XBB ᠶ᠋ᠢᠨ ᠬᠦᠴᠦ᠎ᠨᠢ ᠨᠡᠩ ᠬᠡᠴᠡᠭᠦᠳᠡᠭ᠌ᠰᠡᠨ ᠤᠤ? ᠴᠠᠭᠠᠨ ᠰᠠᠷ᠎ᠠ᠎ᠪᠠᠨ ᠬᠡᠷᠬᠢᠨ ᠮᠡᠨᠳᠦ ᠦᠩᠭᠡᠷᠡᠬᠦᠯᠬᠦ᠌ ᠪᠤᠢ?
2023-01-10 12:42:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 8᠎ᠤ ᠡᠳᠦᠷ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ᠎ᠬᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠠᠷᠪᠠᠳᠤᠭᠠᠷ ᠬᠡᠪᠯᠡᠯ᠎ᠤᠨ ᠰᠡᠷᠭᠡᠢᠯᠡᠨ ᠡᠵᠡᠮᠳᠡᠬᠦ᠌ ᠲᠥᠰᠦᠯ᠎ᠤᠨ ᠬᠤᠯᠪᠣᠭ᠍ᠳᠠᠯ ᠪᠥᠬᠦᠶ ᠪᠠᠢᠳᠠᠯ᠎ᠢ ᠲᠠᠨᠢᠯᠴᠠᠭᠤᠯᠪᠠ᠃


微信图片_20230110124012.jpg


《ᠬᠥᠬᠡᠭ᠌ᠴᠢᠨ ᠲᠥᠷᠥᠯ᠎ᠤᠨ ᠬᠥᠬᠡᠭ᠌ᠴᠢᠨ ᠬᠠᠮᠢᠶᠠᠷᠤᠯᠲᠠ》᠎ᠶ᠋ᠢ ᠬᠡᠷᠡᠭ᠌ᠵᠢᠭᠦᠯᠬᠦ᠌ ᠨᠢ ᠴᠢᠯᠥᠭᠡᠲᠡᠶ ᠲᠠᠯᠪᠢᠵᠤ ᠬᠠᠮᠢᠶᠠᠷᠬᠤ ᠥᠬᠡᠶ ᠭᠡᠰᠡᠨ ᠶᠠᠪᠤᠳᠠᠯ ᠪᠢᠰᠢ

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠤᠨ ᠰᠣᠨᠢᠨ ᠮᠡᠳᠡᠭᠡᠨ᠎ᠤ ᠥᠭᠦᠯᠡᠭ᠌ᠴᠢ ᠮᠢ ᠹᠧᠡᠭ᠎ᠤᠨ ᠲᠠᠨᠢᠯᠴᠠᠭᠤᠯᠤᠭ᠍ᠰᠠᠨ᠎ᠢᠶᠠᠷ᠂ ᠥᠨᠥᠳᠦᠷ᠎ᠠᠴᠠ ᠡᠬᠢᠯᠡᠨ᠂ ᠮᠠᠨ᠎ᠤ ᠤᠯᠤᠰ ᠱᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠳᠤ 《ᠬᠥᠬᠡᠭ᠌ᠴᠢᠨ ᠲᠥᠷᠥᠯ᠎ᠤᠨ ᠬᠥᠬᠡᠭ᠌ᠴᠢᠨ ᠬᠠᠮᠢᠶᠠᠷᠤᠯᠲᠠ》᠎ᠶ᠋ᠢ ᠵᠢᠩᠬᠢᠨᠢ᠎ᠪᠠᠷ ᠬᠡᠷᠡᠭ᠌ᠵᠢᠭᠦᠯᠬᠦ᠌ ᠪᠣᠯᠤᠨ᠎ᠠ᠃ ᠠᠵᠢᠯ᠎ᠤᠨ ᠭᠤᠤᠯᠳᠠᠯᠭ᠎ᠠ᠎ᠪᠠᠨ 《ᠬᠠᠯᠳᠠᠪᠤᠷᠢᠯᠠᠯ᠎ᠢ ᠰᠡᠷᠭᠡᠢᠯᠡᠬᠦ᠌》 ᠎ᠠᠴᠠ 《ᠡᠷᠡᠭᠦᠯ ᠮᠡᠨᠳᠦ᠍᠎ᠶ᠋ᠢ ᠬᠠᠮᠠᠭᠠᠯᠠᠬᠤ᠂ ᠬᠦᠨᠳᠦ ᠡᠪᠡᠳᠴᠢᠨ᠎ᠢ ᠰᠡᠷᠭᠡᠢᠯᠡᠬᠦ᠌》 ᠲᠡᠢᠰᠢ ᠱᠢᠯᠵᠢᠭᠦᠯᠵᠦ᠍᠂ ᠲᠦᠭ᠌ᠰᠢᠭᠦᠷᠢ ᠶᠡᠭᠡᠳᠡᠢ ᠭᠠᠵᠠᠷ ᠣᠷᠣᠨ ᠪᠠ ᠬᠥᠮᠦᠰ᠎ᠢ ᠬᠠᠮᠢᠶᠠᠷᠤᠨ ᠡᠵᠡᠮᠳᠡᠬᠦ᠌᠎ᠠᠴᠠ ᠡᠷᠡᠭᠦᠯ ᠮᠡᠨᠳᠦ᠍᠎ᠶ᠋ᠢᠨ ᠦᠢᠯᠡᠴᠢᠯᠡᠭᠡ ᠪᠠ ᠬᠠᠮᠢᠶᠠᠷᠤᠯᠲᠠ ᠲᠡᠢᠰᠢ ᠱᠢᠯᠵᠢᠭᠦᠯᠪᠡ᠃ 《ᠬᠥᠬᠡᠭ᠌ᠴᠢᠨ ᠲᠥᠷᠥᠯ᠎ᠤᠨ ᠬᠥᠬᠡᠭ᠌ᠴᠢᠨ ᠬᠠᠮᠢᠶᠠᠷᠤᠯᠲᠠ》 ᠎ᠶ᠋ᠢ ᠬᠡᠷᠡᠭ᠌ᠵᠢᠭᠦᠯᠬᠦ᠌᠎ᠨᠢ ᠴᠢᠯᠥᠭᠡᠲᠡᠶ ᠲᠠᠯᠪᠢᠵᠤ ᠬᠠᠮᠢᠶᠠᠷᠬᠤ ᠥᠬᠡᠶ ᠭᠡᠰᠡᠨ ᠶᠠᠪᠤᠳᠠᠯ ᠪᠢᠰᠢ᠂ ᠬᠠᠷᠢᠨ ᠨᠠᠩ ᠱᠢᠨᠵᠢᠯᠡᠬᠦ᠌ ᠤᠬᠠᠭᠠᠨᠴᠢ᠂ ᠣᠨᠣᠴᠠᠲᠠᠶ᠂ ᠥᠨᠳᠥᠷ ᠪᠦᠲᠦᠮᠵᠢᠲᠡᠶ᠎ᠪᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠬᠦ᠌᠎ᠶ᠋ᠢ ᠴᠢᠬᠤᠯᠠᠴᠢᠯᠠᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠬᠦ᠌ ᠶᠠᠪᠤᠳᠠᠯ ᠪᠤᠯᠤᠨ᠎ᠠ᠃

ᠪᠥᠭᠡᠮ ᠬᠦᠴᠢᠯ᠎ᠤᠨ ᠪᠠᠢᠴᠠᠭᠠᠯᠲᠠ᠎ᠶ᠋ᠢᠨ ᠴᠡᠭ᠎ᠤᠨ ᠲᠣᠬᠢᠷᠠᠭᠤᠯᠤᠯᠲᠠ ᠵᠢᠴᠢ ᠠᠨᠲ᠋ᠢᠪᠤᠳᠢ᠎ᠶ᠋ᠢᠨ ᠤᠷᠪᠠᠯ᠎ᠤᠨ ᠪᠠᠢᠴᠠᠭᠠᠨ ᠬᠡᠮᠵᠢᠯᠳᠡ᠎ᠶ᠋ᠢᠨ ᠲᠤᠬᠠ

ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠤᠨ ᠳᠠᠮᠵᠢᠭᠤᠯᠤᠨ ᠰᠡᠷᠭᠡᠢᠯᠡᠬᠦ᠌ ᠭᠠᠵᠠᠷ᠎ᠤᠨ ᠰᠤᠳᠤᠯᠤᠭ᠍ᠴᠢ ᠴᠠᠩ ᠵᠣᠣ ᠷᠦᠢ ᠲᠠᠨᠢᠯᠴᠠᠭᠤᠯᠬᠤ᠎ᠳᠠᠭᠠᠨ᠂ ᠨᠡᠢᠭᠡᠮ ᠲᠣᠭᠤᠷᠢᠭ᠎ᠤᠨ᠎ᠬᠢᠨ ᠠᠷᠠᠳ᠎ᠲᠤ ᠲᠥᠬᠦᠮ ᠦᠵᠡᠭᠦᠯᠬᠦ᠌ ᠪᠠᠢᠴᠠᠭᠠᠯᠲᠠ᠎ᠶ᠋ᠢᠨ ᠴᠡᠭ᠎ᠢ ᠭᠦᠢᠴᠡᠳ ᠪᠠᠢᠯᠭᠠᠵᠦ᠍᠂ ᠰᠠᠭᠤᠭᠠᠯᠢ ᠠᠷᠠᠳ᠎ᠤᠨ 《ᠪᠠᠢᠴᠠᠭᠠᠬᠤ ᠳᠤᠷᠠᠲᠠᠶ ᠪᠣᠯ ᠪᠦᠬᠦᠨ᠎ᠢ ᠪᠠᠢᠴᠠᠭᠠᠬᠤ》 ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠬᠤ ᠬᠡᠷᠡᠭ᠌ᠲᠡᠶ᠃ ᠱᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠤᠨ ᠬᠠᠮᠢᠶ᠎ᠠ ᠪᠥᠬᠦᠶ ᠡᠪᠡᠳᠴᠢᠨ᠎ᠤ ᠢᠯᠡᠷᠡᠯ᠎ᠲᠠᠢ ᠣᠯᠠᠨ ᠲᠦᠮᠡᠨ ᠥᠪᠡᠰᠦᠪᠡᠨ ᠠᠨᠲ᠋ᠢᠪᠤᠳᠢ᠎ᠶ᠋ᠢᠨ ᠤᠷᠪᠠᠯ᠎ᠤᠨ ᠪᠠᠢᠴᠠᠭᠠᠨ ᠬᠡᠮᠵᠢᠯᠳᠡ ᠬᠢᠬᠦ᠌᠎ᠶ᠋ᠢ ᠰᠠᠨᠠᠭᠠᠴᠢᠯᠠᠨ᠎ᠠ᠃

ᠤᠨᠳᠤᠤᠱᠢᠬ᠍ᠰᠠᠨ ᠸᠢᠷᠦ᠋ᠰ᠎ᠢ ᠬᠡᠷᠬᠢᠨ ᠲᠠᠷᠤᠢ ᠲᠦᠷᠬᠡᠨ ᠬᠢᠨᠠᠨ ᠪᠠᠢᠴᠠᠭᠠᠵᠦ᠍ ᠢᠯᠡᠷᠡᠬᠦᠯᠬᠦ᠌᠎ᠶ᠋ᠢ ᠪᠠᠳᠤᠯᠠᠬᠤ ᠪᠤᠢ?

ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠶ᠋ᠢᠨ ᠬᠢᠨᠠᠨ ᠪᠠᠢᠴᠠᠭᠠᠵᠦ᠍ ᠤᠷᠢᠳᠴᠢᠯᠠᠨ ᠰᠡᠷᠡᠮᠵᠢᠯᠡᠭᠦᠯᠬᠦ᠌ ᠵᠤᠷᠭᠠᠨ᠎ᠤ ᠳᠠᠷᠤᠭ᠎ᠠ ᠶᠠᠩ ᠹᠧᠡᠭ ᠲᠠᠨᠢᠯᠴᠠᠭᠤᠯᠬᠤ᠎ᠳᠠᠭᠠᠨ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ ᠱᠢᠨ᠎ᠡ ᠲᠢᠲᠢᠮᠯᠢᠭ ᠸᠢᠷᠦ᠋ᠰ᠎ᠤᠨ ᠤᠨᠳᠤᠤᠱᠢᠯ᠎ᠢ ᠬᠢᠨᠠᠨ ᠪᠠᠢᠴᠠᠭᠠᠬᠤ ᠠᠵᠢᠯ᠎ᠤᠨ ᠲᠥᠰᠦᠯ᠎ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠤᠤᠯ᠎ᠤᠨ ᠠᠵᠢᠯ᠎ᠤᠨ ᠰᠠᠭᠤᠷᠢᠨ ᠳᠡᠭᠡᠷ᠎ᠡ᠂ ᠬᠢᠯᠢ᠎ᠪᠠᠷ ᠣᠷᠣᠵᠤ ᠢᠷᠡᠭ᠌ᠰᠡᠨ ᠬᠥᠮᠦᠰ᠂  ᠡᠮᠨᠡᠭᠦᠯᠬᠦ᠌ ᠡᠪᠡᠳᠴᠢᠲᠡᠨ᠂ ᠭᠤᠤᠯᠳᠠᠯᠭ᠎ᠠ᠎ᠲᠠᠢ ᠲᠠᠯᠠᠪᠤᠷ ᠭᠠᠵᠠᠷ ᠪᠣᠯᠤᠨ ᠭᠤᠤᠯᠳᠠᠯᠭ᠎ᠠ᠎ᠲᠠᠢ ᠬᠥᠮᠦᠰ᠎ᠲᠤ ᠥᠯᠢᠭᠡᠷ ᠠᠪᠴᠤ᠌ ᠪᠠᠢᠴᠠᠭᠠᠯᠳᠠ ᠬᠢᠬᠦ᠌ ᠪᠠ ᠱᠢᠯᠭᠠᠨ ᠪᠠᠢᠴᠠᠭᠠᠵᠤ ᠲᠠᠰ ᠳᠠᠷᠠᠭᠠᠯᠠᠯ᠎ᠢ ᠬᠠᠷᠢᠴᠠᠭᠤᠯᠬᠤ ᠠᠵᠢᠯ᠎ᠢ ᠴᠢᠩᠭᠠᠳᠭᠠᠨ᠎ᠠ᠃ ᠱᠢᠨ᠎ᠡ ᠲᠢᠲᠢᠮᠯᠢᠭ ᠸᠢᠷᠦ᠋ᠰ᠎ᠤᠨ ᠤᠨᠳᠤᠤᠱᠢᠬᠤ ᠬᠠᠨᠳᠤᠰᠢ᠎ᠶ᠋ᠢ ᠬᠥᠳᠡᠯᠦᠩᠭᠦᠶ᠎ᠪᠠᠷ ᠬᠢᠨᠠᠨ ᠬᠡᠮᠵᠢᠵᠦ᠍᠂ ᠱᠢᠨ᠎ᠡ ᠤᠨᠳᠤᠤᠱᠢᠭ᠍ᠰᠠᠨ ᠸᠢᠷᠦ᠋ᠰ᠎ᠢ ᠴᠠᠭ ᠲᠤᠬᠠᠶ᠎ᠳᠤᠨᠢ  ᠢᠯᠡᠷᠡᠭᠦᠯᠬᠦ᠌᠎ᠶ᠋ᠢᠨ ᠬᠠᠮᠲᠤ ᠲᠡᠭᠦᠨ᠎ᠤ ᠠᠮᠢᠳᠤ ᠪᠣᠳᠠᠰ᠎ᠤᠨ ᠤᠬᠠᠭᠠᠨ᠎ᠤ ᠣᠨᠴᠠᠯᠢᠭ᠎ᠤᠨ ᠬᠤᠪᠢᠷᠠᠯᠲᠠ᠎ᠶ᠋ᠢ ᠦᠨᠡᠯᠡᠨ ᠵᠢᠱ᠌ᠢᠵᠦ᠍᠂ ᠬᠢᠵᠢᠭ᠎ᠤᠨ ᠪᠠᠢᠳᠠᠯ᠎ᠢ ᠰᠤᠳᠤᠯᠤᠨ ᠮᠠᠭᠠᠳᠯᠠᠬᠤ᠂ ᠪᠠᠢᠴᠠᠭᠠᠨ ᠬᠡᠮᠵᠢᠯᠳᠡ ᠬᠢᠬᠦ᠌ ᠤᠷᠪᠠᠯᠵᠢ᠂ ᠸᠠᠺᠼᠢᠨ ᠪᠠ ᠡᠮ᠎ᠤᠨ ᠵᠦᠢᠯ᠎ᠢ ᠰᠤᠳᠤᠯᠬᠤ ᠵᠢᠴᠢ ᠦᠨᠡᠯᠡᠬᠦ᠌ ᠵᠡᠷᠭᠡ᠎ᠳᠤ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠨ᠎ᠠ᠃

ᠱᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭ᠍ᠳᠠᠭ᠍ᠰᠠᠨ᠎ᠤ ᠳᠠᠷᠠᠭ᠎ᠠ ᠬᠡᠳᠦᠶ ᠤᠳᠠᠭᠠᠳ ᠸᠠᠺᠼᠢᠨ ᠳᠠᠷᠢᠭᠤᠯᠵᠤ ᠪᠣᠯᠬᠤ ᠪᠣᠶ?

ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠤᠨ ᠡᠭᠡᠯᠢᠯᠡᠭᠡ᠎ᠶ᠋ᠢᠨ ᠲᠥᠯᠥᠪᠵᠢᠭᠦᠯᠭᠡ᠎ᠶ᠋ᠢᠨ ᠲᠤᠰᠭᠠᠶ ᠮᠡᠷᠭᠡᠵᠢᠯᠲᠡᠨ ᠸᠠᠩ ᠬᠤᠸᠠ ᠴᠢᠩ ᠢᠯᠡᠷᠬᠡᠢᠯᠡᠬᠦ᠌᠎ᠳᠡᠭᠡᠨ᠂ ᠬᠡᠷᠪᠡ ᠪᠥᠭᠡᠮ ᠬᠦᠴᠢᠯ᠎ᠤᠨ ᠪᠠᠢᠴᠠᠭᠠᠯᠲᠠ ᠪᠠ ᠠᠨᠲ᠋ᠢᠪᠤᠳᠢ᠎ᠶ᠋ᠢᠨ ᠤᠷᠪᠠᠯ᠎ᠤᠨ ᠪᠠᠢᠴᠠᠭᠠᠨ ᠬᠡᠮᠵᠢᠯᠳᠡ ᠬᠢᠬᠦ᠌᠎ᠪᠠᠷ ᠳᠡᠮᠵᠢᠨ ᠱᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭ᠍ᠳᠠᠭ᠍ᠰᠠᠨ᠎ᠢ ᠨᠤᠲᠠᠯᠠᠭ᠍ᠰᠠᠨ ᠪᠠᠢᠪᠠᠯ᠂ ᠣᠢᠷ᠎ᠠ᠎ᠶ᠋ᠢᠨ ᠬᠤᠭᠤᠴᠠᠭᠠᠨ᠎ᠳᠤ ᠱᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠳᠠᠷᠢᠬᠤ᠎ᠶ᠋ᠢ ᠰᠠᠨᠠᠭᠠᠴᠢᠯᠠᠬᠤ ᠥᠬᠡᠶ᠃ ᠰᠡᠭᠦᠯᠴᠢ᠎ᠶ᠋ᠢᠨ ᠬᠤᠭᠤᠴᠠᠭᠠᠨ᠎ᠳᠤ ᠬᠡᠷᠪᠡ ᠱᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠲᠠᠷᠢᠭᠤᠯᠬᠤ᠎ᠳᠤ ᠭᠦᠷᠪᠡᠯ᠂ ᠵᠦᠭ᠌ᠯᠡᠭᠦᠷ᠎ᠤᠨ ᠲᠣᠭ᠍ᠲᠠᠭᠠᠯ ᠶᠣᠰᠣᠭᠠᠷ᠂  ᠬᠠᠯᠳᠠᠪᠦᠷᠢᠯᠠᠬ᠍ᠳᠠᠬ᠍ᠰᠠᠨ ᠴᠠᠭ ᠪᠠ ᠲᠠᠷᠢᠯᠭ᠎ᠠ ᠳᠠᠷᠢᠬᠤ ᠴᠠᠭ᠎ᠤᠨ ᠵᠠᠶ᠎ᠶ᠋ᠢ 6 ᠰᠠᠷ᠎ᠠ᠎ᠠᠴᠠ ᠳᠤᠲᠠᠭᠤ ᠪᠠᠢᠯᠭᠠᠵᠤ ᠪᠣᠯᠬᠤ ᠥᠬᠡᠶ᠃

XBB ᠶ᠋ᠢᠨ ᠬᠦᠴᠦ᠎ᠨᠢ ᠨᠡᠡᠭ ᠬᠡᠴᠡᠭᠦᠳᠡᠭ᠌ᠰᠡᠨ ᠦᠦ?

ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠤᠨ ᠸᠢᠷᠦ᠋ᠰ᠎ᠤᠨ ᠡᠪᠡᠳᠴᠢᠨ᠎ᠤ ᠭᠠᠵᠠᠷ᠎ᠤᠨ ᠰᠤᠳᠤᠯᠤᠭ᠍ᠴᠢ ᠴᠧᠨ ᠼᠤᠤ᠎ᠶ᠋ᠢᠨ ᠲᠠᠨᠢᠯᠴᠠᠭᠤᠯᠤᠭ᠍ᠰᠠᠨ᠎ᠢᠶᠠᠷ᠂ 2022 ᠣᠨ᠎ᠤ 8 ᠰᠠᠷ᠎ᠠ᠎ᠶ᠋ᠢᠨ 1 ᠎ᠤ ᠡᠳᠦᠷ᠎ᠠᠴᠠ ᠨᠠᠭᠠᠰᠢ᠂ ᠮᠠᠨ᠎ᠤ ᠤᠯᠤᠰ XBB ᠲᠤᠬᠠᠶ᠎ᠶ᠋ᠢᠨ ᠭᠠᠵᠠᠷ᠎ᠤᠨ ᠬᠤᠯᠪᠤᠭ᠎ᠠ᠎ᠲᠠᠢ 16 ᠡᠪᠡᠳᠴᠢᠨ᠎ᠤ ᠵᠢᠱ᠌ᠢᠶ᠎ᠡ᠎ᠶ᠋ᠢ ᠬᠢᠨᠠᠨ ᠬᠡᠮᠵᠢᠵᠦ᠍ ᠣᠯᠤᠭ᠍ᠰᠠᠨ᠎ᠨᠢ ᠴᠥᠮ XBB.1 ᠎ᠶ᠋ᠢᠨ ᠬᠤᠪᠢᠰᠤᠯ᠎ᠤᠨ ᠰᠠᠯᠪᠤᠷᠢ ᠪᠣᠯᠤᠨ᠎ᠠ᠃ ᠣᠳᠣ᠎ᠶ᠋ᠢᠨ ᠮᠡᠳᠡᠭᠡᠯᠡᠯ ᠪᠠ ᠰᠤᠳᠤᠯᠭᠠᠨ᠎ᠠᠴᠠ ᠦᠵᠡᠪᠡᠯ᠂ XBB ᠱᠢᠷᠢᠰ᠎ᠤᠨ ᠬᠤᠪᠢᠯᠪᠤᠷᠢ᠎ᠳᠤ ᠬᠠᠯᠳᠠᠪᠤᠷᠢᠯᠠᠭ᠍ᠰᠠᠨ ᠬᠦᠨᠳᠦ ᠡᠪᠡᠳᠴᠢᠨ ᠪᠠ ᠦᠬᠦᠭ᠌ᠰᠡᠨ ᠡᠪᠡᠳᠴᠢᠨ᠎ᠤ ᠵᠢᠱ᠌ᠢᠶ᠎ᠡ ᠨᠡᠮᠡᠭ᠌ᠳᠡᠭ᠌ᠰᠡᠨ᠎ᠢ ᠠᠵᠢᠭ᠍ᠯᠠᠵᠤ ᠣᠯᠤᠭ᠍ᠰᠠᠨ ᠦᠭᠡᠢ᠂ ᠥᠭᠡᠷ᠎ᠡ᠎ᠪᠠᠷ ᠬᠡᠯᠡᠪᠡᠯ ᠲᠡᠭᠦᠨ᠎ᠤ ᠡᠪᠡᠳᠴᠢᠨ ᠡᠭᠦᠰᠭᠡᠬᠦ᠌ ᠴᠢᠳᠠᠪᠤᠷᠢ ᠢᠯᠡᠳᠲᠡ ᠨᠡᠮᠡᠭ᠌ᠳᠡᠭ᠌ᠰᠡᠨ ᠦᠭᠡᠢ᠃

《ᠬᠥᠬᠡᠭ᠌ᠴᠢᠨ ᠲᠥᠷᠥᠯ᠎ᠤᠨ ᠬᠥᠬᠡᠭ᠌ᠴᠢᠨ ᠬᠠᠮᠢᠶᠠᠷᠤᠯᠲᠠ》 ᠶ᠋ᠢᠨ ᠳᠠᠷᠠᠭᠠᠬᠢ ᠠᠩᠬᠠᠳᠠᠭ᠍ᠴᠢ ᠴᠠᠭᠠᠨ ᠰᠠᠷ᠎ᠠ᠎ᠶ᠋ᠢ ᠬᠡᠷᠬᠢᠨ ᠮᠡᠨᠳᠦ ᠦᠩᠭᠡᠷᠡᠬᠦᠯᠬᠦ᠌ ᠪᠣᠶ?

ᠨᠢᠭᠡ᠎ᠳᠤ᠂ ᠬᠤᠪᠢ ᠬᠥᠮᠦᠨ᠎ᠤ ᠬᠠᠮᠠᠭᠠᠯᠠᠯᠲᠠ᠎ᠶ᠋ᠢ ᠦᠷᠭᠦᠯᠵᠢᠯᠡᠨ ᠰᠠᠢᠲᠤᠷ ᠬᠢᠨ᠎ᠡ᠃ ᠦᠷᠭᠦᠯᠵᠢ ᠭᠠᠷ᠎ᠢᠶᠠᠨ ᠤᠬᠢᠶᠠᠬᠤ᠂ ᠠᠮᠠᠪᠴᠢ ᠵᠡᠭᠦᠬᠦ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠢᠲᠡ᠎ᠶ᠋ᠢᠨ ᠰᠠᠪᠬ᠎ᠠ ᠬᠡᠷᠡᠭ᠌ᠯᠡᠬᠦ᠌᠎ᠶ᠋ᠢ ᠪᠠᠷᠢᠮᠲᠠᠯᠠᠵᠤ᠂ ᠬᠠᠯᠳᠠᠪᠦᠷᠢᠯᠠᠬ᠍ᠳᠠᠨ ᠡᠷᠡᠭᠦᠯᠵᠢᠭ᠌ᠰᠡᠨ᠎ᠤ ᠳᠠᠷᠠᠭ᠎ᠠ ᠮᠦᠨ ᠬᠤᠪᠢ ᠬᠥᠮᠦᠨ᠎ᠤ ᠬᠠᠮᠠᠭᠠᠯᠠᠯᠲᠠ᠎ᠶ᠋ᠢ ᠰᠠᠢᠲᠤᠷ ᠬᠢᠬᠦ᠌ ᠬᠡᠷᠡᠭ᠌ᠲᠡᠶ᠃

ᠬᠤᠶᠠᠷ᠎ᠲᠤ᠌᠂ ᠠᠵᠢᠯᠯᠠᠵᠤ ᠠᠮᠠᠷᠠᠬᠤ ᠴᠠᠭ᠎ᠢᠶᠠᠨ ᠲᠤᠬᠢᠷᠠᠭᠤᠯᠵᠦ᠍᠂ ᠢᠳᠡᠵᠦ᠍ ᠤᠤᠭᠤᠬᠤ᠎ᠪᠠᠨ ᠵᠤᠬᠢᠴᠠᠭᠤᠯᠵᠦ᠍᠂ ᠵᠣᠬᠢᠰᠲᠠᠢ ᠬᠥᠳᠡᠯᠭᠡᠭᠡᠨ ᠬᠢᠵᠦ᠍᠂ ᠪᠠᠶᠠᠰᠤᠩᠭᠤᠢ ᠡᠷᠡᠭᠦᠯ ᠰᠠᠢᠬᠠᠨ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠠᠷᠢᠮᠲᠠᠯᠠᠵᠤ᠂ ᠥᠪᠡᠷ᠎ᠤᠨ ᠡᠪᠡᠳᠴᠢᠨ᠎ᠢ ᠡᠰᠡᠷᠭᠦᠴᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃

ᠭᠤᠷᠪᠠ᠎ᠳᠤ᠂ ᠠᠯᠢ ᠴᠢᠳᠠᠬᠤ᠎ᠪᠠᠷ ᠶᠡᠭᠡ ᠬᠡᠪᠴᠢᠶᠡᠨ᠎ᠤ ᠬᠡᠷ ᠪᠦᠯᠢ᠎ᠶ᠋ᠢᠨ ᠨᠠᠢᠷ ᠴᠤᠬ᠍ᠯᠠᠭᠠᠨ᠎ᠳᠤ ᠣᠷᠣᠯᠴᠠᠬᠤ ᠥᠬᠡᠶ᠂ ᠲᠥᠷᠥᠯ ᠰᠠᠳᠤᠨ ᠨᠠᠢᠵᠠ ᠨᠦᠭᠦᠳ᠎ᠤᠨ ᠴᠤᠬ᠍ᠯᠠᠭᠠᠨ᠎ᠤ ᠬᠥᠮᠦᠨ᠎ᠤ ᠲᠤᠭ᠎ᠠ᠎ᠶ᠋ᠢ ᠪᠠᠭᠠᠰᠭᠠᠨ᠂ ᠬᠠᠮᠲᠤ ᠬᠤᠭᠤᠯᠠᠯᠠᠬᠤ ᠴᠠᠭ᠎ᠢ ᠪᠣᠭᠤᠨᠢᠰᠭᠠᠵᠤ᠂ ᠢᠯᠠᠩᠭᠤᠶ᠎ᠠ ᠨᠠᠰᠤᠳᠠᠢᠴᠤᠳ᠎ᠲᠤ ᠬᠠᠯᠳᠠᠪᠦᠷᠢᠯᠠᠯ ᠥᠭ᠌ᠬᠦ᠎ᠠᠴᠠ ᠵᠠᠢᠯᠠᠰᠭᠢᠬᠦ᠌ ᠬᠡᠷᠡᠭ᠌ᠲᠡᠶ᠃

ᠳᠥᠷᠪᠡ᠎ᠳᠤ᠂ ᠸᠠᠺᠼᠢᠨ᠎ᠤ ᠲᠠᠷᠢᠯᠭ᠎ᠠ ᠬᠢᠬᠦ᠌ ᠨᠥᠬᠦᠴᠡᠯ᠎ᠳᠤ ᠨᠡᠢᠴᠡᠬᠦ᠌ ᠬᠥᠮᠦᠰ ᠪᠥᠬᠦ᠌ ᠶᠠᠪᠤᠴᠠ ᠎ᠶ᠋ᠢᠨ ᠲᠠᠷᠢᠯᠭ᠎ᠠ᠎ᠶ᠋ᠢ ᠲᠦᠷᠭᠡᠬᠡᠨ ᠪᠡᠶᠡᠯᠡᠭᠦᠯᠵᠤ᠂ ᠥᠪᠡᠷ᠎ᠤᠨ ᠪᠠ ᠬᠡᠷ᠎ᠤᠨ ᠬᠥᠮᠦᠰ᠎ᠤᠨ᠎ᠢᠶᠠᠨ ᠡᠷᠡᠭᠦᠯ ᠮᠡᠨᠳᠦ᠍᠎ᠳᠤ ᠬᠠᠷᠢᠭᠤᠴᠠᠬᠤ ᠬᠡᠷᠡᠭ᠌ᠲᠡᠶ᠃

ᠲᠠᠪᠤ᠎ᠳᠤ᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠴᠢᠩᠭᠠᠳᠭᠠᠵᠤ᠂ ᠥᠪᠡᠷ᠎ᠤᠨ ᠪᠡᠶ᠎ᠡ ᠪᠠ ᠬᠡᠷ᠎ᠤᠨ ᠬᠥᠮᠦᠰ᠎ᠤᠨ᠎ᠢᠶᠠᠨ ᠡᠷᠡᠭᠦᠯ ᠮᠡᠨᠳᠦ᠍᠎ᠶ᠋ᠢᠨ ᠪᠠᠢᠳᠠᠯ᠎ᠢ ᠨᠢᠭ᠍ᠲᠠ ᠠᠩᠬᠠᠷᠴᠦ᠍᠂ ᠬᠡᠷᠪᠡ ᠬᠦᠨᠳᠦᠷᠡᠪᠡᠯ ᠴᠠᠭ ᠲᠤᠬᠠᠶ᠎ᠳᠤᠨᠢ ᠡᠮᠨᠡᠭᠦᠯᠬᠦ᠌ ᠬᠡᠷᠡᠭ᠌ᠲᠡᠶ᠃

ᠢᠷᠡᠯᠳᠡ᠄  ᠠᠷᠠᠳ᠎ᠤᠨ ᠡᠳᠦᠷ᠎ᠤᠨ ᠰᠣᠨᠢᠨ   

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号