ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠭᠳᠠᠭᠰᠠᠨ᠎ᠤ ᠳᠠᠷᠠᠭ᠎ᠠ ᠡᠪᠡᠳᠴᠢᠨ ᠦᠵᠡᠭᠦᠯᠵᠦ᠍ ᠡᠮ ᠤᠤᠭᠤᠪᠠᠯ ᠬᠡᠷᠬᠢᠨ ᠲᠠᠩᠰᠠ ᠲᠠᠢᠯᠬᠤ ᠪᠣᠶ?
2023-01-10 11:58:16
ᠵᠣᠬᠢᠶᠠᠭ᠍ᠴᠢ᠄
ᠶ᠋ᠢᠨ ᠳ᠋ᠢ ᠫᠠᠩ ᠮᠧᠩ ᠱᠢᠶᠠ ᠳ᠋ᠠᠶ ᠸᠧᠶ ᠱᠢᠤᠢ ᠬᠣᠩ ᠢ ᠬᠤᠸᠠᠩ ᠺᠠᠶ ᠶᠢᠩ ᠳ᠋ᠧᠩ ᠨᠠᠨ
ᠣᠩᠱᠢᠭ᠍ᠰᠠᠨ ᠣᠳᠠᠭ᠎ᠠ᠄
★★★☆☆

ᠣᠯᠠᠨ ᠭᠠᠵᠠᠷ᠎ᠤᠨ ᠬᠢᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ ᠨᠡᠢᠲᠡᠯᠡᠵᠦ᠍ ᠣᠯᠠᠨ ᠲᠦᠮᠡᠨ᠎ᠦ ᠵᠠᠷᠤᠳᠠᠯ᠎ᠤᠨ ᠳᠠᠷᠤᠭᠠᠰᠤ᠎ᠶ᠋ᠢ ᠬᠥᠩᠭᠡᠷᠡᠭᠦᠯᠵᠤ ᠪᠤᠢ

ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠭ᠍ᠳᠠᠭ᠍ᠰᠠᠨ᠎ᠤ ᠳᠠᠷᠠᠭ᠎ᠠ᠂ ᠡᠮᠴᠢᠯᠡᠭᠡᠨ᠎ᠦ ᠵᠠᠷᠤᠳᠠᠯ᠎ᠢ ᠡᠮ ᠡᠮᠨᠡᠯᠭᠡ ᠵᠢᠨ ᠳᠠᠭᠠᠳᠭᠠᠯ᠎ᠳᠤ ᠶᠠᠭᠠᠬᠢᠵᠤ ᠮᠡᠳᠡᠭᠦᠯᠬᠦ᠌ ᠪᠣᠶ? ᠡᠪᠡᠳᠴᠢᠳᠡᠳ ᠰᠦᠯᠵᠢᠶᠡᠨ ᠳᠡᠭᠡᠷ᠎ᠡ ᠡᠪᠡᠳᠴᠢᠨ ᠦᠵᠡᠭᠦᠯᠪᠡᠯ ᠡᠮ ᠡᠮᠨᠡᠯᠭᠡ᠎ᠶ᠋ᠢᠨ ᠳᠠᠭᠠᠳᠭᠠᠯ᠎ᠢᠶᠠᠷ ᠳᠠᠩᠰᠠ ᠲᠠᠢᠯᠵᠤ ᠪᠣᠯᠤᠨ᠎ᠠ ᠦᠦ? ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠤᠨ ᠬᠠᠮᠢᠶ᠎ᠠ ᠪᠦᠬᠦᠢ ᠶᠠᠮᠠᠷ ᠡᠮ᠎ᠢ ᠲᠦᠷ ᠴᠠᠭ ᠡᠮ ᠡᠮᠨᠡᠯᠭᠡ ᠵᠢᠨ ᠳᠠᠭᠠᠳᠭᠠᠯ᠎ᠳᠤ ᠣᠷᠣᠭᠤᠯᠤᠭ᠍ᠰᠠᠨ ᠪᠣᠶ?

1 ᠰᠠᠷ᠎ᠠ᠎ᠶ᠋ᠢᠨ 7 ᠤ᠋ ᠡᠳᠦᠷ᠂ ᠤᠯᠤᠰ᠎ᠤᠨ ᠡᠮ ᠡᠮᠨᠡᠯᠭᠡ ᠵᠢᠨ ᠪᠠᠳᠤᠯᠠᠪᠤᠷᠢ ᠶ᠋ᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ 《〈 ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ 〉 ᠎ᠶ᠋ᠢ ᠬᠡᠷᠡᠭ᠌ᠵᠢᠭᠦᠯᠦᠭ᠌ᠰᠡᠨ᠎ᠦ ᠳᠠᠷᠠᠭ᠎ᠠ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠭᠳᠠᠭᠰᠠᠨ ᠡᠪᠡᠳᠴᠢᠲᠡᠨ᠎ᠢ ᠡᠮᠨᠡᠨ ᠵᠠᠰᠠᠬᠤ ᠵᠠᠷᠤᠳᠠᠯ ᠤ᠋ᠨ ᠡᠮ ᠡᠮᠨᠡᠯᠭᠡ ᠵᠢᠨ ᠪᠠᠳᠤᠯᠠᠪᠤᠷᠢ᠎ᠶ᠋ᠢᠨ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠌ ᠲᠤᠬᠠᠶ ᠮᠡᠳᠡᠭ᠌ᠳᠡᠯ》ᠢ᠋ ᠨᠡᠢᠲᠡᠯᠡᠵᠦ᠍᠂ ᠡᠮ ᠡᠮᠨᠡᠯᠭᠡ ᠵᠢᠨ ᠳᠠᠭᠠᠳᠭᠠᠯ᠎ᠤᠨ ᠲᠤᠭᠠᠴᠠᠭ᠎ᠠ ᠬᠢᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠌᠂ ᠲᠦᠷ ᠴᠠᠭ᠎ᠤᠨ ᠡᠮ ᠡᠮᠨᠡᠯᠭᠡ ᠵᠢᠨ ᠳᠠᠭᠠᠳᠭᠠᠯ᠎ᠤᠨ ᠡᠮ᠎ᠦᠨ ᠵᠦᠶ᠋ᠯᠡᠰ᠎ᠦᠨ ᠭᠠᠷᠴᠠᠭ᠎ᠢ ᠬᠡᠷᠡᠭ᠌ᠵᠢᠭᠦᠯᠬᠦ᠌᠂ 《ᠢᠨᠲ᠋ᠸᠷ ᠰᠦᠯᠵᠢᠶ᠎ᠡ + 》 ᠡᠮ ᠡᠮᠨᠡᠯᠭᠡ ᠵᠢᠨ ᠳᠠᠭᠠᠳᠭᠠᠯ᠎ᠤᠨ ᠦᠶ᠋ᠯᠡᠴᠢᠯᠡᠭᠡ᠎ᠶ᠋ᠢ ᠰᠠᠢᠲᠤᠷ ᠬᠢᠬᠦ᠌ ᠵᠡᠷᠭᠡ᠎ᠳᠦ ᠲᠣᠳᠣᠷᠬᠠᠶ ᠲᠣᠭ᠍ᠲᠠᠭᠠᠯ ᠭᠠᠷᠭᠠᠪᠠ᠃

ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠱᠢᠨ᠎ᠡ ᠲᠢᠲᠢᠮᠯᠢᠭ ᠸᠢᠷᠦ᠋ᠰ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠢᠨ᠎ᠡ ᠪᠠᠢᠳᠠᠯ ᠱᠢᠨ᠎ᠡ ᠡᠭᠦᠷᠭᠡ᠎ᠶ᠋ᠢᠨ ᠡᠮᠦᠨ᠎ᠡ᠂ ᠣᠢᠷ᠎ᠠ᠎ᠶ᠋ᠢᠨ ᠬᠤᠭᠤᠴᠠᠭᠠᠨ᠎ᠳᠤ ᠨᠢᠭᠡᠨᠲᠡ ᠣᠯᠠᠨ ᠮᠤᠵᠢ ᠣᠷᠣᠨ ᠬᠠᠮᠢᠶ᠎ᠠ ᠪᠥᠬᠥᠶ ᠡᠮ ᠡᠮᠨᠡᠯᠭᠡ ᠵᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠵᠠᠯᠭᠠᠭ᠎ᠠ᠎ᠪᠠᠷ ᠨᠡᠢᠲᠡᠯᠡᠵᠦ᠍᠂ ᠣᠯᠠᠨ ᠲᠦᠮᠡᠨ᠎ᠦ ᠡᠪᠡᠳᠴᠢᠨ ᠦᠵᠡᠭᠦᠯᠵᠦ᠍ ᠡᠮ ᠬᠡᠷᠡᠭ᠌ᠯᠡᠬᠦ᠌ ᠵᠠᠷᠤᠳᠠᠯ᠎ᠤᠨ ᠳᠠᠷᠤᠭᠠᠰᠤ᠎ᠶ᠋ᠢ ᠬᠥᠩᠭᠡᠷᠡᠭᠦᠯᠵᠤ ᠪᠠᠢᠨ᠎ᠠ᠃

ᠱᠢᠨ᠎ᠡ ᠲᠢᠲᠢᠮᠯᠢᠭ ᠸᠢᠷᠦ᠋ᠰ ᠤ᠋ᠨ ᠬᠠᠯᠳᠠᠪᠤᠷᠢᠯᠠᠯ ᠢ᠋ ᠡᠮᠨᠡᠭᠦᠯᠦᠭ᠌ᠰᠡᠨ ᠵᠠᠷᠤᠳᠠᠯ ᠢ᠋ ᠡᠮ ᠡᠮᠨᠡᠯᠭᠡ᠎ᠶ᠋ᠢᠨ ᠳᠠᠭᠠᠳᠭᠠᠯ ᠵᠢᠡᠷ ᠲᠠᠩᠰᠠ ᠲᠠᠢᠯᠬᠤ ᠬᠠᠷᠢᠴᠠᠯ᠎ᠢ ᠲᠣᠳᠣᠷᠬᠠᠢᠯᠠᠪᠠ

ᠤᠯᠤᠰ᠎ᠤᠨ  ᠡᠮ ᠡᠮᠨᠡᠯᠭᠡ ᠵᠢᠨ ᠪᠠᠳᠤᠯᠠᠪᠤᠷᠢ᠎ᠶ᠋ᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠡᠨᠡ ᠤᠳᠠᠭ᠎ᠠ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠭᠳᠠᠭᠰᠠᠨ ᠡᠪᠡᠳᠴᠢᠲᠡᠨ᠎ᠦ ᠡᠭᠦᠳᠡᠨ ᠡᠮᠨᠡᠯᠭᠡ᠂ ᠡᠮᠨᠡᠯᠭᠡ᠎ᠳᠦ ᠰᠠᠭᠤᠭ᠍ᠰᠠᠨ ᠵᠠᠷᠤᠳᠠᠯ᠎ᠤᠨ ᠬᠠᠮᠢᠶ᠎ᠠ ᠪᠥᠬᠥᠶ ᠡᠮ ᠡᠮᠨᠡᠯᠭᠡ ᠵᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠲᠣᠳᠣᠷᠬᠠᠢᠯᠠᠪᠠ᠃ ᠡᠭᠦᠨ᠎ᠳᠦ᠂ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠦ ᠦᠨᠳᠦᠰᠦᠨ ᠱᠠᠲᠤᠨ᠎ᠤ ᠡᠮ ᠡᠮᠨᠡᠯᠭᠡ ᠵᠢᠨ ᠳᠠᠭᠠᠳᠭᠠᠯ᠎ᠤᠨ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠡᠭᠦᠰᠦᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠢ᠋ ᠵᠠᠰᠠᠬᠤ᠎ᠲᠡᠶ ᠬᠣᠯᠪᠣᠭ᠍ᠳᠠᠬᠤ(ᠡᠮᠴᠢᠯᠡᠭᠡᠨ᠎ᠦ ᠳᠠᠭᠠᠳᠭᠠᠯ᠎ᠤᠨ ᠭᠠᠷᠴᠠᠭ᠎ᠤᠨ ᠬᠦᠷᠢᠶ᠎ᠡ ᠬᠡᠪᠴᠢᠶ᠎ᠡ ᠳᠤᠳᠤᠷᠠᠬᠢ) ᠡᠭᠦᠳᠡᠨ ᠡᠮᠨᠡᠯᠭᠡ ᠪᠠ ᠲᠦᠷᠭᠡᠨ ᠡᠮᠨᠡᠯᠭᠡ᠎ᠶ᠋ᠢᠨ ᠵᠠᠷᠤᠳᠠᠯ᠎ᠳᠤ᠂ ᠵᠠᠷᠴᠢᠮ ᠳᠡᠭᠡᠷ᠎ᠡ᠎ᠪᠡᠨ ᠡᠬᠢᠯᠡᠵᠦ᠍ ᠲᠦᠯᠦᠬᠦ ᠬᠢᠵᠠᠭᠠᠷ ᠱᠤᠭᠤᠮ ᠪᠠ ᠳᠡᠭᠡᠳᠦ ᠬᠢᠵᠠᠭᠠᠷ ᠱᠤᠭᠤᠮ ᠲᠣᠭ᠍ᠲᠠᠭᠠᠬᠤ ᠥᠬᠡᠶ᠂ ᠲᠠᠩᠰᠠ ᠲᠠᠢᠯᠬᠤ ᠬᠠᠷᠢᠴᠠᠯ᠎ᠢ 70% ᠡᠴᠡ ᠳᠤᠤᠷ᠎ᠠ ᠪᠠᠢᠯᠭᠠᠵᠤ ᠪᠣᠯᠬᠤ ᠥᠬᠡᠶ᠃ ᠪᠣᠳᠠᠲᠠᠶ ᠲᠣᠭ᠍ᠲᠠᠭᠠᠯ᠎ᠢ ᠣᠷᠣᠨ ᠨᠤᠲᠤᠭ᠎ᠤᠨ ᠡᠮ ᠡᠮᠨᠡᠯᠭᠡ ᠵᠢᠨ ᠳᠠᠭᠠᠳᠭᠠᠯ᠎ᠤᠨ ᠰᠠᠯᠠᠭ᠎ᠠ ᠮᠥᠴᠢᠷ᠎ᠪᠤᠯᠤᠨ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠲᠡᠶ ᠵᠥᠪᠳᠡᠯᠴᠡᠵᠦ᠍ ᠡᠮ ᠡᠮᠨᠡᠯᠭᠡ ᠵᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠠᠵᠢᠯᠯᠠᠭᠠᠨ᠎ᠤ ᠪᠠᠢᠳᠠᠯ᠎ᠢ ᠦᠨᠳᠦᠰᠦᠯᠡᠨ ᠰᠤᠳᠤᠯᠤᠨ ᠲᠣᠭ᠍ᠲᠠᠭᠠᠵᠤ᠂ 3 ᠰᠠᠷ᠎ᠠ᠎ᠶ᠋ᠢᠨ 31 ᠤ᠋ ᠡᠳᠦᠷ ᠪᠣᠯᠲᠠᠯ᠎ᠠ ᠤᠷᠢᠳ ᠵᠢᠡᠷ ᠬᠡᠷᠡᠭ᠌ᠵᠢᠭᠦᠯᠦᠨ᠎ᠡ᠃

ᠣᠢᠯᠠᠭᠠᠭ᠍ᠰᠠᠨ᠎ᠢᠶᠠᠷ᠂ ᠠᠨᠾᠦ᠋ᠢ ᠮᠤᠵᠢ 2022 ᠣᠨ᠎ᠤ 12 ᠰᠠᠷ᠎ᠠ᠎ᠶ᠋ᠢᠨ ᠰᠡᠭᠦᠯᠴᠢ᠎ᠪᠡᠷ ᠲᠦᠷ ᠴᠠᠭ᠎ᠤᠨ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ ᠨᠡᠢᠲᠡᠯᠡᠵᠦ᠍᠂ ᠳᠠᠭᠠᠳᠭᠠᠯ᠎ᠳᠤ ᠣᠷᠣᠯᠴᠠᠭ᠍ᠰᠠᠳ ᠡᠭᠦᠳᠡᠨ ᠡᠮᠨᠡᠯᠭᠡ ᠪᠠ ᠲᠦᠷᠭᠡᠨ ᠡᠮᠨᠡᠯᠭᠡ᠎ᠳᠦ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ ᠤ᠋ᠨ 70% ᠎ᠶ᠋ᠢᠨ ᠡᠮ ᠡᠮᠨᠡᠯᠭᠡ᠎ᠶ᠋ᠢᠨ ᠵᠠᠷᠤᠳᠠᠯ᠎ᠢ ᠲᠠᠩᠰᠠ ᠳᠡᠢᠯᠵᠦ᠍ ᠪᠣᠯᠤᠨ᠎ᠠ᠂ ᠡᠬᠢᠯᠡᠵᠦ᠍ ᠲᠦᠯᠦᠬᠦ ᠬᠢᠵᠠᠭᠠᠷ ᠱᠤᠭᠤᠮ ᠪᠠ ᠲᠠᠩᠰᠠᠨ ᠡᠴᠡ ᠲᠠᠢᠯᠬᠤ ᠬᠢᠵᠠᠭᠠᠷ ᠲᠣᠭ᠎ᠠ᠎ᠶ᠋ᠢ ᠲᠤᠭᠳᠠᠭᠠᠭᠰᠠᠨ ᠦᠭᠡᠢ᠃ ᠡᠯ᠎ᠡ ᠱᠠᠲᠤᠨ᠎ᠤ ᠡᠮᠨᠡᠯᠭᠡ᠎ᠶ᠋ᠢᠨ ᠬᠣᠷᠢᠶ᠎ᠠ ᠴᠢᠨᠠᠭ᠍ᠰᠢᠯᠠᠪᠠᠯ ᠲᠣᠰᠭᠣᠨ᠎ᠤ ᠡᠷᠡᠭᠦᠯ ᠬᠠᠮᠠᠭᠠᠯᠠᠯ᠎ᠤᠨ ᠲᠠᠰᠤᠭ ᠵᠡᠷᠭᠡ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢ ᠴᠥᠮ ᠱᠢᠨ᠎ᠡ ᠲᠢᠲᠢᠮᠯᠢᠭ ᠸᠢᠷᠦ᠋ᠰ ᠤ᠋ᠨ ᠬᠠᠯᠳᠠᠪᠤᠷᠢᠯᠠᠯ ᠤ᠋ᠨ ᠡᠭᠦᠳᠡᠨ ᠡᠮᠨᠡᠯᠭᠡ᠎ᠶ᠋ᠢᠨ ᠨᠢᠭᠡᠳᠦᠯᠲᠡᠶ ᠲᠥᠯᠥᠪᠵᠢᠭᠦᠯᠦᠨ ᠳ᠋ᠦᠩᠨᠡᠨ ᠪᠤᠳᠤᠬᠤ ᠬᠡᠪᠴᠢᠶᠡᠨ᠎ᠳᠦ ᠣᠷᠣᠭᠤᠯᠪᠠ᠃

ᠠᠨᠾᠦ᠋ᠶ ᠮᠤᠵᠢ᠎ᠶ᠋ᠢᠨ ᠲᠦᠩ ᠯᠢᠩ ᠬᠣᠲᠠ᠎ᠶ᠋ᠢᠨ ᠠᠷᠠᠳ ᠲᠢᠶᠠᠨ ᠠᠪᠠᠬᠠᠶ ᠰᠤᠷᠪᠤᠯᠵᠢᠯᠠᠭ᠍ᠴᠢ᠎ᠳᠤ᠂ ᠣᠢᠷ᠎ᠠ᠎ᠳᠤ ᠲᠡᠷᠡ ᠱᠢᠨ᠎ᠡ ᠲᠢᠲᠢᠮᠯᠢᠭ ᠸᠢᠷᠦ᠋ᠰ᠎ᠡᠴᠡ ᠪᠣᠯᠵᠣ ᠡᠮᠨᠡᠯᠭᠡ᠎ᠳᠦ ᠣᠴᠢᠵᠤ ᠡᠮᠨᠡᠭᠦᠯᠪᠡ᠃ ᠡᠮᠴᠢ ᠡᠪᠡᠳᠴᠢᠨ᠎ᠦ ᠪᠠᠢᠳᠠᠯ᠎ᠢ ᠦᠨᠳᠦᠰᠦᠯᠡᠨ᠂ ᠲᠡᠭᠦᠨ᠎ᠳᠦ ᠨᠡᠢᠲᠡ 540 ᠲᠥᠭᠥᠷᠢᠭ᠎ᠦᠨ ᠡᠮ ᠥᠭ᠌ᠴᠦ᠂ ᠡᠮ ᠡᠮᠨᠡᠯᠭᠡ᠎ᠶ᠋ᠢᠨ ᠳᠠᠭᠠᠳᠭᠠᠯ᠎ᠡᠴᠡ ᠲᠡᠭᠦᠨ᠎ᠳᠦ 378 ᠲᠥᠭᠥᠷᠢᠭ᠎ᠢ ᠨᠢ ᠲᠠᠩᠰᠠ ᠳᠡᠢᠯᠵᠦ᠍ ᠥᠭ᠌ᠴᠡᠶ᠃ 《ᠡᠪᠡᠳᠴᠢᠨ ᠦᠵᠡᠭᠦᠯᠬᠦ ᠵᠠᠷᠤᠳᠠᠯ ᠬᠦᠩᠭᠡᠷᠡᠭᠰᠡᠨ ᠡᠴᠡ ᠡᠭᠦᠷᠭᠡᠯᠡᠵᠦ᠍ ᠳᠡᠢᠯᠦᠨ᠎ᠠ᠂ ᠪᠢ ᠦᠪᠡᠷ ᠤ᠋ᠨ ᠵᠢᠡᠨ ᠡᠷᠡᠭᠦᠯᠵᠢᠬᠦ᠌᠎ᠳᠦ ᠢᠲᠡᠭᠡᠯ᠎ᠲᠡᠶ ᠪᠠᠢᠨ᠎ᠠ 》 ᠭᠡᠵᠦ᠍ ᠲᠢᠶᠠᠨ ᠠᠪᠠᠬᠠᠶ ᠬᠡᠯᠡᠪᠡ᠃

ᠰᠤᠷᠪᠤᠯᠵᠢᠯᠠᠭ᠍ᠴᠢ ᠠᠨᠾᠦ᠋ᠢ ᠮᠤᠵᠢ᠎ᠶ᠋ᠢᠨ ᠡᠮ ᠡᠮᠨᠡᠯᠭᠡ ᠵᠢᠨ  ᠪᠠᠳᠤᠯᠠᠭ᠎ᠠ᠎ᠶ᠋ᠢᠨ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ 2023 ᠣᠨ᠎ᠤ 1 ᠰᠠᠷ᠎ᠠ᠎ᠶ᠋ᠢᠨ 3 ᠤ᠋ ᠡᠳᠦᠷ ᠪᠣᠯᠲᠠᠯ᠎ᠠ᠂ ᠪᠥᠬᠥ᠌ ᠮᠤᠵᠢ᠎ᠶ᠋ᠢᠨ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠤᠨ ᠡᠭᠦᠳᠡᠨ ᠡᠮᠨᠡᠯᠭᠡ᠎ᠶ᠋ᠢᠨ ᠡᠮ ᠡᠮᠨᠡᠯᠭᠡ᠎ᠶ᠋ᠢᠨ ᠳᠠᠭᠠᠳᠭᠠᠯ᠎ᠤᠨ ᠱᠢᠰᠲ᠋ᠧᠮ ᠨᠢᠭᠡᠨᠲᠡ 2.38 ᠲᠦᠮᠡᠨ ᠬᠥᠮᠦᠨ ᠤᠳᠠᠭ᠎ᠠ ᠳ᠋ᠦᠩᠨᠡᠨ ᠪᠤᠳᠤᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠡᠴᠡ 241 ᠲᠦᠮᠡᠨ ᠲᠥᠭᠥᠷᠢᠭ ᠳᠥᠯᠥᠵᠦ᠍᠂ ᠤᠳᠠᠭ᠎ᠠ ᠪᠦᠷᠢ ᠳᠤᠮᠳᠠᠴᠢ᠎ᠪᠠᠷ 101 ᠲᠥᠭᠥᠷᠢᠭ᠎ᠦᠨ ᠵᠠᠷᠤᠳᠠᠯ᠎ᠢ ᠲᠠᠩᠰᠠ ᠳᠡᠢᠯᠵᠦ᠍ ᠥᠭ᠌ᠴᠡᠶ᠃

ᠡᠭᠦᠨ᠎ᠡᠴᠡ ᠭᠠᠳᠠᠨ᠎ᠠ᠂ ᠹᠦᠵᠢᠶᠠᠨ ᠮᠤᠵᠢ᠎ᠶ᠋ᠢᠨ ᠴᠢᠤᠸᠠᠨᠵᠸᠤ ᠬᠣᠲᠠ᠎ᠶ᠋ᠢᠨ ᠡᠮ ᠡᠮᠨᠡᠯᠭᠡ ᠵᠢᠨ  ᠪᠠᠳᠤᠯᠠᠭ᠎ᠠ  ᠵᠢᠨ ᠲᠣᠪᠴᠢᠶ᠎ᠠ᠎ᠶ᠋ᠢᠨ ᠵᠢᠨᠵᠢᠶᠠᠩ᠎ᠤᠨ ᠬᠤᠪᠢᠶᠠᠷᠢ ᠲᠣᠪᠴᠢᠶ᠎ᠠ᠎ᠶ᠋ᠢᠨ ᠳᠠᠷᠤᠭ᠎ᠠ ᠬᠤᠸᠠᠩ ᠴᠠᠩ ᠱᠠ᠂ ᠡᠭᠦᠳᠡᠨ ᠡᠮᠨᠡᠯᠭᠡ᠎ᠶ᠋ᠢᠨ ᠲᠠᠯ᠎ᠠ᠎ᠪᠠᠷ᠂ ᠵᠢᠨᠵᠢᠶᠠᠩ᠎ᠤᠨ ᠲᠤᠬᠠᠶ᠎ᠶ᠋ᠢᠨ ᠭᠠᠵᠠᠷ᠎ᠤᠨ ᠳᠠᠭᠠᠳᠭᠠᠯ᠎ᠳᠤ ᠣᠷᠣᠯᠴᠠᠭ᠍ᠰᠠᠳ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠭ᠍ᠲᠠᠭ᠍ᠰᠠᠨ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠳᠤ ᠡᠪᠡᠳᠴᠢᠨ ᠦᠵᠡᠭᠦᠯᠪᠡᠯ᠂ ᠡᠩ᠎ᠦᠨ ᠡᠭᠦᠳᠡᠨ ᠡᠮᠨᠡᠯᠭᠡ᠎ᠶ᠋ᠢᠨ ᠬᠠᠷᠠᠭᠠᠯᠵᠠᠯ᠎ᠢ ᠭᠥᠷᠳᠡᠵᠦ᠍ ᠪᠣᠯᠤᠨ᠎ᠠ᠂ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ(ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ) ᠎ᠳ᠋ᠤ ᠡᠪᠡᠳᠴᠢᠨ ᠦᠵᠡᠭᠦᠯᠪᠡᠯ᠂ ᠲᠠᠩᠰᠠ ᠲᠠᠢᠯᠬᠤ ᠬᠠᠷᠢᠴᠠᠯ ᠨᠢ 70% ᠪᠣᠯᠤᠨ᠎ᠠ ᠭᠡᠵᠤ ᠲᠠᠨᠢᠯᠴᠠᠭᠤᠯᠵᠠᠢ᠃

ᠰᠦᠯᠵᠢᠶᠡᠨ ᠳᠡᠭᠡᠷ᠎ᠡ ᠡᠪᠡᠳᠴᠢᠨ ᠦᠵᠡᠭᠦᠯᠬᠦ᠎ᠶ᠋ᠢ ᠡᠮ ᠡᠮᠨᠡᠯᠭᠡ ᠵᠢᠨ ᠳᠠᠭᠠᠳᠭᠠᠯ᠎ᠤᠨ ᠲᠣᠭᠠᠴᠡᠭ᠎ᠠ ᠬᠢᠬᠦ᠌ ᠬᠡᠪᠴᠢᠶᠡᠨ᠎ᠳᠦ ᠣᠷᠣᠭᠤᠯᠪᠠ

ᠡᠯ᠎ᠡ ᠭᠠᠵᠠᠷ᠎ᠤᠨ ᠢᠨᠲ᠋ᠧᠷ ᠰᠦᠯᠵᠢᠶᠡᠨ᠎ᠦ ᠡᠮᠨᠡᠯᠭᠡ᠎ᠶ᠋ᠢᠨ ᠬᠣᠷᠢᠶ᠎ᠠ ᠱᠢᠨ᠎ᠡ ᠲᠢᠲᠢᠮᠯᠢᠭ ᠸᠢᠷᠦ᠋ᠰ᠎ᠦᠨ ᠡᠭᠦᠳᠡᠨ ᠡᠮᠨᠡᠯᠭᠡ᠂ ᠬᠠᠯᠠᠭᠤᠷᠠᠯ᠎ᠤᠨ ᠡᠭᠦᠳᠡᠨ ᠡᠮᠨᠡᠯᠭᠡ ᠵᠡᠷᠭᠡ ᠦᠶ᠋ᠯᠡᠴᠢᠯᠡᠭᠡ ᠭᠠᠷᠭᠠᠬᠤ᠎ᠶ᠋ᠢ ᠳᠠᠭᠠᠯᠳᠤᠨ᠂ ᠰᠦᠯᠵᠢᠶᠡᠨ ᠳᠡᠭᠡᠷ᠎ᠡ ᠡᠪᠡᠳᠴᠢᠨ ᠦᠵᠡᠭᠦᠯᠬᠦ᠌᠎ᠨᠢ ᠴᠥᠭᠡᠨ ᠪᠤᠰᠤ ᠡᠪᠡᠳᠴᠢᠲᠡᠨ᠎ᠦ ᠲᠡᠷᠢᠭᠦᠨ ᠰᠣᠩᠭᠣᠯᠲᠠ ᠪᠣᠯᠵᠠᠶ᠃

《ᠢᠨᠲ᠋ᠧᠷ ᠰᠦᠯᠵᠢᠶ᠎ᠡ +》 ᠡᠮ ᠡᠮᠨᠡᠯᠭᠡ᠎ᠶ᠋ᠢᠨ ᠳᠠᠭᠠᠳᠭᠠᠯ᠎ᠤᠨ ᠦᠶ᠋ᠯᠡᠴᠢᠯᠡᠭᠡ᠎ᠶ᠋ᠢ ᠰᠠᠢᠲᠤᠷ ᠬᠢᠬᠦ᠌ ᠲᠤᠬᠠᠶ᠂ ᠲᠣᠰ ᠤᠳᠠᠭ᠎ᠠ ᠨᠡᠢᠲᠡᠯᠡᠭ᠌ᠰᠡᠨ ᠮᠡᠳᠡᠭ᠌ᠳᠡᠯ᠎ᠳᠦ᠂ ᠠᠵᠢᠯ ᠲᠥᠷᠥᠯ᠎ᠦᠨ ᠰᠠᠯᠠᠭ᠎ᠠ ᠮᠥᠴᠢᠷ᠎ᠡᠴᠡ ᠵᠦᠪᠰᠢᠶᠡᠷᠡᠭᠰᠡᠨ ᠱᠢᠨ᠎ᠡ ᠲᠢᠲᠢᠮᠯᠢᠭ ᠸᠢᠷᠦ᠋ᠰ ᠤ᠋ᠨ ᠬᠠᠯᠳᠠᠪᠤᠷᠢᠯᠠᠯ ᠤ᠋ᠨ ᠢᠨᠲ᠋ᠧᠷ ᠰᠦᠯᠵᠢᠶᠡᠨ᠎ᠦ ᠠᠩᠬᠠᠨ᠎ᠤ ᠣᠨᠣᠱᠢᠯᠠᠯᠲᠠ᠎ᠶ᠋ᠢᠨ ᠦᠶ᠋ᠯᠡᠴᠢᠯᠡᠭᠡ᠎ᠳᠦ ᠴᠢᠭ᠌ᠯᠡᠭᠦᠯᠦᠨ᠂ ᠲᠣᠭ᠍ᠲᠠᠭᠠᠯ ᠶᠣᠰᠣᠭᠠᠷ ᠱᠢᠨ᠎ᠡ ᠲᠢᠲᠢᠮᠯᠢᠭ ᠸᠢᠷᠦ᠋ᠰ ᠤ᠋ᠨ ᠬᠠᠯᠳᠠᠪᠤᠷᠢᠯᠠᠯ ᠤ᠋ᠨ ᠬᠠᠮᠢᠶ᠎ᠠ ᠪᠥᠬᠥᠶ ᠡᠪᠡᠳᠴᠢᠨ᠎ᠦ ᠢᠯᠡᠷᠡᠯ ᠭᠠᠷᠴᠤ᠌᠂ 《ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠭᠳᠠᠭᠰᠠᠨ ᠬᠥᠮᠦᠰ᠎ᠬᠡᠷ᠎ᠲᠡᠬᠡᠨ ᠰᠠᠭᠤᠵᠤ ᠡᠮᠨᠡᠨ ᠵᠠᠰᠠᠬᠤ ᠵᠦᠭ᠌ᠯᠡᠭᠦᠷ》 ᠲᠤ᠌ ᠨᠡᠢᠴᠡᠭ᠌ᠰᠡᠨ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠭᠳᠠᠭᠰᠠᠨ ᠡᠪᠡᠳᠴᠢᠲᠡᠨ᠎ᠳᠦ ᠡᠮ ᠡᠮᠨᠡᠯᠭᠡ᠎ᠶ᠋ᠢᠨ ᠳᠠᠭᠠᠳᠭᠠᠯ᠎ᠤᠨ ᠨᠡᠭᠦᠳᠡᠯ ᠲᠣᠭᠠᠴᠡᠭ᠎ᠠ ᠬᠢᠵᠦ᠍ ᠳ᠋ᠦᠩᠨᠡᠨ ᠪᠤᠳᠤᠬᠤ ᠦᠶ᠋ᠯᠡᠴᠢᠯᠡᠭᠡ ᠬᠠᠩᠭᠠᠨ᠎ᠠ ᠭᠡᠵᠦ ᠲᠤᠳᠤᠷᠬᠠᠢᠯᠠᠪᠠ᠃

ᠣᠢᠷ᠎ᠠ᠎ᠳᠤ᠂ ᠭᠤᠸᠠᠩᠳᠦ᠋ᠩ ᠮᠤᠵᠢ ᠱᠢᠨ᠎ᠡ ᠠᠷᠭ᠎ᠠ ᠬᠡᠮᠵᠢᠶ᠎ᠡ ᠨᠡᠢᠲᠡᠯᠡᠵᠦ᠍᠂ ᠳᠠᠭᠠᠳᠭᠠᠯ᠎ᠳᠤ ᠣᠷᠣᠯᠴᠠᠭ᠍ᠰᠠᠨ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠭᠳᠠᠭᠰᠠᠨ ᠡᠪᠡᠳᠴᠢᠲᠡᠨ᠎ᠦ 《 ᠢᠨᠲ᠋ᠸᠷ ᠰᠦᠯᠵᠢᠶ᠎ᠡ + 》 ᠡᠮ ᠡᠮᠨᠡᠯᠭᠡ᠎ᠶ᠋ᠢᠨ ᠦᠶ᠋ᠯᠡᠴᠢᠯᠡᠭᠡᠨ᠎ᠦ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠠᠩᠬ᠎ᠠ ᠣᠨᠣᠱᠢᠯᠠᠬᠤ᠎ᠳᠤ ᠡᠭᠦᠰᠦᠭ᠌ᠰᠡᠨ ᠣᠨᠣᠱᠢᠯᠠᠨ ᠪᠠᠢᠴᠠᠭᠠᠬᠤ ᠵᠠᠷᠤᠳᠠᠯ ᠪᠠ ᠡᠮ᠎ᠦᠨ ᠵᠦᠶ᠋ᠯᠡᠰ᠎ᠦᠨ ᠵᠠᠷᠤᠳᠠᠯ ᠵᠢᠴᠢ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠳᠤ ᠡᠭᠦᠰᠦᠭ᠌ᠰᠡᠨ ᠱᠢᠨ᠎ᠡ ᠲᠢᠲᠢᠮᠯᠢᠭ ᠸᠢᠷᠦ᠋ᠰ᠎ᠦᠨ ᠠᠨᠲ᠋ᠢᠪᠤᠳᠢ ᠵᠢᠨ ᠤᠷᠪᠠᠯ᠎ᠤᠨ ᠪᠠᠢᠴᠠᠭᠠᠯᠳᠠ ᠵᠢᠨ ᠵᠠᠷᠤᠳᠠᠯ ᠵᠡᠷᠭᠡ᠎ᠶ᠋ᠢ ᠡᠮ ᠡᠮᠨᠡᠯᠭᠡ᠎ᠶ᠋ᠢᠨ ᠳᠠᠭᠠᠳᠭᠠᠯ᠎ᠤᠨ ᠲᠤᠭᠠᠴᠠᠭ᠎ᠠ ᠬᠢᠬᠦ ᠬᠡᠪᠴᠢᠶᠡᠨ᠎ᠳᠦ ᠣᠷᠣᠭᠤᠯᠪᠠ᠃

《ᠡᠭᠦᠨ᠎ᠡᠴᠡ ᠡᠮᠦᠨ᠎ᠡ ᠢᠨᠲ᠋ᠧᠷ ᠰᠦᠯᠵᠢᠶᠡᠨ᠎ᠦ ᠡᠮᠨᠡᠯᠭᠡ᠎ᠶ᠋ᠢᠨ ᠬᠣᠷᠢᠶ᠎ᠠ ᠵᠥᠪᠬᠡᠨ ᠳᠠᠬᠢᠨ ᠡᠮᠨᠡᠭᠦᠯᠦᠭ᠌ᠰᠡᠨ᠎ᠡᠴᠡ ᠪᠣᠯᠤᠭ᠍ᠰᠠᠨ ᠡᠮ ᠡᠮᠨᠡᠯᠭᠡ᠎ᠶ᠋ᠢᠨ ᠵᠠᠷᠤᠳᠠᠯ᠎ᠢ ᠡᠮ ᠡᠮᠨᠡᠯᠭᠡ᠎ᠶ᠋ᠢᠨ ᠳᠠᠭᠠᠳᠭᠠᠯ᠎ᠢᠶᠠᠷ ᠳᠡᠮᠵᠢᠨ ᠲᠠᠩᠰᠠ ᠳᠡᠢᠯᠵᠦ᠍ ᠪᠣᠯᠤᠨ᠎ᠠ᠂ ᠣᠲᠣ ᠳᠠᠭᠠᠳᠬᠠᠯ ᠳ᠋ᠤ ᠤᠷᠤᠯᠴᠠᠭᠰᠠᠨ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠭᠳᠠᠭᠰᠠᠨ ᠡᠪᠡᠳᠴᠢᠲᠡᠨ᠎ᠦ ᠠᠩᠬᠠᠨ᠎ᠤ ᠡᠮᠴᠢᠯᠡᠭᠡ᠎ᠶ᠋ᠢ ᠴᠤ᠌ ᠲᠠᠩᠰᠠ ᠳᠡᠢᠯᠵᠦ᠍ ᠪᠣᠯᠤᠨ᠎ᠠ᠂ ᠡᠮᠦᠨᠡᠲᠦ ᠵᠢᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠵᠦᠵᠢᠶᠠᠩ ᠡᠮᠨᠡᠯᠭᠡ᠎ᠶ᠋ᠢᠨ ᠬᠣᠷᠢᠶᠠᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠬᠡᠯᠲᠡᠰ᠎ᠦᠨ ᠳᠡᠳ᠋ ᠡᠷᠬᠢᠯᠡᠭ᠌ᠴᠢ ᠯᠢ ᠴᠤᠤ᠂ ᠵᠠᠷᠢᠮ ᠰᠠᠭᠤᠭᠠᠯᠢ ᠠᠷᠠᠳ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ ᠡᠪᠡᠳᠴᠢᠨ᠎ᠦ ᠢᠯᠡᠷᠡᠯ᠎ᠲᠡᠶ ᠪᠣᠯᠪᠠᠴᠤ᠌ ᠪᠠᠢᠴᠠᠭᠠᠭᠰᠠᠨ ᠥᠬᠡᠶ ᠴᠤ᠌ ᠰᠦᠯᠵᠢᠶᠡᠨ ᠳᠡᠭᠡᠷᠡᠬᠢ ᠡᠮᠴᠢ ᠪᠣᠳᠠᠲᠠᠶ ᠡᠪᠡᠳᠴᠢᠨ᠎ᠦ ᠪᠠᠢᠳᠠᠯ᠎ᠤᠨ ᠣᠨᠴᠠᠯᠢᠭ᠎ᠢ ᠦᠨᠳᠦᠰᠦᠯᠡᠨ ᠡᠪᠡᠳᠴᠢᠨ᠎ᠳᠦᠨᠢ ᠲᠠᠭᠠᠷᠠᠭᠤᠯᠤᠨ ᠡᠮ ᠦᠭᠭᠦᠨ᠎ᠠ》 ᠭᠡᠪᠡ᠃    ᠭᠤᠸᠠᠩᠵᠧᠦ᠍ ᠬᠤᠳᠠ᠎ᠶ᠋ᠢᠨ ᠠᠷᠠᠳ 38 ᠨᠠᠰᠤᠲᠠᠢ ᠴᠧᠨ ᠠᠪᠠᠬᠠᠢ ᠬᠠᠯᠠᠭᠤᠷᠠᠬᠤ᠂ ᠨᠢᠰᠤ ᠭᠣᠭᠣᠵᠢᠬᠤ ᠵᠡᠷᠭᠡ᠎ᠡᠴᠡ ᠪᠤᠯᠵᠤ᠂ ᠡᠮᠦᠨᠡᠲᠦ᠍᠎ᠶ᠋ᠢᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠵᠦᠵᠢᠶᠠᠩ ᠡᠮᠨᠡᠯᠭᠡ᠎ᠶ᠋ᠢᠨ ᠬᠣᠷᠢᠶᠠᠨ᠎ᠤ ᠢᠨᠲ᠋ᠸᠷ ᠰᠦᠯᠵᠢᠶᠡᠨ᠎ᠦ ᠡᠮᠨᠡᠯᠭᠡ᠎ᠳᠦ ᠡᠮᠨᠡᠭᠦᠯᠪᠡ᠃ ᠰᠦᠢᠳᠭᠡᠯ ᠲᠤᠱᠢᠶᠠᠬᠤ ᠦᠶ᠎ᠡ᠎ᠳᠦ᠂ ᠴᠧᠨ ᠠᠪᠠᠬᠠᠢ ᠡᠮ ᠡᠮᠨᠡᠯᠭᠡ᠎ᠶ᠋ᠢᠨ ᠳᠠᠭᠠᠳᠭᠠᠯ᠎ᠢᠶᠠᠷ ᠲᠤᠭᠠᠴᠠᠭ᠎ᠠ ᠬᠢᠵᠤ᠂ 50 ᠭᠠᠷᠤᠢ ᠲᠥᠭᠥᠷᠢᠭ᠎ᠦᠨ ᠡᠮ ᠠᠪᠤᠭᠠᠳ ᠦᠪᠡᠷ᠎ᠢᠶᠡᠨ ᠵᠥᠪᠬᠡᠨ 18.62 ᠲᠥᠭᠥᠷᠢᠭ ᠯᠡ ᠭᠠᠷᠭᠠᠵᠠᠢ᠃ 《ᠰᠦᠯᠵᠢᠶᠡᠨ ᠳᠡᠭᠡᠷᠡᠬᠢ ᠡᠮᠴᠢ ᠠᠵᠢᠯ ᠳ᠋ᠠᠭᠠᠨ ᠮᠠᠰᠢ ᠰᠠᠢᠨ᠂  ᠨᠠᠷᠢᠨ ᠨᠢᠮᠪᠠᠶ ᠬᠠᠷᠢᠭᠤ ᠥᠭ᠌ᠴᠦ᠂ ᠡᠮ ᠡᠮᠨᠡᠯᠭᠡ᠎ᠶ᠋ᠢᠨ ᠳᠠᠭᠠᠳᠭᠠᠯ᠎ᠵᠢᠡᠷ ᠲᠤᠭᠠᠴᠠᠭ᠎ᠠ ᠬᠢᠬᠦ᠌᠎ᠳᠦ ᠮᠠᠰᠢ ᠲᠥᠬᠥᠮ ᠪᠠᠢᠨ᠎ᠠ》 ᠭᠡᠵᠦ᠍ ᠴᠧᠨ ᠠᠪᠠᠬᠠᠶ ᠬᠡᠯᠡᠪᠡ᠃

ᠡᠭᠦᠨ᠎ᠡᠴᠡ ᠭᠠᠳᠠᠨ᠎ᠠ᠂ ᠱᠠᠨᠳᠦ᠋ᠩ ᠮᠤᠵᠢ ᠣᠢᠷ᠎ᠠ᠎ᠳᠤ ᠪᠠᠰᠠ ᠮᠡᠳᠡᠭ᠌ᠳᠡᠯ ᠨᠡᠢᠲᠡᠯᠡᠵᠦ᠍᠂ ᠱᠢᠨ᠎ᠡ ᠲᠢᠲᠢᠮᠯᠢᠭ ᠸᠢᠷᠦ᠋ᠰ ᠤ᠋ᠨ ᠬᠠᠯᠳᠠᠪᠤᠷᠢᠯᠠᠯ ᠤ᠋ᠨ ᠬᠣᠯᠪᠣᠭ᠍ᠳᠠᠯ ᠪᠥᠬᠥᠶ ᠡᠪᠡᠳᠴᠢᠨ᠎ᠦ ᠢᠯᠡᠷᠡᠯ ᠲᠠᠢ ᠡᠴᠡ ᠪᠤᠯᠵᠤ ᠢᠨᠲ᠋ᠸᠷ ᠰᠦᠯᠵᠢᠶ᠎ᠠ ᠪᠡᠷ ᠪᠠᠢᠴᠠᠭᠠᠭᠰᠠᠨ ᠵᠠᠷᠤᠳᠠᠯ᠎ᠢ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ ᠵᠢᠡᠷ ᠲᠤᠭᠠᠴᠠᠭ᠎ᠠ ᠬᠢᠬᠦ ᠬᠡᠪᠴᠢᠶᠡᠨ᠎ᠳᠦ ᠣᠷᠣᠭᠤᠯᠵᠤ᠂ ᠪᠤᠳᠠᠳᠤ ᠴᠤᠭᠴᠠ ᠵᠢᠨ ᠲᠠᠩᠰᠠ ᠲᠠᠢᠯᠬᠤ ᠲᠥᠷᠥ᠎ᠶ᠋ᠢᠨ ᠪᠣᠳᠣᠯᠭ᠎ᠠ᠎ᠲᠠᠶ ᠨᠢᠭᠡᠳᠦᠯᠲᠡᠶ ᠪᠣᠯᠭᠠᠨ᠎ᠠ ᠭᠡᠵᠦ᠍ ᠲᠣᠳᠣᠷᠬᠠᠶ ᠲᠣᠭ᠍ᠲᠠᠭᠠᠪᠠ᠃

ᠤᠯᠠᠨ ᠵᠦᠢᠯ᠎ᠦᠨ ᠡᠮᠨᠡᠨ ᠵᠠᠰᠠᠬᠤ ᠡᠮ᠎ᠢ ᠲᠦᠷ ᠴᠠᠭ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠭᠤᠯᠪᠠ

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠲᠡᠨ᠎ᠦ ᠡᠮ ᠬᠡᠷᠡᠭ᠌ᠯᠡᠬᠦ᠌ ᠪᠠᠲᠤᠯᠠᠭ᠎ᠠ᠎ᠶ᠋ᠢᠨ ᠲᠠᠯ᠎ᠠ᠎ᠪᠠᠷ᠂ ᠤᠯᠤᠰ᠎ᠤᠨ ᠡᠮ ᠡᠮᠨᠡᠯᠭᠡ ᠵᠢᠨ  ᠪᠠᠳᠤᠯᠠᠭ᠎ᠠ᠎ᠶ᠋ᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ᠂ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠢ ᠣᠨᠣᠱᠢᠯᠠᠨ ᠡᠮᠨᠡᠬᠦ᠌ ᠲᠥᠰᠦᠯ᠎ᠳᠡᠬᠢ ᠱᠢᠨ᠎ᠡ ᠲᠢᠲᠢᠮᠯᠢᠭ ᠸᠢᠷᠦ᠋ᠰ᠎ᠢ ᠡᠮᠨᠡᠨ ᠵᠠᠰᠠᠬᠤ ᠡᠮ᠎ᠦᠨ ᠵᠦᠶ᠋ᠯᠡᠰ ᠢ᠋ ᠡᠮ ᠡᠮᠨᠡᠯᠭᠡ ᠵᠢᠨ ᠳᠠᠭᠠᠳᠭᠠᠯ ᠵᠢᠡᠷ ᠲᠦᠷ ᠴᠠᠭ ᠲᠣᠭᠠᠴᠡᠭ᠎ᠠ ᠬᠢᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠤᠷᠢᠳ ᠵᠢᠡᠷ 2023 ᠣᠨ᠎ᠤ 3 ᠰᠠᠷ᠎ᠠ᠎ᠶ᠋ᠢᠨ 31 ᠤ᠋ ᠡᠳᠦᠷ ᠪᠣᠯᠲᠠᠯ᠎ᠠ ᠬᠡᠷᠡᠭ᠌ᠵᠢᠭᠦᠯᠦᠨ᠎ᠡ᠃ ᠡᠭᠦᠨ᠎ᠦ ᠬᠠᠮᠲᠤ᠂ ᠡᠮ᠎ᠦᠨ ᠵᠦᠶ᠋ᠯᠡᠰ᠎ᠨᠢ ᠮᠥᠨ ᠬᠦ᠌ ᠬᠦᠷᠦᠯᠴᠡᠬᠦ᠌ ᠥᠬᠡᠶ ᠪᠠᠢᠭ᠎ᠠ ᠣᠷᠣᠨ ᠨᠤᠲᠤᠭ᠎ᠤᠨ ᠡᠮ ᠡᠮᠨᠡᠯᠭᠡ ᠵᠢᠨ ᠪᠠᠳᠤᠯᠠᠭ᠎ᠠ ᠵᠢᠨ ᠰᠠᠯᠠᠭ᠎ᠠ ᠮᠥᠴᠢᠷ᠎ᠦᠳ ᠡᠯ᠎ᠡ ᠮᠤᠵᠢ᠎ᠶ᠋ᠢᠨ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠡᠴᠡ᠎ᠪᠠᠷ ᠮᠠᠭᠠᠳᠯᠠᠨ ᠲᠣᠭ᠍ᠲᠠᠭᠠᠭ᠍ᠰᠠᠨ ᠱᠢᠨ᠎ᠡ ᠲᠢᠲᠢᠮᠯᠢᠭ ᠸᠢᠷᠦ᠋ᠰ ᠤ᠋ᠨ ᠬᠠᠯᠳᠠᠪᠤᠷᠢᠯᠠᠯ ᠤ᠋ᠨ ᠡᠮᠨᠡᠨ ᠵᠠᠰᠠᠬᠤ ᠡᠮ᠎ᠦᠨ ᠵᠦᠶ᠋ᠯᠡᠰ᠎ᠦᠨ ᠭᠠᠷᠴᠠᠭ᠎ᠢᠶᠠᠷ ᠯᠠᠪᠯᠠᠯᠲᠠ ᠪᠣᠯᠭᠠᠵᠤ᠂ ᠡᠮ ᠡᠮᠨᠡᠯᠭᠡ ᠵᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠠᠵᠢᠯᠯᠠᠭᠠᠨ᠎ᠤ ᠪᠠᠢᠳᠠᠯ᠎ᠲᠠᠶ ᠤᠶᠠᠯᠳᠤᠭᠤᠯᠤᠨ᠂ ᠡᠮ ᠡᠮᠨᠡᠯᠭᠡ ᠵᠢᠨ ᠳᠠᠭᠠᠳᠭᠠᠯ᠎ᠤᠨ ᠡᠮ᠎ᠦᠨ ᠵᠦᠶ᠋ᠯ᠎ᠦᠨ ᠭᠠᠷᠴᠠᠭ᠎ᠢ ᠲᠦᠷ ᠴᠠᠭ᠎ᠤᠨ ᠴᠢᠨᠠᠷᠲᠠᠶ᠎ᠪᠠᠷ ᠥᠷᠭᠡᠳᠭᠡᠵᠦ᠍ ᠪᠣᠯᠤᠨ᠎ᠠ ᠭᠡᠵᠤ ᠳᠤᠳᠤᠷᠬᠠᠢᠯᠠᠪᠠ᠃

ᠣᠢᠷ᠎ᠠ᠎ᠳᠤ᠂ ᠬᠤᠪᠧᠶ᠂ ᠭᠤᠸᠠᠩᠰᠢ᠂ ᠠᠨᠾᠦ᠋ᠢ ᠵᠡᠷᠭᠡ ᠭᠠᠵᠠᠷ᠎ᠤᠨ᠎ᠬᠢᠨ ᠣᠯᠠᠨ ᠵᠦᠶ᠋ᠯ᠎ᠦᠨ ᠬᠠᠮᠢᠶ᠎ᠠ ᠪᠥᠬᠥᠶ ᠡᠮ᠎ᠢ ᠲᠦᠷ ᠴᠠᠭ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠭᠤᠯᠪᠠ᠃

ᠠᠨᠾᠦ᠋ᠶ ᠮᠤᠵᠢ᠎ᠶ᠋ᠢᠨ ᠡᠮ ᠡᠮᠨᠡᠯᠭᠡ ᠵᠢᠨ  ᠪᠠᠳᠤᠯᠠᠭ᠎ᠠ᠎ᠶ᠋ᠢᠨ ᠲᠣᠪᠴᠢᠶᠠᠨ᠎ᠤ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ᠂ ᠠᠨᠾᠦ᠋ᠶ ᠮᠤᠵᠢ᠎ᠶ᠋ᠢᠨ ᠬᠢᠨ ᠤᠢᠷ᠎ᠠ ᠳ᠋ᠤ 36 ᠵᠦᠢᠯ᠎ᠦᠨ ᠡᠮ᠎ᠢ ᠡᠮ ᠡᠮᠨᠡᠯᠭᠡ᠎ᠶ᠋ᠢᠨ ᠦᠨᠳᠦᠰᠦᠨ ᠳᠠᠭᠠᠳᠭᠠᠯ᠎ᠤᠨ ᠳᠥᠯᠥᠬᠦ᠌ ᠬᠡᠪᠴᠢᠶᠡᠨ᠎ᠳᠦ ᠲᠦᠷ ᠣᠷᠣᠭᠤᠯᠵᠠᠶ᠃ ᠲᠣᠰ ᠤᠳᠠᠭ᠎ᠠ ᠣᠷᠣᠭᠤᠯᠤᠭ᠍ᠰᠠᠨ ᠡᠮ᠎ᠦᠨ ᠵᠦᠶ᠋ᠯᠡᠰ᠎ᠦᠨ ᠨᠢᠭᠡ ᠣᠨᠴᠠᠯᠢᠭ ᠪᠣᠯ ᠬᠡᠦᠬᠡᠳ᠎ᠦᠨ ᠬᠡᠷᠡᠭ᠌ᠯᠡᠵᠦ᠍ ᠪᠣᠯᠬᠤ ᠡᠮ᠎ᠦᠨ ᠡᠵᠡᠯᠡᠬᠦ᠌ ᠬᠠᠷᠢᠴᠠᠯ ᠥᠨᠳᠥᠷ᠂ ᠬᠠᠮᠢᠶ᠎ᠠ ᠪᠥᠬᠥᠶ ᠡᠮ᠎ᠦᠨ ᠵᠦᠶ᠋ᠯᠡᠰ᠎ᠦᠨ ᠴᠢᠳᠠᠮᠵᠢ᠎ᠶ᠋ᠢ ᠦᠨᠳᠦᠰᠦᠯᠡᠨ᠂ 19 ᠵᠦᠶ᠋ᠯ᠎ᠦᠨ ᠡᠮ᠎ᠢ ᠬᠡᠦᠬᠡᠳ ᠤᠤᠭᠤᠵᠤ ᠪᠣᠯᠬᠤ ᠲᠤᠯᠠ ᠬᠡᠦᠬᠡᠳ ᠵᠡᠷᠭᠡ ᠣᠨᠴᠠᠭᠠᠶ ᠬᠦᠮᠦᠰ ᠤ᠋ᠨ ᠡᠮ ᠬᠡᠷᠡᠭ᠌ᠯᠡᠬᠦ᠌ ᠪᠠᠴᠢᠮ ᠠᠰᠠᠭᠤᠳᠠᠯ᠎ᠢ ᠨᠠᠮᠳᠠᠭᠤᠯᠵᠤ ᠪᠣᠯᠤᠨ᠎ᠠ ᠭᠡᠵᠤ ᠲᠠᠨᠢᠯᠴᠠᠭᠤᠯᠵᠠᠢ᠃

ᠭᠤᠸᠠᠩᠰᠢ᠎ᠶ᠋ᠢᠨ ᠵᠤᠸᠠᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠳᠤ᠂ 15 ᠵᠦᠶ᠋ᠯ᠎ᠦᠨ ᠡᠮ᠎ᠦᠨ ᠵᠦᠶ᠋ᠯᠡᠰ᠎ᠢ ᠡᠮ ᠡᠮᠨᠡᠯᠭᠡ᠎ᠶ᠋ᠢᠨ ᠳᠠᠭᠠᠳᠭᠠᠯ᠎ᠳᠤ ᠲᠦᠷ ᠣᠷᠣᠭᠤᠯᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠬᠥᠬᠡ ᠲᠥᠷᠥᠯ᠎ᠦᠨ ᠡᠮ᠎ᠦᠨ ᠵᠦᠶ᠋ᠯ᠎ᠦᠨ ᠶᠣᠰᠣᠭᠠᠷ ᠲᠠᠩᠰᠠ ᠳᠡᠢᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ  ᠪᠠᠳᠤᠯᠠᠭ᠎ᠠ  ᠵᠢᠨ ᠲᠣᠪᠴᠢᠶ᠎ᠠ᠎ᠶ᠋ᠢᠨ ᠡᠮ ᠡᠮᠨᠡᠯᠭᠡ᠎ᠶ᠋ᠢᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠦ᠋ ᠱᠢᠤᠸᠠᠢ ᠦ᠋᠂ ᠲᠣᠰ ᠤᠳᠠᠭ᠎ᠠ ᠭᠤᠤᠯᠳᠠᠭᠤ ᠬᠠᠯᠠᠭᠤᠨ᠎ᠢ ᠪᠠᠭᠤᠷᠠᠭᠤᠯᠬᠤ ᠪᠠ ᠡᠪᠡᠳᠴᠢᠨ᠎ᠳᠦᠨᠢ ᠲᠣᠬᠢᠷᠠᠭᠤᠯᠤᠨ ᠬᠡᠷᠡᠭ᠌ᠯᠡᠬᠦ᠌ ᠣᠷᠣᠨ ᠨᠤᠲᠤᠭ᠎ᠤᠨ ᠣᠨᠴᠠᠯᠢᠭ᠍ᠲᠤ ᠬᠢᠲᠠᠳ ᠡᠮ ᠪᠠ ᠦᠨᠳᠦᠰᠦᠲᠡᠨ᠎ᠦ ᠡᠮ᠎ᠢ ᠣᠷᠣᠭᠤᠯᠵᠠᠶ᠂ 《ᠭᠤᠸᠠᠩᠰᠢ᠎ᠶ᠋ᠢᠨ ᠦᠨᠳᠦᠰᠦᠲᠡᠨ᠎ᠦ ᠭᠠᠵᠠᠷ ᠣᠷᠣᠨ᠎ᠤ ᠣᠯᠠᠨ ᠲᠦᠮᠡᠨ᠎ᠦ ᠡᠮ ᠬᠡᠷᠡᠭ᠌ᠯᠡᠬᠦ᠌ ᠳᠠᠳᠭᠠᠯ᠎ᠡᠴᠡ ᠠᠪᠴᠤ᠌ ᠦᠵᠡᠪᠡᠯ᠂ ᠡᠲᠡᠭᠡᠷ ᠡᠮ᠎ᠦᠨ ᠵᠦᠶ᠋ᠯᠡᠰ᠎ᠢ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠲᠤᠭᠠᠴᠠᠭ᠎ᠠ ᠬᠢᠬᠦ ᠬᠡᠪᠴᠢᠶᠡᠨ᠎ᠳᠦ ᠲᠦᠷ ᠣᠷᠣᠭᠤᠯᠬᠤ ᠨᠢ ᠣᠳᠣᠬᠠᠨ᠎ᠤ ᠣᠯᠠᠨ ᠲᠦᠮᠡᠨ᠎ᠦ ᠡᠮ ᠬᠡᠷᠡᠭᠯᠡᠬᠦ ᠬᠡᠷᠡᠭ᠌ᠴᠡᠭᠡ᠎ᠶ᠋ᠢ ᠤᠯᠠᠮ ᠴᠢᠨᠠᠭᠰᠢᠳᠠ ᠪᠠᠲᠤᠯᠠᠵᠤ ᠴᠢᠳᠠᠨ᠎ᠠ》 ᠭᠡᠵᠤ ᠲᠠᠨᠢᠯᠴᠠᠭᠤᠯᠪᠠ᠃

ᠭᠤᠸᠠᠩᠰᠢ᠎ᠶ᠋ᠢᠨ ᠨᠠᠨᠨᠢᠩ ᠬᠣᠲᠠ᠎ᠶ᠋ᠢᠨ ᠠᠷᠠᠳ᠎ᠤᠨ ᠲᠣᠮᠣ ᠡᠮ᠎ᠦᠨ ᠳᠡᠯᠭᠡᠭᠦᠷ᠎ᠦᠨ ᠵᠢᠨ ᠳᠧᠦ ᠳ᠋ᠡᠬᠢ ᠳᠡᠯᠭᠡᠭᠦᠷ᠎ᠲᠦ᠂ ᠰᠤᠷᠪᠤᠯᠵᠢᠯᠠᠭ᠍ᠴᠢ《ᠬᠢᠵᠢᠭ᠎ᠢ ᠰᠡᠷᠭᠡᠢᠯᠡᠬᠦ᠌ ᠲᠤᠰᠭᠠᠶ ᠲᠣᠭᠣᠷᠢᠭ》ᠢ᠋ ᠪᠣᠷᠣᠯᠠᠭᠤᠯᠭ᠎ᠠ᠎ᠶ᠋ᠢᠨ ᠲᠤᠭᠤᠷᠢᠭ ᠤ᠋ᠨ ᠭᠤᠤᠯ ᠪᠠᠢᠷᠢᠨ᠎ᠳᠤ ᠲᠤᠬᠢᠷᠠᠭᠤᠯᠵᠤ᠂ ᠵᠠᠷᠢᠮ ᠬᠣᠲᠠ᠎ᠶ᠋ᠢᠨ ᠠᠷᠠᠳ ᠶᠠᠭ ᠬᠡᠷᠡᠭ᠌ᠰᠡᠬᠦ᠌ ᠡᠮ᠎ᠵᠢᠡᠨ ᠰᠣᠩᠭᠣᠨ ᠠᠪᠴᠤ᠌ ᠪᠠᠢᠬᠤ᠎ᠶ᠋ᠢ ᠣᠯᠵᠤ ᠬᠠᠷᠠᠪᠠ᠃

《ᠡᠮ ᠡᠮᠨᠡᠯᠭᠡ ᠵᠢᠨ  ᠪᠠᠳᠤᠯᠠᠭ᠎ᠠ  ᠵᠢᠨ ᠰᠠᠯᠠᠭ᠎ᠠ ᠮᠥᠴᠢᠷ᠎ᠦᠨ ᠪᠠᠭᠤᠯᠭᠠᠭ᠍ᠰᠠᠨ ᠪᠢᠴᠢᠭ ᠮᠠᠲ᠋ᠧᠷᠢᠶᠠᠯ᠎ᠢ ᠣᠯᠤᠭ᠍ᠰᠠᠨ᠎ᠤ ᠳᠠᠷᠠᠭ᠎ᠠ᠂ ᠺᠣᠮᠫᠠᠨᠢ ᠪᠠᠷᠠᠭᠠᠨ᠎ᠤ ᠢᠷᠡᠯᠲᠡ᠎ᠶ᠋ᠢ ᠱᠠᠯᠠᠪᠳᠠᠨ ᠵᠣᠬᠢᠶᠠᠨ ᠪᠠᠢᠭᠤᠯᠵᠤ᠂ ᠡᠯ᠎ᠡ ᠳᠡᠯᠭᠡᠭᠦᠷ ᠴᠦ᠍ ᠡᠮ ᠡᠮᠨᠡᠯᠭᠡ᠎ᠶ᠋ᠢᠨ ᠳᠠᠭᠠᠳᠭᠠᠯ᠎ᠤᠨ ᠲᠠᠩᠰᠠ ᠲᠠᠢᠯᠬᠤ ᠬᠠᠮᠢᠶ᠎ᠠ ᠪᠥᠬᠥᠶ ᠮᠡᠳᠡᠭ᠌ᠳᠡᠯ᠎ᠢ ᠲᠡᠷᠡ ᠳᠠᠷᠤᠶ᠎ᠳᠤᠨᠢ ᠳᠠᠷᠤᠮᠠᠯᠯᠠᠵᠤ ᠨᠠᠭᠠᠪᠠ》᠂ ᠠᠷᠠᠳ᠎ᠤᠨ ᠶᠡᠬᠡ ᠡᠮ᠎ᠦᠨ ᠳᠡᠯᠭᠡᠭᠦᠷ᠎ᠦᠨ ᠬᠡᠯᠬᠢᠶᠡᠳᠤ (ᠭᠤᠸᠠᠩᠰᠢ) ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠱᠢᠶᠤᠤ ᠵᠢᠶᠠ ᠵᠢᠤᠢ᠂ ᠬᠣᠯᠪᠣᠭ᠍ᠳᠠᠯ ᠪᠦᠬᠦᠢ ᠡᠮ᠎ᠦᠨ ᠵᠦᠢᠯᠡᠰ᠎ᠦᠨ ᠪᠣᠷᠣᠯᠠᠭᠤᠯᠭ᠎ᠠ᠎ᠶ᠋ᠢᠨ ᠬᠡᠮᠵᠢᠶ᠎ᠠ ᠤᠢ᠍ᠢᠷ᠎ᠠ᠎ᠶ᠋ᠢᠨ ᠡᠳᠦᠷ ᠢᠯᠡᠳᠲᠡ ᠨᠡᠮᠡᠭ᠌ᠳᠡᠵᠦ᠍᠂ 《ᠬᠣᠭᠣᠯᠠᠢ ᠡᠮᠨᠡᠬᠦ ᠡᠮ᠎ᠦᠨ ᠵᠦᠢᠯᠡᠰ᠎ᠦᠨ ᠤᠢ᠍ᠢᠷ᠎ᠠ᠎ᠶ᠋ᠢᠨ 10 ᠡᠳᠦᠷ᠎ᠦᠨ ᠪᠣᠷᠣᠯᠠᠭᠤᠯᠭ᠎ᠠ᠎ᠶ᠋ᠢᠨ ᠬᠡᠮᠵᠢᠶ᠎ᠠ 2 ᠲᠦᠮᠡᠨ ᠬᠠᠢᠷᠴᠠᠭ᠎ᠢ ᠳᠠᠪᠠᠵᠠᠢ 》 ᠭᠡᠵᠦ᠍ ᠬᠡᠯᠡᠪᠡ᠃

ᠡᠭᠦᠨ᠎ᠡᠴᠡ ᠭᠠᠳᠠᠨ᠎ᠠ᠂ ᠬᠤᠪᠧᠶ ᠮᠤᠵᠢ ᠣᠢᠷ᠎ᠠ᠎ᠳᠤ ᠪᠠᠰᠠ 36 ᠵᠦᠶ᠋ᠯ᠎ᠦᠨ ᠡᠮ᠎ᠢ ᠡᠮ ᠡᠮᠨᠡᠯᠭᠡ ᠵᠢᠨ ᠳᠠᠭᠠᠳᠭᠠᠯ᠎ᠤᠨ ᠲᠠᠩᠰᠠ ᠲᠠᠢᠯᠬᠤ ᠬᠡᠪᠴᠢᠶᠡᠨ᠎ᠳᠦ ᠲᠦᠷ ᠣᠷᠣᠭᠤᠯᠵᠤ᠂ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠢ ᠰᠡᠷᠭᠡᠢᠯᠡᠨ ᠵᠠᠰᠠᠬᠤ᠎ᠳᠤ ᠬᠡᠷᠡᠭ᠌ᠯᠡᠬᠦ᠌ ᠡᠮ᠎ᠦᠨ ᠬᠠᠩᠭᠠᠯᠭ᠎ᠠ᠎ᠶ᠋ᠢ ᠤᠯᠠᠮ ᠴᠢᠨᠠᠭ᠍ᠰᠢᠳᠠ ᠪᠠᠲᠤᠯᠠᠨ᠎ᠠ ᠭᠡᠵᠦ᠍ ᠨᠡᠢᠲᠡᠯᠡᠪᠡ᠃《ᠪᠢᠳᠡ ᠡᠨᠡ ᠤᠳᠠᠭᠠᠨ᠎ᠤ ᠲᠣᠬᠢᠷᠠᠭᠤᠯᠤᠯᠲᠠ᠎ᠪᠠᠷ ᠳᠠᠮᠵᠢᠭᠤᠯᠤᠨ ᠡᠪᠡᠳᠴᠢᠲᠡᠨ᠎ᠦ ᠳᠠᠷᠤᠭᠠᠰᠤ᠎ᠶ᠋ᠢ ᠬᠥᠩᠭᠡᠷᠡᠭᠦᠯᠵᠦ᠍᠂ ᠠᠷᠠᠳ ᠣᠯᠠᠨ᠎ᠳᠤ ᠡᠪᠡᠳᠴᠢᠨ ᠵᠠᠰᠠᠬᠤ ᠡᠮ ᠲᠠᠢ᠂ ᠳᠠᠩᠰᠠ ᠲᠠᠢᠯᠬᠤ ᠳᠠᠭᠠᠳᠭᠠᠯ ᠲᠠᠢ ᠪᠤᠯᠭᠠᠬᠤ ᠵᠢ ᠬᠦᠰᠡᠵᠦ᠍ ᠪᠠᠢᠨ᠎ᠠ 》 ᠭᠡᠵᠦ᠍ ᠬᠤᠪᠸᠢ ᠮᠤᠵᠢ᠎ᠶ᠋ᠢᠨ ᠡᠮ ᠡᠮᠨᠡᠯᠭᠡ ᠵᠢᠨ ᠪᠠᠳᠤᠯᠠᠭ᠎ᠠ᠎ᠶ᠋ᠢᠨ ᠲᠣᠪᠴᠢᠶᠠᠨ᠎ᠤ ᠡᠮ ᠡᠮᠨᠡᠯᠭᠡ᠎ᠶ᠋ᠢᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢᠨ ᠭᠠᠵᠠᠷ᠎ᠤᠨ ᠳᠡᠳ᠋ ᠳᠠᠷᠤᠭ᠎ᠠ ᠯᠢᠦ ᠵᠢᠶᠦ᠋ᠨ ᠬᠡᠯᠡᠵᠡᠶ᠃

(ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号