1 ᠰᠠᠷ᠎ᠠ᠎ᠶ᠋ᠢᠨ 11 ᠤ᠋ ᠡᠳᠦᠷ ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠠᠩᠬᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠬᠣᠶᠠᠳᠤᠭᠠᠷ ᠬᠤᠭᠤᠴᠠᠭᠠᠨ᠎ᠤ ᠬᠣᠷᠢᠶ᠎ᠠ ᠵᠢᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠳᠤᠭᠤᠢᠯᠠᠩ ᠬᠤᠪᠢᠶᠠᠨ ᠬᠢᠨᠠᠨ ᠵᠥᠪᠯᠡᠪᠡ᠃
ᠡᠯ᠎ᠡ ᠳᠤᠭᠤᠢᠯᠠᠩ᠎ᠤᠨ ᠶᠠᠷᠢᠯᠴᠠᠭᠠᠨ᠎ᠤ ᠠᠬᠤᠶ ᠲᠠᠯᠠᠪᠠᠶ ᠬᠥᠷ ᠬᠥᠭ᠌ᠵᠢᠶᠡᠨ᠎ᠢᠶᠡᠷ ᠪᠢᠯᠬᠠᠵᠤ᠂ ᠭᠡᠱᠢᠭᠦᠳ ᠢᠳᠡᠪᠬᠢᠲᠡᠶ᠎ᠪᠡᠷ ᠦᠭᠡ ᠬᠡᠯᠡᠵᠤ ᠂ ᠮᠡᠳᠡᠭᠦᠯᠦᠯᠲᠡ᠎ᠶ᠋ᠢᠨ ᠠᠭᠤᠯᠭ᠎ᠠ᠎ᠲᠠᠶ ᠤᠶᠠᠯᠳᠤᠭᠤᠯᠤᠨ ᠬᠦᠭᠵᠢᠯᠳᠡ ᠵᠢ ᠦᠭᠦᠯᠡᠵᠤ ᠂ ᠠᠰᠠᠭᠤᠳᠠᠯ᠎ᠢ ᠶᠠᠷᠢᠯᠴᠠᠵᠤ ᠂ ᠰᠠᠨᠠᠭᠤᠯᠭ᠎ᠠ ᠳᠤᠷᠠᠳᠪᠠ᠃ ᠭᠡᠱᠢᠭᠦᠳ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠬᠣᠶᠠᠳᠤᠭᠠᠷ ᠬᠤᠭᠤᠴᠠᠭᠠᠨ᠎ᠤ ᠬᠣᠷᠢᠶ᠎ᠠ ᠵᠢᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ 5 ᠵᠢᠯ ᠤ᠋ᠨ ᠲᠤᠷᠰᠢᠬᠢ ᠶᠠᠪᠤᠵᠤ ᠢᠷᠡᠭᠰᠡᠨ ᠵᠠᠮ ᠵᠢᠡᠨ ᠰᠢᠰᠲᠸᠮ ᠲᠠᠢ ᠂ ᠪᠤᠰᠤᠳᠴᠢ ᠪᠡᠷ ᠡᠷᠭᠢᠴᠡᠭᠦᠯᠬᠦ ᠵᠢᠨ ᠬᠠᠮᠲᠤ ᠥᠨᠳᠥᠷ᠎ᠲᠦ ᠵᠣᠭ᠍ᠰᠣᠨ ᠠᠯᠤᠰ᠎ᠢᠶᠡᠨ ᠪᠣᠳᠣᠯᠬᠢᠯᠠᠵᠤ ᠢᠷᠡᠭᠡᠳᠦᠶ᠎ᠶ᠋ᠢᠨ ᠠᠵᠢᠯ ᠵᠢᠡᠨ ᠲᠥᠯᠥᠪᠵᠢᠭᠦᠯᠪᠡ᠃ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠨᠢ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍ ᠂ ᠥᠩᠭᠡᠷᠡᠭ᠌ᠰᠡᠨ 5 ᠵᠢᠯ᠎ᠦᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠱᠢᠨ᠎ᠡ᠎ᠶ᠋ᠢ ᠡᠭᠦᠳᠦᠭ᠌ᠰᠡᠨ ᠠᠷᠭ᠎ᠠ ᠬᠡᠮᠵᠢᠶ᠎ᠠ ᠪᠠ ᠢᠯᠡᠳᠲᠡ ᠦᠷ᠎ᠡ ᠪᠦᠲᠦᠮᠵᠢ᠎ᠶ᠋ᠢ ᠲᠤᠰᠭᠠᠪᠠ ᠭᠡᠵᠤ ᠢᠯᠡᠳᠭᠡᠵᠡᠭᠡᠪᠠ᠃
《ᠮᠡᠳᠡᠭᠦᠯᠦᠯᠳᠡ᠎ᠨᠢ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠬᠣᠶᠠᠳᠤᠭᠠᠷ ᠬᠤᠭᠤᠴᠠᠭᠠᠨ᠎ᠤ ᠬᠣᠷᠢᠶ᠎ᠠ ᠵᠢᠨ ᠠᠵᠢᠯ᠎ᠤᠨ ᠬᠢᠯᠠᠰ ᠴᠡᠭ ᠪᠣᠯᠤᠨ ᠦᠷ᠎ᠡ ᠪᠦᠲᠦᠭᠡᠯ᠎ᠢ ᠨᠠᠷᠢᠨ ᠪᠣᠳᠠᠲᠠᠢ ᠳ᠋ᠦᠩᠨᠡᠭ᠌ᠰᠡᠨ ᠪᠥᠭᠡᠳ ᠬᠣᠢᠱᠢᠳᠠ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠪᠢ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ ᠪᠣᠯᠤᠨ ᠲᠡᠤᠭᠡᠨ ᠡᠭᠦᠷᠭᠡᠲᠦ ᠰᠡᠳᠭᠢᠯᠭᠡ ᠪᠠᠨ ᠴᠢᠨᠠᠭ᠍ᠰᠢᠳᠠ ᠴᠢᠩᠭᠠᠳᠭᠠᠵᠤ ᠂ ᠨᠠᠮ ᠵᠠᠰᠠᠭ᠎ᠤᠨ ᠭᠣᠣᠯ ᠠᠵᠢᠯ ᠪᠣᠯᠤᠨ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠨ᠎ᠡ》ᠭᠡᠵᠦ᠍ ᠬᠤᠤ ᠵᠶ᠋ᠢ ᠵᠢᠶᠦ᠋ᠨ ᠭᠡᠱᠢᠭᠦᠨ ᠬᠡᠯᠡᠪᠡ᠃ ᠯᠢᠦ ᠴᠠᠩ ᠭᠡᠱᠢᠭᠦᠨ᠄ 《ᠬᠣᠶᠠᠷ ᠮᠡᠳᠡᠭᠦᠯᠦᠯᠳᠡ ᠳ᠋ᠤ ᠠᠮᠵᠢᠯᠲᠠ ᠪᠦᠲᠦᠮᠵᠢ ᠪᠡᠨ ᠪᠤᠰᠤᠳᠴᠢ ᠪᠥᠭᠡᠳ ᠪᠦᠬᠦ᠌ ᠲᠠᠯ᠎ᠠ᠎ᠪᠠᠷ ᠳ᠋ᠦᠩᠨᠡᠵᠦ᠍ ᠂ ᠠᠵᠢᠯ᠎ᠢᠶᠠᠨ ᠨᠠᠷᠢᠨ ᠨᠢᠭ᠍ᠲᠠ ᠯᠠᠪᠳᠠᠭᠤᠨ ᠪᠠᠲᠤᠲᠠᠢ ᠪᠠᠢᠷᠢᠯᠠᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠬᠡᠷᠬᠢᠨ ᠨᠡᠩ ᠰᠠᠢ᠌ᠨ᠎ᠢᠶᠠᠷ ᠲᠦᠷᠦ᠍᠎ᠶ᠋ᠢᠨ ᠶᠠᠪᠤᠳᠠᠯ᠎ᠳᠤ ᠣᠷᠣᠯᠴᠠᠵᠤ ᠲᠦᠷᠦ᠍᠎ᠶ᠋ᠢᠨ ᠶᠠᠪᠤᠳᠠᠯ᠎ᠢ ᠵᠥᠪᠯᠡᠬᠦ᠌᠎ᠳᠦ ᠵᠢᠷᠤᠮᠯᠠᠯ ᠬᠠᠩᠭᠠᠪᠠ》 ᠭᠡᠪᠡ᠃
ᠰᠠᠨᠠᠯ ᠲᠤᠷᠠᠳᠤᠯᠭ᠎ᠠ ᠵᠢᠨ ᠠᠵᠢᠯ ᠪᠣᠯ ᠤᠯᠤᠰ ᠲᠦᠷᠦ᠍᠎ᠶ᠋ᠢᠨ ᠵᠥᠪᠯᠡᠯᠭᠡᠨ᠎ᠦ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠴᠢᠬᠤᠯᠠ ᠭᠠᠷᠳᠠᠴᠠ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠬᠤᠷᠢᠶ᠎ᠠ ᠰᠠᠨᠠᠯ ᠳᠤᠷᠠᠳᠤᠯᠭ᠎ᠠ᠎ᠶ᠋ᠢᠨ ᠠᠵᠢᠯ᠎ᠢ ᠤᠯᠤᠰ ᠲᠥᠷᠥ᠎ᠶ᠋ᠢᠨ ᠵᠥᠪᠯᠡᠯᠭᠡᠨ᠎ᠦ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠶ᠋ᠯᠡᠳᠦᠯ᠎ᠢ ᠪᠠᠳᠠᠷᠠᠭᠤᠯᠬᠤ ᠴᠢᠬᠤᠯᠠ ᠠᠴᠢᠶᠠᠯᠠᠪᠤᠷᠢ ᠪᠣᠯᠭᠠᠵᠤ ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠤ᠂ 5 ᠵᠢᠯ᠎ᠦᠨ ᠲᠤᠷᠰᠢ᠂ ᠨᠡᠢᠲᠡ 4348 ᠬᠤᠪᠢ ᠰᠠᠨᠠᠯ ᠳᠤᠷᠠᠳᠤᠯᠭ᠎ᠠ᠎ᠶ᠋ᠢ ᠭᠥᠯᠢᠶᠡᠨ ᠠᠪᠴᠤ᠌᠂ ᠬᠢᠨᠠᠨ ᠪᠠᠢᠴᠠᠭᠠᠬᠤ᠎ᠪᠠᠷ ᠳᠡᠮᠵᠢᠨ 3542 ᠬᠤᠪᠢ ᠰᠠᠨᠠᠯ ᠳᠤᠷᠠᠳᠤᠯᠭ᠎ᠠ᠎ᠶ᠋ᠢ ᠭᠡᠷᠡᠭ ᠪᠤᠯᠭᠠᠨ ᠳᠡᠩᠰᠡᠯᠡᠪᠡ᠃ ᠯᠢ ᠹᠸᠩ ᠭᠡᠱᠢᠭᠦᠨ ᠄《ᠡᠲᠡᠭᠡᠷ ᠰᠠᠨᠠᠯ ᠳᠤᠷᠠᠳᠤᠯᠭ᠎ᠠ᠎ᠶ᠋ᠢᠨ ᠣᠯᠠᠩᠬᠢ᠎ᠨᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ ᠲᠥᠷᠥ᠎ᠶ᠋ᠢᠨ ᠪᠣᠳᠣᠯᠭ᠎ᠠ᠂ ᠪᠣᠳᠠᠲᠠᠶ ᠠᠷᠭ᠎ᠠ ᠬᠡᠮᠵᠢᠶ᠎ᠡ ᠪᠣᠯᠤᠭ᠍ᠰᠠᠨ ᠪᠠᠢᠨ᠎ᠠ ᠂ ᠡᠨᠡ᠎ᠨᠢ ᠶᠠᠭ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠤᠨ ᠴᠢᠬᠤᠯᠠ ᠴᠢᠨᠠᠷ᠎ᠢ ᠬᠠᠷᠠᠭᠤᠯᠵᠤ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠬᠤᠭᠤᠴᠠᠭᠠᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍ ᠂ ᠪᠣᠳᠠᠲᠠᠶ᠎ᠳᠤ ᠭᠦᠨᠵᠡᠭᠡᠢᠷᠡᠨ᠂ ᠨᠢᠭ᠍ᠲᠠ᠎ᠡᠴᠡ ᠨᠢᠭ᠍ᠲᠠ ᠪᠠᠢᠵᠤ ᠂ ᠰᠠᠨᠠᠯ ᠳᠤᠷᠠᠳᠤᠯᠭ᠎ᠠ᠎ᠶ᠋ᠢᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠠ ᠂ ᠪᠢᠳᠡ ᠡᠨᠡ ᠬᠦ᠌ ᠱᠢᠯᠢᠳᠡᠭ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠤᠨ᠎ᠠ》ᠭᠡᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠬᠣᠶᠠᠳᠤᠭᠠᠷ ᠬᠤᠭᠤᠴᠠᠭᠠᠨ᠎ᠤ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ᠎ᠶ᠋ᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠨᠢ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠭᠰᠡᠨ ᠂ ᠤᠯᠤᠰ ᠲᠥᠷᠥ᠎ᠶ᠋ᠢ ᠡᠷᠬᠢᠮᠯᠡᠭᠰᠡᠨ ᠮᠡᠳᠡᠭᠦᠯᠦᠯᠲᠡ ᠪᠣᠯᠤᠬᠰᠠᠨᠪᠦᠭᠡᠳ ᠪᠠᠰᠠ ᠡᠷᠴᠢ ᠵᠣᠷᠢᠭ᠎ᠢ ᠬᠥᠪᠴᠢᠯᠡᠬᠦ᠌ ᠮᠡᠳᠡᠭᠦᠯᠦᠯᠲᠡ ᠪᠣᠯᠵᠠᠢ᠃ ᠬᠢᠨᠠᠨ ᠵᠥᠪᠯᠡᠬᠦ᠌ ᠳᠤᠮᠳᠠ᠂ ᠭᠡᠱᠢᠭᠦᠳ ᠬᠣᠢᠨ᠎ᠠ ᠬᠣᠢᠨ᠎ᠠ᠎ᠡᠴᠡ ᠪᠠᠨ ᠥᠪᠡᠷ᠎ᠦᠨ ᠠᠵᠢᠯᠯᠠᠵᠤ ᠪᠠᠢᠭ᠎ᠠ ᠬᠦᠷᠢᠶ᠎ᠡ ᠴᠠᠷᠠᠭ᠎ᠠ ᠳ᠋ᠠᠭᠠᠨ ᠰᠠᠭᠤᠷᠢᠯᠠᠵᠤ ᠂ ᠢᠷᠡᠭᠡᠳᠦᠢ᠎ᠪᠡᠨ ᠪᠠᠷᠠᠯᠠᠪᠠ᠃ ᠳ᠋ᠢᠩ ᠫᠸᠩ ᠭᠡᠱᠢᠭᠦᠨ᠄ 《ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠬᠣᠢᠱᠢᠳᠠ ᠬᠠᠤᠯᠢ ᠲᠣᠭ᠍ᠲᠠᠭᠠᠬᠤ ᠵᠥᠪᠯᠡᠯᠭᠡ ᠬᠢᠬᠦ ᠵᠢᠨ ᠥᠷᠭᠡᠴᠡ ᠪᠣᠯᠤᠨ ᠭᠦᠨᠴᠡ᠎ᠶ᠋ᠢ ᠬᠦᠴᠦᠯᠡᠨ ᠴᠢᠩᠭᠠᠳᠭᠠᠵᠤ ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠨᠡᠩ ᠦᠷ᠎ᠡ ᠪᠦᠲᠦᠮᠵᠢᠲᠡᠢ ᠪᠣᠯᠭᠠᠬᠤ᠎ᠶ᠋ᠢ ᠬᠦᠰᠡᠵᠦ᠍ ᠪᠠᠢᠨ᠎ᠠ》ᠭᠡᠵᠤ ᠬᠡᠯᠡᠪᠡ᠃ ᠯᠢ ᡁᠢ ᠭᠠᠩ ᠭᠡᠱᠢᠭᠦᠨ ᠄ 《ᠮᠡᠳᠡᠬᠦᠯᠦᠯᠳᠠ ᠳᠡᠬᠢ ᠬᠣᠢᠱᠢᠳᠠ᠎ᠶ᠋ᠢᠨ ᠠᠵᠢᠯ᠎ᠤᠨ ᠲᠤᠬᠠᠢ ᠲᠤᠬᠢᠷᠠᠭᠤᠯᠤᠯᠳᠠ ᠵᠢᠨ ᠵᠦᠢᠯ ᠨᠢᠬᠡᠪᠦᠷᠢ᠎ᠨᠢ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠭᠣᠣᠯᠳᠠᠯᠭ᠎ᠠ᠎ᠲᠠᠢ ᠪᠠᠷᠢᠮᠵᠢᠶᠠᠯᠠᠪᠠ᠃ ᠲᠠᠷᠢᠶᠠᠯᠠᠩ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ ᠂ ᠪᠢ 〈 ᠪᠣᠭᠣᠮᠲᠠ᠎ᠶ᠋ᠢᠨ ᠭᠠᠳᠠᠨᠠᠬᠢ ᠠᠮᠤ 〉 ᠶ᠋ᠢ ᠰᠠᠢᠲᠤᠷ ᠳᠠᠷᠢᠵᠤ ᠂ 〈 ᠳᠤᠮᠳᠠᠳᠤ ᠤᠯᠤᠰ᠎ᠤᠨ ᠠᠶᠠᠭ᠎ᠠ〉 ᠶ᠋ᠢ ᠡᠯᠪᠡᠭ᠌ᠵᠢᠭᠦᠯᠬᠦ᠌ᠳᠦ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠢᠲᠡᠭᠡᠯ᠎ᠲᠡᠶ ᠪᠠᠢᠨ᠎ᠠ》 ᠭᠡᠵᠤ ᠰᠠᠳᠬᠢᠯ ᠲᠤᠬᠳᠤᠯᠤᠨ ᠬᠡᠯᠡᠪᠡ᠃
ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠵᠢᠯ ᠮᠥᠨ ᠪᠣᠯᠬᠣᠷ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠰᠠᠢᠲᠤᠷ ᠬᠢᠬᠦ᠌ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠭᠡᠱᠢᠭᠦᠳ᠂ ᠦᠷᠭᠦᠯᠵᠢᠯᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ ᠂ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠲᠦᠪᠱᠢᠨ᠎ᠢᠶᠡᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍ ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃