ᠥᠪᠡᠷᠲᠡᠭᠡᠨ ᠵᠠᠰᠠᠬᠤ ᠣᠷᠣᠨ᠎ᠤ 《 ᠤᠨᠤᠯ᠎ᠤᠨ ᠰᠤᠷᠤᠯᠴᠠᠯᠭ᠎ᠠ ᠵᠢᠨ ᠬᠦᠩᠬᠡᠨ ᠮᠣᠷᠢᠲᠤ ᠴᠡᠷᠢᠭ 》 ᠎ᠤ᠋ᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ ᠱᠢᠯᠢ᠎ᠶ᠋ᠢᠨ ᠭᠣᠣᠯ᠎ᠳᠤ ᠤᠬᠠᠭᠤᠯᠤᠨ ᠲᠠᠢᠯᠪᠤᠷᠢᠯᠠᠪᠠ
2023-01-11 21:31:21
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 6 ᠎ᠤ᠋ ᠡᠳᠦᠷ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ 《ᠤᠨᠤᠯ ᠎ᠤᠨ ᠰᠤᠷᠤᠯᠴᠠᠯᠭ᠎ᠠ ᠵᠢᠨ ᠬᠦᠩᠭᠡᠨ ᠮᠣᠷᠢᠲᠤ ᠴᠡᠷᠢᠭ》᠎ᠦ᠋ᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠱᠢᠯᠢ᠎ᠶ᠋ᠢᠨ ᠭᠣᠣᠯ᠎ᠤᠨ ᠰᠠᠯᠪᠤᠷᠢ ᠠᠩᠭᠢ ᠱᠢᠯᠢᠩᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠂ ᠱᠢᠯᠢᠩᠬᠣᠲᠠ᠎ᠶ᠋ᠢᠨ ᠰᠤᠷᠭᠠᠨ ᠬᠥᠮᠦᠵᠢᠯ᠎ᠦᠨ ᠴᠡᠴᠡᠷᠯᠢᠭ᠌ᠴᠢ ᠨᠣᠮ᠎ᠤᠨ ᠳᠡᠯᠭᠡᠭᠦᠷ᠎ᠲᠦ ᠬᠦᠷᠴᠦ᠍᠂ ᠵᠠᠯᠠᠭᠤ ᠪᠠᠭ᠍ᠰᠢ ᠨᠠᠷ ᠪᠣᠯᠤᠨ ᠠᠵᠤ ᠠᠬᠤᠢᠯᠠᠯ᠎ᠤᠨ ᠠᠵᠢᠯᠲᠠᠳ᠎ᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠱᠢᠯᠢᠩᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠂ ᠱᠢᠯᠢ᠎ᠶ᠋ᠢᠨ ᠭᠣᠸ᠋ᠯ ᠠᠢᠮᠠᠭ᠎ᠤᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠣᠨᠣᠯ᠎ᠤᠨ ᠵᠢᠭᠠᠨ ᠰᠤᠳᠤᠯᠬᠤ ᠬᠡᠯᠲᠡᠰ᠎ᠦᠨ ᠳᠡᠳ᠋ ᠫᠷᠤᠹᠸᠰᠰᠤᠷ ᠱᠢᠤᠢ ᠬᠦᠶ ᠹᠠᠩ ᠂ ᠱᠢᠯᠢ᠎ᠶ᠋ᠢᠨ ᠭᠣᠸ᠋ᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠵᠢᠭᠠᠨ ᠰᠤᠳᠤᠯᠬᠤ ᠲᠠᠰᠤᠭ᠎ᠤᠨ ᠡᠷᠬᠢᠯᠡᠭ᠌ᠴᠢ ᠮᠢ ᠡᠯ ᠸᠸᠨ᠂ ᠱᠢᠯᠢ᠎ᠶ᠋ᠢᠨ ᠭᠣᠸ᠋ᠯ ᠠᠢᠮᠠᠭ᠎ᠤᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠣᠨᠣᠯ᠎ᠤᠨ ᠵᠢᠭᠠᠨ ᠰᠤᠳᠤᠯᠬᠤ ᠬᠡᠯᠲᠡᠰ᠎ᠦᠨ ᠡᠷᠬᠢᠯᠡᠭ᠌ᠴᠢ ᠮᠥ᠍ ᠱᠢᠩ ᠸᠠᠩ ᠵᠡᠷᠭᠡ ᠰᠠᠯᠪᠤᠷᠢ ᠠᠩᠭᠢ᠎ᠶ᠋ᠢᠨ   ᠪᠦᠷᠢᠯᠳᠦᠬᠦᠨ ᠪᠣᠳᠠᠲᠠᠢ ᠲᠠᠶ᠎ᠪᠠᠨ ᠤᠶᠠᠯᠳᠤᠭᠤᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠳᠤ ᠤᠯᠠᠨ ᠲᠠᠯ᠎ᠠ᠎ᠠᠴᠠ ᠲᠠᠢᠯᠤᠮᠵᠢ ᠬᠢᠵᠦ᠍᠂ ᠲᠤᠬᠠᠢ᠎ᠶ᠋ᠢᠨ ᠲᠠᠯᠠᠪᠠᠢ ᠵᠢᠨ ᠪᠠᠭ᠍ᠰᠢ ᠠᠵᠢᠯᠲᠠᠳ᠎ᠲᠤ  ᠤᠢᠯᠠᠭᠠᠭᠤᠯᠤᠨ ᠨᠠᠢᠳᠠᠪᠤᠷᠢᠵᠢᠭᠤᠯᠪᠠ᠃

ᠱᠢᠯᠢᠩᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠨᠠᠮ᠎ᠤᠨ ᠡᠭᠦᠷ᠎ᠦᠨ ᠱᠦᠵᠢ ᠸᠠᠩ ᠴᠧᠨ ᠱᠢᠤᠢ᠄ 《ᠰᠤᠷᠭᠠᠨ ᠬᠥᠮᠦᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠳᠠᠭᠠᠭᠤᠯᠭ᠎ᠠ ᠳᠣᠸ᠋ᠷ᠎ᠠ᠂ ᠰᠤᠷᠭᠠᠨ ᠬᠥᠮᠦᠵᠢᠬᠦᠯᠬᠦ ᠣᠭ ᠰᠠᠨᠠᠭ᠎ᠠ᠎ᠪᠠᠨ  ᠪᠠᠲᠤ ᠰᠠᠬᠢᠵᠤ᠂ ᠬᠥᠮᠦᠨ ᠬᠥᠮᠦᠵᠢᠭᠦᠯᠬᠦ᠌ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠷᠭ᠎ᠠ᠎ᠶ᠋ᠢ ᠲᠠᠰᠤᠷᠠᠯᠲᠠ ᠥᠬᠡᠶ ᠰᠦᠪᠡᠭ᠌ᠴᠢᠯᠡᠵᠦ᠍᠂ ᠬᠥᠮᠦᠨ ᠬᠥᠮᠦᠵᠢᠭᠦᠯᠬᠦ᠌ ᠴᠢᠳᠠᠪᠤᠷᠢ᠎ᠪᠠᠨ ᠴᠢᠷᠮᠠᠢᠨ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ᠎ᠶ᠋ᠢ ᠡᠭᠦᠷᠭᠡᠯᠡᠵᠦ ᠲᠡᠢᠯᠬᠦ ᠴᠠᠭ ᠦᠶ᠎ᠡ᠎ᠶ᠋ᠢᠨ ᠱᠢᠨ᠎ᠡ ᠬᠥᠮᠦᠨ᠎ᠢ ᠨᠠᠩ ᠣᠯᠠᠨ ᠬᠥᠮᠦᠵᠢᠭᠦᠯᠬᠦ᠌᠎ᠶ᠋ᠢᠨ ᠲᠥᠯᠥᠭᠡ ᠴᠢᠷᠮᠠᠢᠨ ᠲᠡᠮᠡᠴᠡᠨ᠎ᠡ》 ᠭᠡᠵᠤ ᠬᠡᠯᠡᠪᠡ᠃

ᠱᠢᠯᠢᠩᠬᠣᠲᠠ᠎ᠶ᠋ᠢᠨ ᠰᠤᠷᠭᠠᠨ ᠬᠥᠮᠦᠵᠢᠯ᠎ᠦᠨ ᠴᠡᠴᠡᠷᠯᠢᠭ᠌ᠴᠢ ᠨᠣᠮ᠎ᠤᠨ ᠳᠡᠯᠭᠡᠭᠦᠷ᠎ᠲᠦ᠂ ᠱᠢᠯᠢ᠎ᠶ᠋ᠢᠨ ᠭᠣᠸ᠋ᠯ ᠠᠢᠮᠠᠭ᠎ᠤᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠦ ᠣᠨᠣᠯ ᠬᠢᠭᠡᠳ ᠰᠣᠶᠣᠯ᠎ᠤᠨ ᠵᠢᠭᠠᠨ ᠰᠤᠳᠤᠯᠬᠤ ᠬᠡᠯᠲᠡᠰ᠎ᠦᠨ ᠡᠷᠬᠢᠯᠡᠭ᠌ᠴᠢ ᠡᠷᠳᠡᠨᠢᠪᠠᠶᠠᠷ᠂ ᠱᠢᠯᠢ᠎ᠶ᠋ᠢᠨ ᠭᠣᠸ᠋ᠯ᠎ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠎ᠶ᠋ᠢᠨ ᠶᠡᠷᠦᠩᠬᠡᠢᠯᠡᠭ᠌ᠰᠡᠨ ᠬᠠᠮᠢᠶᠠᠷᠤᠯᠲᠠ᠎ᠶ᠋ᠢᠨ ᠲᠠᠰᠤᠭ᠎ᠤᠨ ᠬᠠᠮᠢᠶᠠᠷᠤᠭ᠍ᠴᠢ ᠱᠢᠤᠢ ᠵᠢᠩ᠂ ᠱᠢᠯᠢ᠎ᠶ᠋ᠢᠨ  ᠭᠣᠸ᠋ᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ  ᠤᠬᠠᠮᠰᠠᠷ᠎ᠢ ᠪᠠᠲᠤ ᠴᠤᠬᠴᠠᠯᠠᠬᠤ ᠵᠢᠭᠠᠨ ᠰᠤᠳᠤᠯᠬᠤ ᠲᠠᠰᠤᠭ᠎ᠤᠨ ᠡᠷᠬᠢᠯᠡᠭ᠌ᠴᠢ ᠮᠢ ᠡᠯ ᠸᠸᠨ ᠵᠡᠷᠭᠡ 3 ᠰᠠᠯᠪᠤᠷᠢ ᠠᠩᠭᠢ᠎ᠶ᠋ᠢᠨ ᠭᠡᠱᠢᠭᠦᠨ 《ᠠᠷᠠᠳ ᠲᠦᠮᠡᠨ᠎ᠢᠶᠡᠷ ᠭᠣᠸ᠋ᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠬᠤ᠂ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌》 ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠨᠣᠮ᠎ᠤᠨ ᠳᠡᠯᠭᠡᠭᠦᠷ᠎ᠦᠨ ᠠᠵᠢᠯᠲᠠᠳ᠎ᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠱᠢᠯᠢᠩᠬᠣᠲᠠ᠎ᠶ᠋ᠢᠨ ᠰᠤᠷᠭᠠᠨ ᠬᠥᠮᠦᠵᠢᠯ᠎ᠦᠨ ᠴᠡᠴᠡᠷᠯᠢᠭ᠌ᠴᠢ ᠨᠣᠮ᠎ᠤᠨ ᠳᠡᠯᠭᠡᠭᠦᠷ᠎ᠦᠨ ᠠᠵᠢᠯᠲᠠᠨ ᠮᠸᠩ ᠯᠢ ᠨᠠ᠄《ᠪᠢᠳᠡ ᠥᠪᠡᠷ᠎ᠦᠨ ᠶᠠᠪᠤᠳᠠᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠍᠂  ᠡᠷᠳᠡᠮ ᠴᠢᠳᠠᠪᠤᠷᠢ᠎ᠪᠠᠨ ᠴᠢᠷᠮᠠᠢᠨ ᠳᠡᠭᠡᠭ᠌ᠰᠢᠯᠡᠭᠦᠯᠵᠦ᠍᠂ ᠲᠤᠬᠠᠢᠯᠠᠭ᠍ᠰᠠᠨ ᠠᠵᠢᠯ᠎ᠤᠨ ᠪᠠᠢᠷᠢ ᠳᠡᠭᠡᠷ᠎ᠡ᠎ᠪᠡᠨ ᠱᠢᠷᠭᠠᠭᠤ ᠬᠠᠲᠠᠭᠤᠵᠢᠯᠲᠠᠢ ᠴᠢᠷᠮᠠᠢᠨ ᠠᠵᠢᠯᠯᠠᠵᠤ᠂ ᠲᠤᠬᠠᠢᠯᠠᠭ᠍ᠰᠠᠨ ᠠᠵᠢᠯ᠎ᠢᠶᠠᠨ ᠰᠤᠳᠤᠯᠵᠤ ᠤᠯᠠᠨ ᠲᠦᠮᠡᠨ᠎ᠳᠦ ᠨᠡᠩ ᠰᠠᠢ᠌ᠨ ᠦᠢᠯᠡᠴᠢᠯᠡᠨ᠎ᠡ》ᠬᠡᠵᠦ ᠬᠡᠯᠡᠪᠡ᠃

ᠮᠸᠩ ᠯᠢ ᠨᠠ᠎ᠶ᠋ᠢᠨ ᠬᠠᠮᠲᠤ ᠠᠵᠢᠯᠯᠠᠭ᠍ᠴᠢ᠎ᠶ᠋ᠢᠨ ᠹᠸᠩ ᠵᠢᠶᠤᠤ᠄《ᠤᠬᠠᠭᠤᠯᠤᠨ ᠲᠠᠢᠯᠪᠤᠷᠢᠯᠠᠯᠳᠠ᠎ᠶ᠋ᠢ ᠰᠣᠨᠣᠰᠤᠭᠠᠳ ᠮᠠᠰᠢ ᠶᠡᠭᠡ ᠤᠯᠤᠯᠲᠠ ᠲᠠᠢ ᠪᠤᠯᠵᠠᠢ᠃  ᠬᠣᠢᠱᠢᠳᠠ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠵᠣᠷᠢᠯᠲᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠱᠢᠯᠢᠳᠡᠭ ᠬᠡᠪᠯᠡᠭ᠌ᠳᠡᠬᠦᠨ᠎ᠢ ᠤᠩᠱᠢᠭ᠍ᠴᠢᠳ᠎ᠤᠨ ᠭᠠᠷ᠎ᠲᠤ ᠲᠠᠰᠤᠷᠠᠯᠲᠠ ᠦᠭᠡᠢ ᠬᠦᠷᠭᠡᠵᠦ᠍᠂ ᠤᠩᠱᠢᠭ᠍ᠴᠢᠳ᠎ᠤᠨ ᠶᠠᠪᠤᠳᠠᠯ᠎ᠢ ᠥᠪᠡᠷ᠎ᠦᠨ ᠶᠠᠪᠤᠳᠠᠯ᠎ᠢᠶᠠᠨ ᠪᠣᠯᠭᠠᠵᠤ᠂ ᠤᠩᠱᠢᠭ᠍ᠴᠢᠳ᠎ᠲᠤ ᠬᠠᠯᠠᠭᠤᠨ ᠳᠤᠯᠠᠭᠠᠨ ᠬᠠᠯᠠᠭᠤᠮᠰᠤᠭ ᠲᠤᠳᠤᠨᠤ ᠴᠢᠨᠠᠷ ᠰᠠᠢᠲᠠᠢ ᠨᠣᠮ ᠤᠩᠱᠢᠬᠤ ᠣᠷᠴᠢᠨ᠎ᠢ ᠬᠠᠩᠭᠠᠬᠤ ᠪᠡᠷ ᠴᠢᠷᠮᠠᠢᠨ᠎ᠠ》 ᠭᠡᠵᠦ ᠢᠯᠡᠷᠬᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号