ᠳᠠᠯᠠᠢ ᠨᠠᠭᠤᠷ᠎ᠤᠨ ᠡᠪᠦᠯ᠎ᠤᠨ ᠠᠨᠭᠨᠠᠯ᠎ᠤᠨ ᠵᠢᠭᠤᠯᠴᠢᠯᠠᠯ᠎ᠤᠨ ᠨᠠᠢᠷ ᠡᠬᠢᠯᠡᠪᠡ
2023-01-11 13:47:52
ᠵᠣᠬᠢᠶᠠᠭ᠍ᠴᠢ᠄
ᠨᠠᠷᠠᠰᠤ
ᠣᠩᠱᠢᠭ᠍ᠰᠠᠨ ᠣᠳᠠᠭ᠎ᠠ᠄
★★★☆☆

2022 ᠤᠨ᠎ᠤ 12 ᠰᠠᠷ᠎ᠠ ᠵᠢᠨ 28 ᠡᠳᠦᠷ᠎ᠤᠨ ᠦᠳᠡ ᠵᠢᠨ ᠡᠮᠦᠨ᠎ᠡ᠂ ᠬᠡᠰᠢᠭᠲᠡᠨ ᠬᠤᠰᠢᠭᠤᠨ ᠎ᠤ ᠳᠠᠯᠠᠢ ᠨᠠᠭᠤᠷ᠎ᠤᠨ ᠡᠪᠦᠯ᠎ᠤᠨ ᠠᠨᠭᠨᠠᠯ᠎ᠤᠨ ᠵᠢᠭᠤᠯᠴᠢᠯᠠᠯ᠎ᠤᠨ ᠨᠠᠢᠷ᠎ᠤᠨ ᠡᠬᠢᠯᠡᠯᠲᠡ ᠵᠢᠨ ᠶᠤᠰᠤᠯᠠᠯ ᠳᠠᠯᠠᠢ ᠨᠠᠭᠤᠷ᠎ᠤᠨ ᠦᠵᠡᠮᠵᠢ ᠵᠢᠨ ᠤᠷᠤᠨ᠎ᠳᠤ ᠶᠠᠪᠤᠭᠳᠠᠪᠠ᠃ ᠤᠷᠤᠨ᠎ᠤ ᠳᠤᠲᠤᠨ᠎ᠠ ᠭᠠᠳᠠᠨᠠᠬᠢ ᠵᠤᠭᠠᠴᠠᠭᠰᠠᠳ 1.5 ᠲᠦᠮᠡ ᠰᠢᠬᠠᠮ ᠬᠦᠮᠦᠨ ᠡᠬᠢᠯᠡᠯᠲᠠ ᠵᠢᠨ ᠶᠤᠰᠤᠯᠠᠯ᠎ᠳᠤ ᠤᠷᠤᠯᠴᠠᠪᠠ᠃




jie4.png

2022 ᠤᠨ᠎ᠤ 12 ᠰᠠᠷ᠎ᠠ ᠵᠢᠨ 28 ᠡᠳᠦᠷ᠎ᠤᠨ ᠦᠳᠡ ᠵᠢᠨ ᠡᠮᠦᠨ᠎ᠡ᠂ ᠬᠡᠰᠢᠭᠲᠡᠨ ᠬᠤᠰᠢᠭᠤᠨ ᠎ᠤ ᠳᠠᠯᠠᠢ ᠨᠠᠭᠤᠷ᠎ᠤᠨ ᠡᠪᠦᠯ᠎ᠤᠨ ᠠᠨᠭᠨᠠᠯ᠎ᠤᠨ ᠵᠢᠭᠤᠯᠴᠢᠯᠠᠯ᠎ᠤᠨ ᠨᠠᠢᠷ᠎ᠤᠨ ᠡᠬᠢᠯᠡᠯᠲᠡ ᠵᠢᠨ ᠶᠤᠰᠤᠯᠠᠯ ᠳᠠᠯᠠᠢ ᠨᠠᠭᠤᠷ᠎ᠤᠨ ᠦᠵᠡᠮᠵᠢ ᠵᠢᠨ ᠤᠷᠤᠨ᠎ᠳᠤ ᠶᠠᠪᠤᠭᠳᠠᠪᠠ᠃



jie6.png


jie7.png

ᠤᠯᠠᠨ ᠵᠢᠡᠷ ᠵᠢᠡᠨ ᠲᠦᠷᠦᠭᠦᠴᠢ ᠵᠢᠨ ᠲᠤᠤᠷ ᠡᠴᠡ ᠵᠢᠭᠠᠰᠤ ᠠᠨᠭᠨᠠᠭᠰᠠᠨ  ᠰᠦᠷᠯᠢᠭ ᠦᠵᠡᠮᠵᠢ ᠵᠢ ᠬᠠᠮᠲᠤ ᠪᠡᠷ ᠭᠡᠷᠡᠴᠢᠯᠡᠪᠡ᠃


jie8.png

ᠡᠬᠢᠯᠡᠯᠲᠡ ᠵᠢᠨ ᠶᠤᠰᠤᠯᠠᠯ ᠨᠢ ᠦᠪᠡᠳᠡᠭᠰᠢ ᠶᠡᠬᠡ ᠵᠢᠭᠰᠠᠭᠠᠯ᠎ᠤᠨ ᠲᠤᠭᠯᠠᠯᠲᠠ ᠪᠡᠷ ᠬᠦᠰᠢᠭᠡ ᠪᠡᠨ ᠰᠡᠬᠦᠵᠦ᠂ ᠲᠤᠮᠳᠠᠳᠤ ᠵᠢᠨ ᠦᠨᠳᠤᠰᠦᠳᠡᠨ᠎ᠤ ᠪᠦᠯᠬᠦᠮᠳᠡᠯ᠎ᠢ ᠪᠡᠯᠭᠡᠳᠡᠭᠰᠡᠨ《ᠢᠵᠢᠯᠢ ᠲᠦᠪᠲᠦ ᠲᠤᠭᠤᠷᠢᠭ》ᠲᠠᠢᠰᠠᠨ ᠳᠡᠭᠡᠷ᠎ᠡ 200 ᠲᠤᠭᠯᠠᠭᠴᠢ ᠪᠤᠯᠤᠨ ᠵᠢᠭᠰᠠᠭᠠᠯ᠎ᠳᠤ ᠤᠷᠤᠯᠴᠠᠭᠰᠠᠨ 1500 ᠲᠦᠯᠦᠭᠡᠯᠡᠭᠴᠢ ᠦᠨᠳᠦᠰᠦᠲᠡᠨ᠎ᠤ ᠬᠤᠪᠴᠠᠰᠤ ᠵᠠᠰᠠᠯ ᠵᠢᠡᠷ ᠵᠢᠡᠨ ᠭᠤᠶᠤᠯᠠᠵᠤ ᠂ ᠡᠪᠦᠯ᠎ᠤᠨ ᠠᠨᠭᠨᠠᠯ᠎ᠤᠨ ᠵᠢᠭᠤᠯᠴᠢᠯᠠᠯ᠎ᠤᠨ ᠨᠠᠢᠷ ᠡᠬᠢᠯᠡᠬᠦ ᠵᠢ ᠪᠡᠯᠭᠡᠯᠡᠪᠡ᠃


jie9.png

ᠬᠤᠷᠠᠯ᠎ᠤᠨ ᠲᠠᠯᠠᠪᠠᠢ ᠵᠢᠨ ᠪᠤᠳᠠᠰ᠎ᠤᠨ ᠪᠤᠰᠤ ᠰᠤᠶᠤᠯ᠎ᠤᠨ ᠦᠪ᠂ ᠵᠠᠩ ᠦᠢᠯᠡ᠂ ᠭᠡᠷᠡᠯ ᠵᠢᠷᠤᠭ᠎ᠤᠨ ᠦᠵᠡᠰᠭᠦᠯᠡᠩ ᠨᠢ ᠦᠢ ᠤᠯᠠᠨ ᠵᠤᠭᠠᠴᠠᠭᠰᠠᠳ᠎ᠤᠨ ᠪᠠᠬᠠᠷᠬᠠᠯ᠎ᠢ ᠲᠠᠳᠠᠵᠤ᠂ᠮᠦᠰᠦ ᠲᠡᠰᠢᠬᠦ᠂ ᠮᠦᠰᠦᠨ ᠳᠡᠭᠡᠷᠡᠬᠢ ᠲᠤᠭᠤᠢ ᠲᠡᠷᠭᠡ᠂ ᠴᠠᠰᠤᠨ ᠴᠠᠭᠠᠷᠢᠭ᠂ ᠮᠦᠰᠦᠨ ᠳᠡᠭᠡᠷᠡᠬᠢ ᠯᠤᠤᠲᠤ ᠤᠨᠭᠭᠤᠴᠠ᠂ ᠤᠯᠠᠮᠵᠢᠯᠠᠯᠲᠤ ᠯᠤᠤᠲᠤ ᠪᠦᠵᠢᠭ ᠵᠡᠷᠭᠡ ᠮᠦᠰᠦᠨ ᠳᠡᠭᠡᠷᠡᠬᠢ ᠬᠦᠳᠡᠯᠭᠡᠭᠡᠨ ᠨᠢ ᠨᠡᠩ ᠴᠦ᠍ ᠬᠦᠮᠦᠰ᠎ᠤᠨ ᠪᠠᠬᠠᠷᠬᠠᠯ᠎ᠢ ᠲᠠᠲᠠᠵᠠᠢ᠃


jie10.png

ᠳᠠᠷᠬᠠᠠᠠᠠᠭᠤᠯᠠ ᠰᠤᠮᠤ᠎ᠵᠢᠨ ᠮᠦᠨᠭᠭᠦᠨ ᠡᠪᠦᠯ᠎ᠤᠨ ᠲᠡᠮᠡᠭᠡᠨ ᠰᠤᠶᠤᠯ᠎ᠤᠨ ᠨᠠᠢᠷ᠎ᠡᠬᠢᠯᠡᠪᠡ᠃


jie11.png

12 ᠰᠠᠷ᠎ᠠ ᠵᠢᠨ 28᠎ᠤ ᠡᠳᠦᠷ ᠡᠴᠡ ᠡᠬᠢᠯᠡᠵᠦ᠂ ᠳᠠᠯᠠᠢ ᠨᠠᠭᠤᠷ᠎ᠤᠨ ᠮᠦᠰᠦ ᠴᠠᠰᠤᠨ᠎ᠤ ᠲᠠᠮᠢᠷ᠎ᠤᠨ ᠴᠤᠭᠯᠠᠭᠠᠨ ᠳᠠᠯᠠᠢ ᠨᠠᠭᠤᠷ᠎ᠤᠨ ᠦᠵᠡᠮᠵᠢ ᠵᠢᠨ ᠤᠷᠤᠨ᠂ ᠪᠢᠷᠠᠭᠤ ᠪᠠᠯᠭᠠᠰᠤᠨ᠎ᠳᠤ ᠶᠠᠪᠤᠭᠳᠠᠪᠠ᠃


jie12.png

1000 ᠬᠡᠭᠡᠷᠡᠯᠡᠭᠴᠢ ᠮᠠᠰᠢᠨ ᠲᠡᠷᠭᠡ ᠮᠦᠰᠦ ᠴᠠᠰᠤᠨ᠎ᠤ ᠮᠠᠰᠢᠨ ᠲᠡᠷᠭᠡᠨ᠎ᠤ ᠦᠷᠢᠰᠦᠯᠳᠦᠭᠡᠨ᠎ᠤ ᠤᠷᠤᠯᠳᠤᠭᠠᠨ᠎ᠳᠤ ᠤᠷᠤᠯᠴᠠᠵᠤ᠂ ᠮᠦᠰᠦᠨ ᠳᠡᠭᠡᠷᠡᠬᠢ ᠮᠠᠰᠢᠨ ᠲᠡᠷᠭᠡᠨ᠎ᠤ ᠮᠡᠷᠭᠡᠵᠢᠯ᠎ᠤᠨ ᠲᠤᠭᠯᠠᠯᠲᠠ᠎ᠳᠤ ᠤᠷ᠎ᠠ ᠮᠡᠷᠭᠡᠵᠢᠯ  ᠵᠢᠡᠨ ᠬᠠᠷᠠᠭᠤᠯᠤᠯ᠎ᠠ᠃


ᠤᠢᠯᠠᠭᠠᠭᠰᠠᠨ ᠵᠢᠡᠷ᠂ ᠳᠠᠯᠠᠢ ᠨᠠᠭᠤᠷ᠎ᠤᠨ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠨᠠᠢᠷ᠎ᠤᠨ ᠰᠢᠷᠢᠰ ᠠᠵᠢᠯᠯᠠᠭ᠎ᠠ᠎ᠳᠤ ᠳᠠᠯᠠᠢ ᠨᠠᠭᠤᠷ᠎ᠤᠨ ᠡᠪᠦᠯ᠎ᠤᠨ ᠠᠨᠭᠨᠠᠯ᠎ᠤᠨ ᠵᠢᠭᠤᠯᠴᠢᠯᠠᠯ᠎ᠤᠨ ᠨᠠᠢᠷ᠎ᠤᠨ ᠡᠬᠢᠯᠡᠯᠲᠡ ᠵᠢᠨ ᠶᠤᠰᠤᠯᠠᠯ᠂ ᠠᠨᠭᠬᠠᠳᠤᠭᠠᠷ ᠬᠤᠭᠤᠴᠠᠭᠠᠨ᠎ᠤ ᠪᠦᠬᠦ ᠤᠷᠤᠨ᠎ᠤ ᠡᠪᠦᠯ᠎ᠤᠨ ᠤᠯᠠᠷᠢᠯ᠎ᠤᠨ ᠬᠤᠪᠴᠠᠰᠤ ᠵᠠᠰᠠᠯ᠎ᠤᠨ ᠤᠷᠠᠯᠢᠭ᠎ᠤᠨ ᠨᠠᠢᠷ᠂ ᠬᠡᠰᠢᠭᠲᠡᠨ ᠬᠤᠰᠢᠭᠤᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠮᠦᠨᠭᠭᠦᠨ ᠡᠪᠦᠯ᠎ᠤᠨ ᠲᠡᠮᠡᠭᠡᠨ ᠰᠤᠶᠤᠯ ᠎ᠤᠨ ᠨᠠᠢᠷ᠂ ᠬᠡᠰᠢᠭᠲᠡᠨ᠎ᠤ ᠮᠠᠰᠢᠨ ᠲᠡᠷᠭᠡᠨ᠎ᠤ ᠪᠠᠶᠠᠰᠤᠯᠲᠤ ᠨᠠᠢᠷ᠂ ᠤᠯᠠᠭᠠᠨᠬᠠᠳᠠ ᠬᠤᠲᠠ ᠵᠢᠨ ᠳᠠᠯᠠᠢ ᠨᠠᠭᠤᠷ᠎ᠤᠨ ᠮᠦᠰᠦᠨ ᠳᠡᠭᠡᠷᠡᠬᠢ ᠲᠠᠮᠢᠷ᠎ᠤᠨ ᠴᠤᠭᠯᠠᠭᠠᠨ᠂ ᠳᠠᠯᠠᠢ ᠨᠠᠭᠤᠷ᠎ᠤᠨ ᠵᠢᠭᠠᠰᠤ ᠭᠦᠬᠢᠲᠡᠬᠦ ᠨᠠᠢᠷ᠂ 《ᠮᠦᠰᠦ ᠴᠠᠰᠤᠨ ᠎ᠤ ᠶᠢᠷᠲᠢᠨᠴᠤ》 ᠴᠠᠰᠤᠨ ᠰᠡᠢᠯᠦᠮᠡᠯ᠎ᠤᠨ ᠤᠷᠠᠯᠢᠭ᠎ᠤᠨ ᠨᠠᠢᠷ᠂ ᠲᠦᠪ ᠲᠸᠯᠸᠢᠰ᠎ᠤᠨ 《ᠪᠠᠶᠠᠰᠬᠤᠯᠠᠨᠭᠲᠤ ᠭᠡᠷ ᠬᠤᠲᠠᠯᠠᠭᠠᠷ —  2023 ᠤᠨ᠎ᠤ  ᠴᠠᠭᠠᠨ ᠰᠠᠷ᠎ᠠ ᠵᠢᠨ ᠪᠠᠶᠠᠷ ᠵᠢᠡᠨ ᠤᠭᠲᠤᠬᠤ ᠦᠪᠦᠷ ᠮᠤᠨᠭᠭᠤᠯ · ᠬᠡᠰᠢᠭᠲᠡᠨ ᠬᠤᠰᠢᠭᠤᠨ᠎ᠤ ᠬᠤᠪᠢᠶᠠᠷᠢ ᠬᠤᠷᠠᠯ᠎ᠤᠨ ᠲᠠᠯᠠᠪᠠᠢ》 ᠵᠡᠷᠭᠡ ᠠᠷᠪᠠᠨ ᠲᠦᠷᠦᠯ᠎ᠤᠨ ᠠᠵᠢᠯᠯᠠᠭ᠎ᠠ ᠪᠠᠭᠲᠠᠵᠤ᠂ ᠪᠦᠬᠦᠢᠯᠡ ᠠᠵᠢᠯᠯᠠᠭ᠎ᠠ ᠨᠢ 2023 ᠤᠨ᠎ᠤ 2 ᠰᠠᠷ᠎ᠠ ᠵᠢᠨ ᠰᠡᠭᠦᠯᠴᠢ ᠪᠤᠯᠲᠠᠯ᠎ᠠ ᠦᠷᠭᠦᠯᠵᠢᠯᠡᠨ᠎ᠡ᠃ ᠡᠭᠦᠨ ᠡᠴᠡ ᠭᠠᠳᠠᠨ᠎ᠠ᠂ ᠤᠨᠭᠨᠢᠭᠤᠳ ᠬᠤᠰᠢᠭᠤᠨ ᠎ᠤ ᠮᠠᠰᠢᠨ ᠲᠡᠷᠭᠡᠨ᠎ᠤ ᠬᠡᠭᠡᠷᠡᠯᠡᠬᠦ ᠤᠷᠤᠯᠳᠤᠭᠠᠨ᠂ ᠬᠠᠷᠠᠴᠢᠨ · ᠮᠠᠢᠷᠠᠨ ᠭᠤᠤ ᠵᠢᠨ ᠮᠦᠰᠦ ᠴᠠᠰᠤᠨ᠎ᠤ ᠪᠠᠶᠠᠰᠤᠯᠲᠤ ᠨᠠᠢᠷ ᠵᠡᠷᠭᠡ 11 ᠲᠦᠷᠦᠯ ᠎ᠤᠨ 83 ᠵᠤᠢᠯ᠎ᠤᠨ ᠮᠦᠰᠦ ᠴᠠᠰᠤᠨ᠎ᠤ ᠭᠤᠤᠯ ᠰᠡᠳᠦᠪᠲᠦ ᠠᠵᠢᠯᠯᠠᠭ᠎ᠠ ᠵᠢ ᠵᠠᠯᠭᠠᠭ᠎ᠠ ᠪᠡᠷ ᠦᠷᠨᠢᠭᠦᠯᠬᠦ ᠪᠤᠯᠤᠨ᠎ᠠ᠃

 (ᠭᠡᠷᠡᠯ ᠵᠢᠷᠤᠭ᠎ᠢ ᠦᠪᠦᠷ ᠮᠤᠨᠭᠭᠤᠯ᠎ᠤᠨ ᠡᠳᠦᠷ᠎ᠤᠨ ᠰᠤᠨᠢᠨ ᠎ᠤ ᠵᠢᠷᠭᠢᠶ᠎ᠡ ᠡᠴᠡ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号