᠠᠨᠢᠯᠴᠠᠭᠤᠯᠪᠠ᠃ ᠡᠬᠦᠨ ᠳ᠋ᠤ ᠪᠤᠳᠠᠳᠠᠢᠴᠢᠯᠠᠨ ᠳᠤᠷᠠᠳᠪᠠᠯ᠄

ᠬᠤᠳᠠ ᠪᠠᠯᠭᠠᠰᠤ ᠪᠠ ᠠᠵᠤ ᠦᠢᠯᠡᠳᠪᠦᠷᠢ ᠵᠢᠨ ᠬᠦᠷᠢᠶᠡᠯᠡᠩ ᠳᠤᠭᠤᠷᠢᠭ ᠲᠤ᠌ ᠪᠤᠬᠢᠷ ᠤᠰᠤ ᠵᠢ ᠰᠢᠢᠳᠪᠦᠷᠢᠯᠡᠬᠦ᠂ ᠤᠰᠤ ᠵᠢ ᠳᠠᠬᠢᠨ ᠬᠡᠷᠡᠭᠯᠡᠬᠦ ᠦᠢᠯᠡᠳᠪᠦᠷᠢ ᠵᠢᠨ ᠪᠦᠳᠦᠬᠡᠨ ᠪᠠᠢᠭᠤᠯᠤᠯᠳᠠ ᠵᠢ ᠠᠬᠢᠭᠤᠯᠵᠤ᠂ᠤᠰᠤ ᠵᠢ ᠳᠠᠬᠢᠨ ᠬᠡᠷᠡᠭᠯᠡᠬᠦ ᠨᠤᠷᠮ᠎ᠠ ᠵᠢ 42.32%ᠲᠦ᠍ ᠬᠦᠷᠬᠡᠪᠡ᠃ ᠬᠦᠮᠦᠨ ᠤ᠋ ᠬᠦᠴᠦ ᠪᠡᠷ ᠨᠤᠭᠤ ᠭᠠᠵᠠᠷ ᠭᠠᠷᠭᠠᠵᠤ᠂ ᠤᠯᠠᠭᠠᠨᠰᠤᠬᠠᠢ ᠳ᠋ᠤ ᠤᠷᠤᠬᠤ ᠤᠰᠤ ᠵᠢ ᠴᠡᠪᠡᠷᠰᠢᠬᠦᠯᠦᠨ᠂ ᠪᠤᠷᠤᠳᠤᠬᠤᠢ ᠵᠢᠨ ᠤᠰᠤᠯᠠᠯᠳᠠ ᠵᠢᠨ ᠤᠷᠤᠨ ᠳ᠋ᠤ ᠳᠠᠷᠢᠶᠠᠯᠠᠩ᠎ᠤᠨ 《ᠲᠦᠷᠪᠡ ᠵᠢ ᠡᠵᠡᠮᠳᠡᠬᠦ》 ᠵᠢ ᠪᠦᠬᠦ ᠳᠠᠯ᠎ᠠ ᠪᠡᠷ ᠦᠷᠨᠢᠬᠦᠯᠵᠦ᠂ ᠳᠠᠷᠢᠶᠠᠯᠠᠩ᠎ᠤᠨ ᠪᠤᠬᠢᠷᠳᠤᠯ ᠦᠬᠡᠢ ᠬᠦᠭᠵᠢᠯᠳᠡ ᠵᠢ ᠬᠦᠳᠦᠯᠦᠨ ᠳᠠᠭᠠᠭᠤᠯᠵᠤ᠂ ᠪᠦᠬᠦ ᠬᠤᠳᠠ ᠵᠢᠨ ᠬᠢᠮᠢ ᠵᠢᠨ ᠪᠤᠷᠳᠤᠭᠤᠷ ᠪᠠ ᠳᠠᠷᠢᠶᠠᠨ ᠡᠮ ᠢ᠋ ᠬᠡᠷᠡᠭᠯᠡᠭᠰᠡᠨ ᠬᠡᠮᠵᠢᠶ᠎ᠡ ᠵᠢ ᠪᠠᠭᠤᠷᠠᠭᠤᠯᠪᠠ᠃ ᠰᠦᠯᠢᠶᠤᠤ ᠪᠦᠷᠬᠦᠬᠦᠯ ᠢ᠋ ᠬᠤᠷᠢᠶᠠᠨ ᠠᠪᠤᠭᠰᠠᠨ ᠨᠤᠷᠮ᠎ᠠ 80% ᠭᠠᠷᠤᠢ᠎ᠳᠤ ᠬᠦᠷᠪᠡ᠃ ᠤᠯᠠᠭᠠᠨᠪᠤᠬ᠎ᠠ ᠵᠢᠨ ᠡᠯᠡᠰᠦᠨ ᠳ᠋ᠤ ᠪᠦᠬᠦ ᠤᠯᠤᠰ᠎ᠤᠨ ᠡᠯᠡᠰᠦᠷᠭᠡᠭᠵᠢᠯ᠎ᠢ ᠰᠡᠷᠬᠡᠢᠯᠡᠬᠦ ᠡᠯᠡᠰᠦᠷᠭᠡᠭᠵᠢᠯ᠎ᠢ ᠵᠠᠰᠠᠬᠤ ᠶᠡᠷᠦᠩᠬᠡᠢᠯᠡᠭᠰᠡᠨ ᠵᠢᠱ᠌ᠢᠶ᠎ᠡ ᠦᠵᠡᠬᠦᠯᠬᠦ ᠳᠤᠭᠤᠷᠢᠭ ᠪᠠ ᠳᠤᠮᠳᠠᠳᠤ ᠤᠯᠤᠰ — ᠢᠰᠷᠧᠯ (ᠪᠠᠶᠠᠨᠨᠠᠭᠤᠷ) ᠡᠯᠡᠰᠦᠷᠭᠡᠭᠵᠢᠯ᠎ᠢ ᠰᠡᠷᠬᠡᠢᠯᠡᠬᠦ ᠡᠯᠡᠰᠦᠷᠭᠡᠭᠵᠢᠯ᠎ᠢ ᠵᠠᠰᠠᠬᠤ ᠠᠮᠢ ᠠᠬᠤᠢ ᠵᠢᠨ ᠬᠦᠷᠢᠶᠡᠯᠡᠩ ᠪᠠᠢᠭᠤᠯᠵᠤ᠂ ᠬᠡᠷᠡᠯ ᠴᠡᠨᠡᠭ ᠵᠢᠡᠷ ᠴᠠᠬᠢᠯᠭᠠᠨ ᠭᠠᠷᠭᠠᠬᠤ᠂ ᠡᠯᠡᠰᠦᠨ ᠤᠷᠭᠤᠮᠠᠯ ᠤ᠋ᠨ ᠠᠵᠤ ᠦᠢᠯᠡᠰ᠂ ᠮᠤᠩᠭᠤᠯ ᠬᠢᠳᠠᠳ ᠡᠮ ᠤ᠋ᠨ ᠮᠠᠲ᠋ᠧᠷᠢᠶᠠᠯ ᠵᠡᠷᠬᠡ ᠪᠤᠬᠢᠷᠳᠤᠯ ᠦᠬᠡᠢ ᠠᠵᠤ ᠦᠢᠯᠡᠰ ᠳᠠᠢ ᠤᠶᠠᠯᠳᠤᠭᠤᠯᠵᠤ᠂ ᠦᠷᠬᠦᠯᠵᠢᠯᠡᠨ ᠵᠠᠰᠠᠬᠤ ᠵᠠᠭᠪᠤᠷ ᠢ᠋ ᠰᠦᠪᠡᠭᠴᠢᠯᠡᠵᠦ᠂ ᠡᠯᠡᠰᠦ ᠰᠢᠪᠠᠷ᠎ᠤᠨ ᠬᠠᠳᠤᠨ ᠭᠤᠤᠯ ᠳ᠋ᠤ ᠤᠷᠤᠰᠤᠨ ᠤᠷᠤᠬᠤ ᠵᠢ ᠬᠤᠷᠢᠭᠯᠠᠪᠠ᠃ ᠮᠤᠨᠢ ᠠᠭᠤᠯᠠ ᠳ᠋ᠤ ᠭᠠᠵᠠᠷ ᠵᠦᠢ ᠵᠢᠨ ᠭᠠᠮᠰᠢᠭ᠎ᠢ ᠰᠡᠷᠭᠡᠢᠯᠡᠵᠦ᠂ ᠤᠷᠭᠤᠮᠠᠯ ᠤ᠋ᠨ ᠬᠤᠴᠢᠯᠭ᠎ᠠ ᠵᠢ ᠰᠠᠢᠵᠢᠷᠠᠭᠤᠯᠵᠤ᠂ ᠮᠤᠨᠢ ᠠᠭᠤᠯᠠ ᠵᠢᠨ ᠠᠮᠢ ᠠᠬᠤᠢ ᠵᠢᠨ ᠬᠠᠯᠬᠠᠪᠴᠢ ᠵᠢᠨ ᠴᠢᠳᠠᠮᠵᠢ ᠵᠢ ᠳᠡᠬᠡᠭᠰᠢᠯᠡᠬᠦᠯᠪᠡ ᠃ ᠤᠯᠠᠭᠠᠨᠰᠤᠬᠠᠢ ᠨᠠᠭᠤᠷ᠎ᠤᠨ ᠬᠠᠪᠢ ᠪᠡᠷ ᠬᠦᠷᠦᠰᠦ ᠰᠢᠷᠤᠢ ᠵᠢ ᠬᠠᠮᠠᠭᠠᠯᠠᠬᠤ ᠪᠠ ᠤᠷᠭᠤᠮᠠᠯ᠎ᠤᠨ ᠬᠤᠴᠢᠯᠭ᠎ᠠ ᠵᠢ ᠰᠠᠢᠵᠢᠷᠠᠭᠤᠯᠵᠤ᠂ ᠨᠠᠭᠤᠷ᠎ᠤᠨ ᠤᠢᠷ᠎ᠠ ᠬᠠᠪᠢ ᠵᠢᠨ 81 ᠳᠤᠰᠬᠤᠨ ᠢ᠋ ᠵᠤᠬᠢᠶᠠᠨ ᠪᠠᠢᠭᠤᠯᠵᠤ᠂ ᠤᠷᠤᠰᠢᠨ ᠠᠮᠢᠳᠤᠷᠠᠬᠤ ᠤᠷᠴᠢᠨ ᠳᠤᠭᠤᠷᠢᠨ ᠢ᠋ ᠶᠡᠷᠦᠩᠬᠡᠢᠯᠡᠨ ᠵᠠᠰᠠᠪᠠ᠃ ᠤᠯᠠᠭᠠᠨᠰᠤᠬᠠᠢ ᠨᠠᠭᠤᠷ ᠲᠤ᠌ ᠨᠠᠭᠤᠷ᠎ᠤᠨ ᠢᠷᠤᠭᠠᠷ ᠤ᠋ᠨ ᠰᠢᠪᠠᠷ᠎ᠢ ᠠᠰᠢᠬᠯᠠᠨ ᠰᠡᠷᠬᠦᠬᠡᠬᠦ ᠳᠤᠷᠰᠢᠯᠳᠠ ᠵᠢᠨ ᠵᠢᠱ᠌ᠢᠶ᠎ᠡ ᠦᠵᠡᠬᠦᠯᠬᠦ᠂ ᠨᠠᠭᠤᠷ᠎ᠤᠨ ᠤᠰᠤᠨ᠎ᠤ ᠬᠤᠯᠤᠰᠤ ᠵᠡᠬᠡᠰᠦ ᠢᠭᠴᠤ ᠭᠠᠵᠠᠷ ᠲᠤ᠌ 190 ᠺᠢᠯᠤᠮᠧᠲ᠋ᠷ ᠭᠠᠷᠤᠢ ᠤᠷᠳᠤ ᠤᠰᠤᠨ ᠵᠠᠮ ᠭᠠᠷᠭᠠᠵᠤ᠂ ᠨᠠᠭᠤᠷ᠎ᠤᠨ ᠤᠰᠤ ᠵᠢ ᠤᠷᠤᠰᠬᠠᠨ ᠡᠷᠬᠢᠯᠳᠦᠬᠦᠯᠬᠦ᠂ ᠨᠠᠭᠤᠷ᠎ᠤᠨ ᠤᠰᠤᠨ ᠳ᠋ᠤ ᠳᠡᠵᠢᠬᠡᠨ ᠦᠷᠡᠵᠢᠬᠦᠯᠬᠦ ᠵᠢ ᠴᠠᠭᠠᠵᠠᠯᠠᠬᠤ ᠠᠷᠭ᠎ᠠ ᠬᠡᠮᠵᠢᠶ᠎ᠠ ᠠᠪᠴᠤ᠂ ᠠᠮᠢ ᠠᠬᠤᠢ ᠵᠢᠨ ᠤᠰᠤ ᠨᠦᠬᠦᠪᠦᠷᠢᠯᠡᠬᠦ᠂ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ ᠢ᠋ ᠬᠠᠮᠠᠭᠠᠯᠬᠠᠤ ᠵᠡᠷᠬᠡ ᠢᠨᠵᠧᠨ᠋ᠧᠷᠢᠩ ᠢ᠋ ᠬᠡᠷᠡᠭᠵᠢᠬᠦᠯᠦᠭᠰᠡᠨ ᠪᠠᠢᠨ᠎ᠠ᠃

ᠤᠯᠠᠭᠠᠨᠰᠤᠬᠠᠢ ᠨᠠᠭᠤᠷ᠎ᠤᠨ ᠰᠠᠪᠠ ᠭᠠᠵᠠᠷ᠎ᠤᠨ ᠶᠡᠷᠦᠩᠬᠡᠢ ᠲᠠᠯᠠᠪᠠᠶ ᠪᠠᠷᠤᠭ 1.63 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠢᠵᠤ᠂ ᠤᠯᠤᠰ᠎ᠤᠨ 《ᠬᠣᠶᠠᠷ ᠬᠠᠯᠬᠠᠪᠴᠢ ᠭᠤᠷᠪᠠᠨ ᠪᠦᠰᠡ》 ᠵᠢᠨ ᠠᠮᠢ ᠠᠬᠤᠢ᠎ᠶᠢᠨ ᠠᠮᠤᠷ ᠲᠦᠪᠰᠢᠨ᠎ᠦ ᠪᠠᠢᠯᠳᠤᠬᠤ ᠪᠣᠳᠣᠯᠭ᠎ᠠ᠎ᠶᠢᠨ ᠪᠠᠢᠷᠢᠰᠢᠯ᠎ᠳᠠᠬᠢ 《ᠤᠮᠠᠷᠠᠲᠤ᠎ᠶᠢᠨ ᠡᠯᠡᠰᠦ᠎ᠶᠢ ᠰᠡᠷᠭᠡᠢᠯᠡᠬᠦ ᠪᠦᠰᠡ》 ᠵᠢᠨ ᠵᠠᠩᠭᠢᠯᠠᠭ᠎ᠠ᠎ᠶᠢᠨ ᠭᠠᠵᠠᠷ ᠣᠷᠣᠨ᠎ᠳᠤ ᠣᠷᠣᠰᠢᠵᠤ᠂ ᠣᠷᠣᠨ ᠪᠦᠰᠡ᠎ᠶᠢᠨ ᠠᠭᠤᠷ ᠠᠮᠢᠰᠬᠤᠯ᠎ᠢ ᠰᠠᠢᠵᠢᠷᠠᠭᠤᠯᠬᠤ ᠮᠡᠳᠤ ᠵᠢᠨ ᠴᠢᠬᠤᠯᠠ ᠴᠢᠳᠠᠮᠵᠢ᠎ᠶᠢ ᠡᠭᠦᠷᠭᠡᠯᠡᠵᠦ ᠪᠠᠢᠭ᠎ᠠ ᠶᠤᠮ᠃ ᠤᠯᠠᠭᠠᠨᠰᠤᠬᠠᠢ ᠨᠠᠭᠤᠷ᠎ᠤᠨ ᠰᠠᠪᠠ ᠭᠠᠵᠠᠷ ᠪᠣᠯ ᠬᠠᠲᠤᠨ ᠭᠣᠣᠯ᠎ᠤᠨ ᠳᠤᠮᠳᠠ ᠳᠡᠭᠡᠳᠦ ᠤᠷᠤᠰᠬᠠᠯ᠎ᠤᠨ ᠬᠠᠮᠤᠭ᠎ᠤᠨ ᠶᠡᠬᠡ ᠲᠠᠷᠢᠶᠠᠯᠠᠩ᠎ᠤᠨ ᠤᠰᠤ ᠬᠡᠷᠡᠭᠯᠡᠬᠦ ᠣᠷᠣᠨ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠬᠠᠮᠤᠭ᠎ᠤᠨ ᠶᠡᠬᠡ ᠪᠠᠢᠭᠠᠯᠢᠯᠢᠭ ᠴᠡᠪᠡᠷᠰᠢᠭᠦᠯᠦᠯᠲᠡ᠎ᠶᠢᠨ ᠣᠷᠣᠨ ᠪᠣᠯᠣᠨ᠎ᠠ᠃ ᠮᠦᠨ ᠴᠤ᠌ ᠴᠢᠬᠤᠯᠠ ᠲᠠᠸᠠᠷ᠎ᠤᠨ ᠠᠮᠤ ᠳᠤᠰᠤᠨ᠎ᠤ ᠦᠢᠯᠡᠳᠪᠦᠷᠢᠯᠡᠯ᠎ᠦᠨ ᠰᠠᠭᠤᠷᠢᠨ ᠭᠠᠵᠠᠷ ᠪᠣᠯᠣᠨ᠎ᠠ᠃ ᠤᠯᠤᠰ᠎ᠤᠨ ᠴᠢᠨᠠᠷ ᠰᠠᠢᠳᠠᠢ ᠲᠠᠷᠢᠶᠠᠯᠠᠩ᠎ᠢ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢ ᠬᠥᠲᠥᠯᠥᠨ ᠳᠠᠭᠠᠭᠤᠯᠬᠤ ᠭᠣᠣᠯᠳᠠᠯᠭ᠎ᠠ᠎ᠲᠠᠢ ᠣᠷᠣᠨ ᠪᠦᠰᠡ ᠪᠣᠯᠣᠨ᠎ᠠ᠃

ᠬᠠᠨ ᠬᠤᠷᠮᠤᠰᠳᠠ ᠵᠢᠨ ᠠᠷᠢᠭᠤᠨ ᠰᠤᠶᠤᠷᠬᠠᠯ᠎ᠳᠤ ᠪᠤᠷᠤᠲᠤᠬᠤᠢ ᠲᠡᠨᠢᠭᠦᠨ

ᠬᠠᠳᠤᠨ ᠭᠣᠣᠯ᠎ᠤᠨ ᠤᠷᠤᠰᠬᠠᠭᠳᠠᠮᠠᠯ ᠡᠯᠡᠰᠦ ᠰᠢᠪᠠᠷ᠎ᠤᠨ ᠲᠤᠨᠤᠮᠠᠯ᠎ᠡᠴᠡ ᠪᠤᠷᠤᠳᠤᠬᠤᠢ ᠪᠦᠷᠢᠯᠳᠦᠭᠰᠡᠨ ᠶᠤᠮ᠃ ᠦᠩ ᠰᠢᠮᠡᠯᠢᠭ ᠪᠤᠷᠤᠳᠤᠬᠤᠢ ᠵᠢᠨ ᠠᠮᠢᠨ ᠰᠤᠳᠠᠰᠤ ᠪᠤᠯᠤᠭᠰᠠᠨ ᠤᠯᠠᠭᠠᠨᠰᠤᠬᠠᠢ ᠵᠢᠨ ᠲᠡᠨᠵᠢᠨ᠎ᠳᠤ ᠡᠷᠳᠡᠨ ᠡᠴᠡ ᠢᠨᠠᠬᠰᠢ ᠡᠾᠦ᠋ᠩᠨᠤ᠂ ᠤᠢᠭᠤᠷ᠂ ᠰᠢᠶᠠᠨᠪᠢ᠂ ᠮᠤᠩᠭᠤᠯ᠂ ᠳ᠋ᠠᠩᠰᠢᠶᠠᠩ ᠵᠡᠷᠬᠡ ᠴᠦᠬᠡᠨ ᠳᠤᠭᠠᠳᠤ ᠦᠨᠳᠦᠰᠦᠳᠡᠨ ᠬᠢᠳᠠᠳ ᠦᠨᠳᠦᠰᠦᠳᠡᠨ ᠳᠠᠢ ᠬᠠᠮᠳᠤ ᠡᠨᠳᠡ ᠬᠤᠯᠢᠯᠳᠤᠨ ᠰᠠᠭᠤᠷᠢᠰᠢᠵᠤ᠂ ᠪᠤᠷᠤᠳᠤᠬᠤᠢ ᠵᠢᠨ ᠤᠷᠤᠨ ᠢ᠋ ᠨᠡᠬᠡᠬᠡᠨ ᠬᠦᠭᠵᠢᠬᠦᠯᠵᠡᠢ᠃ ᠲᠡᠭᠷᠢ ᠵᠢᠨ ᠬᠡᠰᠢᠭᠳᠦ ᠪᠤᠷᠤᠳᠤᠬᠤᠢ ᠵᠢᠨ ᠤᠷᠤᠨ᠎ᠤᠮᠠᠷᠠᠳᠤ ᠵᠢᠨ ᠳᠠᠯ᠎ᠠ ᠨᠤᠳᠤᠭ ᠪᠠ ᠵᠦᠩᠶᠤᠸᠠᠨ ᠤᠷᠤᠨ᠎ᠤ ᠠᠭᠤᠯᠵᠠᠷ ᠲᠤ᠌ ᠪᠠᠢᠷᠢᠯᠠᠵᠤ᠂ ᠦᠨᠳᠦᠰᠦᠳᠡᠨ᠎ᠤ ᠶᠠᠪᠤᠯᠴᠠᠭ᠎ᠠ ᠵᠢᠨ ᠵᠡᠬᠦᠨᠰᠢ ᠪᠠᠷᠠᠭᠤᠨᠰᠢ ᠨᠡᠪᠳᠡᠷᠡᠬᠦ ᠬᠤᠩᠬᠢᠯ ᠪᠤᠯᠵᠤ᠂ ᠳᠠᠯ᠎ᠠ ᠨᠤᠳᠤᠭ᠎ᠤᠨ ᠡᠮᠦᠨ᠎ᠡ ᠵᠠᠬ᠎ᠠ᠂ ᠵᠦᠩᠶᠤᠸᠠᠨ ᠤᠷᠤᠨ᠎ᠤ ᠬᠢᠯᠢ ᠪᠤᠯᠵᠤ᠂ ᠦᠨᠳᠦᠰᠦᠳᠡᠨ ᠨᠤᠬᠦᠳ ᠠᠵᠦ ᠲᠦᠷᠦᠨ ᠠᠮᠢᠳᠤᠷᠠᠵᠦ᠂ ᠡᠬᠡ ᠤᠯᠤᠰ᠎ᠤᠨ ᠤᠮᠠᠷᠠᠳᠤ ᠬᠢᠯᠢ ᠵᠢ ᠬᠠᠮᠠᠭᠠᠯᠠᠨ᠂ ᠮᠤᠨᠢ ᠠᠭᠤᠯᠠ ᠵᠢ ᠤᠢᠵᠢᠭᠤᠯᠤᠨ᠂ ᠬᠠᠳᠤᠨ ᠭᠤᠤᠯ᠎ᠢ ᠬᠠᠮᠠᠭᠠᠯᠠᠵᠦ᠂ ᠦᠨᠳᠦᠰᠦᠳᠡᠨ᠎ᠤ ᠨᠡᠢᠯᠡᠯᠭᠡ᠂ ᠦᠨᠳᠦᠰᠦᠳᠡᠨ᠎ᠤ ᠪᠦᠯᠬᠦᠮᠳᠡᠯ᠎ᠢ ᠠᠬᠢᠭᠤᠯᠤᠨ᠂ ᠠᠭᠤᠤ ᠶᠡᠭᠡ ᠲᠤᠮᠳᠠᠳᠤ ᠵᠢᠨ ᠪᠤᠯᠪᠠᠰᠤᠨ ᠰᠤᠶᠤᠯ᠎ᠢ ᠡᠭᠦᠳᠦᠨ ᠪᠦᠲᠦᠭᠡᠵᠡᠢ᠃

ᠪᠤᠷᠤᠳᠤᠬᠤᠢ ᠵᠢᠨ ᠰᠤᠶᠤᠯ ᠨᠢ ᠦᠨᠦᠳᠦᠷ ᠨᠡᠬᠦᠳᠡᠯ ᠮᠠᠯᠵᠢᠯ᠎ᠤᠨ ᠰᠤᠶᠤᠯ᠂ ᠳᠠᠷᠢᠶᠠᠯᠠᠬᠤ ᠰᠤᠶᠤᠯ᠂ ᠬᠠᠳᠤᠨ ᠭᠤᠤᠯ᠎ᠤᠨ ᠰᠤᠶᠤᠯ᠂ ᠪᠠᠷᠠᠭᠤᠨ ᠪᠤᠭᠤᠮᠳᠠ ᠵᠢᠨ ᠠᠶᠠᠯᠠᠯ᠎ᠤᠨ ᠨᠡᠬᠦᠳᠡᠯ ᠠᠷᠠᠳ᠎ᠤᠨ ᠰᠤᠶᠤᠯ ᠵᠡᠷᠬᠡ ᠪᠡᠷ ᠪᠦᠷᠢᠯᠳᠦᠭᠰᠡᠨ ᠤᠯᠠᠨ ᠦᠨᠳᠦᠰᠦᠳᠡᠨ᠎ᠤ ᠶᠡᠬᠡ ᠠᠭᠤᠰᠤᠯᠴᠠᠨ ᠪᠠᠭᠳᠠᠯᠴᠠᠭᠰᠠᠨ ᠰᠤᠶᠤᠯ ᠪᠤᠯᠤᠭᠰᠠᠨ ᠪᠠᠢᠨ᠎ᠠ᠃ ᠦᠨᠳᠦᠰᠦᠳᠡᠨ᠎ᠨᠤᠬᠦᠳ ᠤ᠋ᠨ ᠠᠷᠠᠳ ᠲᠦᠮᠡᠨ ᠤ᠋ ᠬᠠᠷᠢᠯᠴᠠᠭ᠎ᠠ ᠶᠠᠪᠤᠯᠴᠠᠭ᠎ᠠ᠂ ᠰᠤᠶᠤᠯ᠎ᠤᠨ ᠠᠭᠤᠰᠤᠯᠴᠠᠯ ᠢ᠋ ᠤᠳᠤ ᠵᠢᠨ ᠤᠷᠠᠳ ᠨᠤᠳᠤᠭ᠎ᠤᠨ ᠪᠤᠳᠠᠰ᠎ᠤᠨ ᠪᠤᠰᠤ ᠰᠤᠶᠤᠯ᠎ᠤᠨ ᠦᠪ ᠡᠴᠡ ᠳᠤᠳᠤᠬᠠᠨ ᠤᠯᠵᠤ ᠬᠠᠷᠠᠨ᠎ᠠ᠃ ᠫᠠ ᠱᠠᠨ ᠠᠶᠠᠯᠭᠤ ᠪᠤᠯ ᠲᠦᠯᠦᠬᠡᠯᠡᠬᠦ ᠴᠢᠨᠠᠷᠳᠠᠢ ᠰᠤᠶᠤᠯ᠎ᠤᠨ ᠳᠡᠮᠳᠡᠭ ᠪᠤᠯᠤᠨ᠎ᠠ᠃《ᠬᠢᠳᠠᠳ ᠦᠨᠳᠦᠰᠦᠳᠡᠨ ᠠᠩᠬ᠎ᠠ ᠢᠷᠡᠬᠦ ᠳ᠋ᠡᠬᠡᠨ ᠨᠤᠳᠤᠭ ᠤᠰᠤ ᠠᠪᠤ ᠡᠵᠢ ᠪᠠᠨ ᠰᠠᠨᠠᠭᠠᠳ ᠬᠠᠳᠤᠨ ᠭᠤᠤᠯ᠎ᠤᠨ ᠬᠦᠪᠡᠬᠡᠨ ᠳᠡᠬᠡᠷ᠎ᠡ ᠭᠠᠭᠴᠠᠭᠠᠷ ᠵᠢᠡᠨ ᠳᠠᠭᠤᠯᠠᠳᠠᠭ ᠪᠠᠢᠭᠰᠠᠨ ᠪᠤᠯ ᠰᠡᠬᠦᠯᠡᠷ ᠨᠢ ᠠᠢᠯ ᠬᠡᠷ ᠵᠢᠡᠷ ᠵᠢᠡᠨ ᠢᠷᠡᠭᠰᠡᠨ ᠡᠴᠡ ᠬᠤᠭᠤᠷᠤᠨᠳᠤ ᠪᠠᠨ ᠬᠠᠷᠢᠯᠴᠠᠨ ᠳᠠᠭᠤᠯᠠᠬᠤ ᠪᠤᠯᠵᠠᠢ᠃ ᠮᠤᠩᠭᠤᠯ ᠦᠨᠳᠦᠰᠦᠳᠡᠨ ᠳᠠᠢ ᠬᠠᠷᠢᠯᠴᠠᠬᠤ ᠳᠤᠮᠳᠠ᠂ ᠳᠡᠳᠡ ᠮᠤᠩᠭᠤᠯᠴᠤᠳ᠎ᠤᠨ ᠪᠤᠭᠤᠨᠢ ᠳᠠᠭᠤᠤ ᠵᠢᠨ ᠠᠶ᠎ᠠ ᠳ᠋ᠤ ᠰᠤᠨᠢᠷᠬᠠᠯ ᠳᠠᠢ ᠪᠤᠯᠵᠦ᠂ ᠬᠢᠳᠠᠳ ᠦᠬᠡ ᠪᠠᠨ ᠤᠷᠠᠳ ᠪᠤᠭᠤᠨᠢ ᠳᠠᠭᠤᠤ ᠵᠢᠨ ᠠᠶ᠎ᠠ ᠳᠡᠬᠡᠷ᠎ᠡ ᠳᠠᠭᠠᠷᠠᠭᠤᠯᠵᠤ ᠳᠠᠭᠤᠯᠠᠭᠠᠳ ᠳᠤᠩ ᠨᠡᠢᠳᠡᠯᠢᠭ ᠤᠨᠴᠠᠯᠢᠭ ᠳᠠᠢ ᠫᠠ ᠱᠠᠨ ᠠᠶᠠᠯᠭᠤ ᠪᠦᠷᠢᠯᠳᠦᠭᠰᠡᠨ ᠪᠠᠢᠨ᠎ᠠ᠃ ᠪᠤᠷᠤᠳᠤᠬᠤᠢ ᠵᠢᠨ ᠴᠠᠭᠠᠰᠤᠨ ᠬᠠᠢᠴᠢᠯᠠᠮᠠᠯ ᠵᠢᠡᠷ ᠦᠵᠡᠬᠦ ᠳ᠋ᠤ ᠦᠬᠡᠷ ᠮᠤᠷᠢ ᠠᠳᠤᠭᠤ ᠮᠡᠳᠤ ᠵᠢᠨ ᠨᠡᠬᠦᠳᠡᠯ ᠠᠮᠢᠳᠤᠷᠠᠯ᠎ᠢ ᠲᠤᠰᠬᠠᠬᠰᠠᠨ ᠵᠦᠢᠯ ᠢ᠋ ᠬᠠᠢᠴᠢᠯᠠᠳᠠᠭ᠃ ᠡᠨᠡ ᠨᠢ ᠮᠠᠯᠵᠢᠬᠤ ᠳᠠᠷᠢᠶᠠᠯᠠᠬᠤ ᠤᠷᠤᠨ᠎ᠤ ᠠᠷᠠᠳ ᠶᠠᠪᠤᠯᠴᠠᠬᠤ ᠳᠤᠮᠳᠠ ᠪᠠᠨ ᠰᠤᠶᠤᠯ᠎ᠤᠨ ᠳᠠᠯ᠎ᠠ ᠪᠡᠷ ᠠᠭᠤᠰᠤᠯᠴᠠᠭᠰᠠᠨ ᠢ᠋ ᠬᠠᠷᠠᠭᠤᠯᠵᠤ ᠪᠠᠢᠨ᠎ᠠ》 ᠬᠡᠵᠦ ᠤᠷᠠᠳ᠎ᠤᠨ ᠡᠮᠦᠨᠡᠳᠤ ᠬᠤᠰᠢᠭᠤᠨ᠎ᠤ ᠪᠤᠳᠠᠰ᠎ᠤᠨ ᠪᠤᠰᠤ ᠰᠤᠶᠤᠯ᠎ᠤᠨ ᠦᠪ ᠤ᠋ᠨ ᠤᠷᠳᠤᠨ᠎ᠤ ᠡᠷᠬᠢᠯᠡᠭᠴᠢ ᠳᠤᠭᠤᠰ ᠰᠤᠷᠪᠤᠯᠵᠢᠯᠠᠭ᠎ᠠ ᠬᠦᠯᠢᠶᠡᠬᠦ ᠳ᠋ᠡᠬᠡᠨ ᠶᠠᠷᠢᠵᠤ ᠪᠠᠢᠯ᠎ᠠ᠃


tu3.jpg

            ᠳᠤᠭᠤᠰ


ᠤᠳᠤᠬᠠᠨ᠎ᠳᠤ᠂ ᠬᠤᠷᠸ᠎ᠡ᠎ᠳᠤ ᠬᠤᠪᠤᠷᠬᠠᠨ ᠤᠯᠠᠭᠠᠨᠰᠤᠬᠠᠢ ᠵᠢᠨ ᠨᠤᠭᠤ ᠭᠠᠵᠠᠷ ᠨᠢ 《ᠳᠡᠭᠷᠢ ᠵᠢᠨ ᠬᠡᠰᠢᠭᠳᠤ ᠪᠤᠷᠤᠳᠤᠬᠤᠢ》 ᠬᠠᠮᠳᠤ ᠪᠡᠷ ᠡᠳ᠋ᠯᠡᠬᠦ ᠨᠡᠷᠡᠳᠤ ᠲᠦᠷᠦᠯ ᠳᠡᠮᠳᠡᠭᠳᠤ ᠵᠢ ᠡᠬᠦᠳᠪᠡ᠃ ᠡᠨᠡ ᠬᠦ᠌ ᠨᠡᠷᠡᠳᠤ ᠳᠡᠮᠳᠡᠭᠳᠤ ᠨᠢ ᠪᠤᠬᠢᠷᠳᠤᠯ ᠦᠬᠡᠢ ᠴᠢᠨᠠᠷ ᠰᠠᠢᠳᠠᠢ ᠬᠦᠭᠵᠢᠯᠳᠡ ᠵᠢᠨ ᠰᠢᠨ᠎ᠡ ᠬᠦᠳᠡᠯᠬᠡᠬᠦᠷ ᠪᠤᠯᠵᠤ᠂ ᠣᠢᠷ᠎ᠠ᠎ᠶᠢᠨ ᠵᠢᠯ᠎ᠳᠦ 《ᠳᠡᠭᠷᠢ ᠵᠢᠨ ᠬᠡᠰᠢᠭᠳᠤ ᠪᠤᠷᠤᠳᠤᠬᠤᠢ》 ᠵᠢᠨ ᠨᠠᠷᠠᠲᠤ ᠲᠥᠷᠥᠯ ᠲᠡᠮᠳᠡᠭᠲᠦ᠎ᠡᠴᠡ ᠡᠷᠬᠡ ᠣᠯᠭᠣᠭᠰᠠᠨ 12 ᠠᠵᠤ ᠠᠬᠤᠢᠯᠠᠯ᠎ᠤᠨ 53 ᠵᠦᠢᠯ᠎ᠦᠨ ᠪᠦᠲᠦᠭᠡᠭᠳᠡᠬᠦᠨ᠎ᠦ ᠦᠨ᠎ᠡ ᠨᠢ 25% ᠠ᠋ᠴᠠ ᠳᠡᠭᠡᠭᠰᠢ ᠥᠰᠴᠦ ᠂ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭᠳᠡᠬᠦᠨ᠎ᠦ ᠪᠦᠬᠦᠯᠢ ᠴᠣᠭᠴᠠ᠎ᠶᠢᠨ ᠦᠨ᠎ᠡ 10% ᠠ᠋ᠴᠠ ᠳᠡᠭᠡᠭᠰᠢ ᠥᠰᠴᠦ᠂ ᠪᠣᠷᠣᠳᠣᠬᠣᠢ᠎ᠶᠢᠨ ᠴᠢᠨᠠᠷ ᠰᠠᠢᠲᠠᠢ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ᠎ᠦ ᠠᠯᠳᠠᠷᠰᠢᠯ ᠂ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ᠎ᠦᠨ ᠥᠷᠢᠰᠦᠯᠳᠦᠬᠦ ᠬᠦᠴᠦᠨ᠎ᠢ ᠢᠯᠡᠳᠲᠡ ᠳᠡᠬᠡᠭᠰᠢᠯᠡᠬᠦᠯᠵᠡᠢ᠃ ᠮᠠᠯ ᠠᠵᠤ ᠠᠬᠤᠢ ᠳᠠᠷᠢᠶᠠᠯᠠᠩ ᠪᠠ ᠠᠮᠢ ᠠᠬᠤᠢ ᠵᠢᠨ ᠤᠷᠴᠢᠨ ᠳᠤᠭᠤᠷᠢᠨ ᠤ᠋ ᠬᠠᠮᠠᠭᠠᠯᠠᠯᠳᠠ ᠵᠢ ᠬᠠᠷᠢᠯᠴᠠᠨ ᠵᠤᠬᠢᠴᠠᠯᠳᠤᠭᠤᠯᠤᠭᠰᠠᠨ ᠪᠤᠬᠢᠷᠳᠤᠯ ᠦᠬᠡᠢ ᠨᠡᠷᠡᠳᠤ ᠲᠦᠷᠦᠯ ᠳᠡᠮᠳᠡᠭᠳᠤ ᠵᠢ ᠴᠤᠭᠴᠠᠯᠠᠬᠤ ᠨᠢ ᠳᠤᠮᠳᠠᠳᠤ ᠵᠢᠨ 《ᠠᠮᠤ ᠵᠢᠨ ᠰᠠᠩ》 ᠤ᠋ᠨ ᠠᠯᠳᠠᠷ ᠢ᠋ ᠨᠡᠩ ᠮᠠᠨᠳᠤᠭᠤᠯᠵᠤ᠂ ᠤᠯᠠᠭᠠᠨᠰᠤᠬᠠᠢ ᠵᠢᠨ ᠰᠠᠪᠠ ᠭᠠᠵᠠᠷ ᠢ᠋ ᠬᠠᠮᠠᠭᠠᠯᠠᠬᠤ᠂ ᠬᠠᠳᠤᠨ ᠭᠤᠤᠯ᠎ᠢ ᠬᠠᠮᠠᠭᠠᠯᠠᠬᠤ᠂ ᠤᠮᠠᠷᠠᠳᠤ ᠬᠢᠯᠢ ᠵᠢ ᠰᠠᠬᠢᠨ ᠪᠠᠷᠠᠯᠠᠬᠤ ᠡᠭᠦᠷᠭᠡ ᠬᠠᠷᠢᠭᠤᠴᠠᠯᠭ᠎ᠠ ᠪᠠᠨ ᠨᠡᠩ ᠶᠡᠭᠡ ᠪᠡᠷ ᠭᠦᠢᠴᠡᠳᠭᠡᠵᠦ ᠪᠠᠢᠨ᠎ᠠ᠃

ᠦᠨᠦᠳᠦᠷ ᠪᠤᠯᠬᠤ ᠳ᠋ᠤ ᠤᠯᠠᠭᠠᠨᠰᠤᠬᠠᠢ ᠵᠢᠨ ᠲᠡᠨᠵᠢᠨ ᠲᠡᠭᠡᠷ᠎ᠡ ᠪᠦᠬᠦ ᠤᠯᠤᠰ᠎ᠤᠨ 56 ᠦᠨᠳᠦᠰᠦᠳᠡᠨ᠎ᠤ 49 ᠦᠨᠳᠦᠰᠦᠳᠡᠨ ᠲᠡᠨᠢᠬᠦᠨ ᠵᠢᠷᠭᠠᠯ ᠲᠠᠢ ᠠᠵᠦ ᠲᠦᠷᠦᠨ ᠠᠮᠢᠳᠤᠷᠠᠵᠦ᠂ ᠠᠵᠦ ᠠᠬᠤᠢ ᠵᠢᠨ ᠬᠦᠭᠵᠢᠯᠳᠡ᠂ ᠠᠮᠢ ᠠᠬᠤᠢ ᠵᠢᠨ ᠪᠦᠲᠦᠭᠡᠨ ᠪᠠᠢᠭᠤᠯᠤᠯᠳᠠ᠂ ᠠᠯᠳᠠᠨ ᠬᠢᠯᠢ ᠵᠢᠨ ᠠᠮᠤᠷ ᠲᠦᠪᠰᠢᠨ᠎ᠤ ᠬᠠᠮᠠᠭᠠᠯᠠᠯᠳᠠ᠎ᠳᠤ ᠬᠦᠴᠦᠨ ᠴᠢᠳᠠᠯ ᠵᠢᠡᠨ ᠡᠷᠭᠦᠵᠦ ᠪᠤᠢ᠃

ᠦᠨᠳᠦᠰᠦᠲᠡᠨ᠎ᠨᠦᠭᠦᠳ᠎ᠦᠨ ᠶᠡᠭᠡ ᠪᠦᠯᠬᠦᠮᠳᠡᠯ ᠡᠶ᠎ᠡ ᠵᠣᠬᠢᠴᠠᠯᠳᠤ ᠬᠥᠭᠵᠢᠯᠳᠡ᠎ᠳᠤ᠂ ᠦᠨᠢᠷ ᠰᠠᠢᠬᠠᠨ ᠤᠯᠠᠭᠠᠨᠰᠤᠬᠠᠢ ᠡᠭᠡ ᠤᠯᠤᠰ᠎ᠤᠨ ᠵᠢᠡᠨ ᠤᠮᠠᠷᠠᠳᠤ ᠬᠢᠯᠢ᠎ᠳᠤ ᠨᠡᠩ ᠦᠵᠡᠰᠭᠦᠯᠡᠩᠳᠤ ᠰᠠᠢᠬᠠᠨ ᠪᠤᠯᠵᠦ ᠴᠡᠩᠭᠡᠷᠯᠡᠬᠦ ᠨᠢ ᠲᠠᠮᠵᠢᠬ ᠦᠭᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号