ᠥᠪᠡᠷᠲᠡᠭᠡᠨ ᠵᠠᠰᠠᠬᠤ ᠣᠷᠣᠨ ᠤ᠋ 《 ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ 》 ᠤ᠋ᠨ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ ᠠᠯᠠᠱᠠ ᠳ᠋ᠦ᠍ ᠬᠦᠷᠴᠦ᠍ ᠤᠬᠠᠭᠤᠯᠤᠨ ᠲᠠᠢᠯᠪᠤᠷᠢᠯᠠᠪᠠ
2023-01-12 21:23:55
ᠵᠣᠬᠢᠶᠠᠭ᠍ᠴᠢ᠄
ᠯᠢᠦ ᠬᠣᠩ ᠵᠠᠩ
ᠣᠩᠱᠢᠭ᠍ᠰᠠᠨ ᠣᠳᠠᠭ᠎ᠠ᠄
★★★☆☆

1 ᠰᠠᠷ᠎ᠠ ᠵᠢᠨ 9 ᠎ᠤ᠋ ᠡᠳᠦᠷ ᠂  ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ 《ᠤᠨᠤᠯ ᠰᠤᠷᠤᠯᠴᠠᠬᠤ ᠬᠦᠩᠭᠡᠨ ᠮᠣᠷᠢᠲᠤ ᠴᠡᠷᠢᠭ》 ᠤ᠋ᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠦᠬᠠᠢ ᠵᠢᠨ ᠰᠠᠯᠪᠤᠷᠢ ᠠᠩᠭᠢ ᠠᠯᠠᠱᠠ ᠠᠢᠮᠠᠭ ᠤ᠋ᠨ ᠠᠯᠠᠱᠠ ᠵᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠤ᠋ᠨ ᠤᠯᠠᠭᠠᠨᠪᠤᠬ᠎ᠠ ᠨᠡᠢᠭᠡᠮ ᠲᠣᠭᠣᠷᠢᠭ ᠂  ᠮᠠᠯᠴᠢᠨ ᠨᠡᠢᠭᠡᠮ ᠲᠣᠭᠣᠷᠢᠭ᠎ᠲᠤ ᠬᠦᠷᠴᠦ᠍ ᠂  ᠺᠠᠳ᠋ᠷ ᠤᠯᠠᠨ ᠲᠦᠮᠡᠨ᠎ᠳᠦ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠤᠬᠠᠭᠤᠯᠤᠨ ᠲᠠᠢᠯᠪᠤᠷᠢᠯᠠᠪᠠ᠃

ᠤᠯᠠᠭᠠᠨᠪᠤᠬ᠎ᠠ ᠨᠡᠢᠭᠡᠮ ᠲᠣᠭᠣᠷᠢᠭ ᠪᠣᠯᠤᠨ ᠮᠠᠯᠴᠢᠨ ᠨᠡᠢᠭᠡᠮ ᠲᠣᠭᠣᠷᠢᠭ᠎ᠲᠤ ᠂ 《 ᠱᠢᠨ᠎ᠡ ᠠᠶᠠᠨ ᠳ᠋ᠦ᠍ ᠤᠨᠤᠯ ᠢ᠋ ᠴᠤᠤᠷᠢᠶᠠᠳᠤᠭᠤᠯᠬᠤ》 ᠣᠨᠣᠯ ᠤ᠋ᠨ ᠤᠬᠠᠭᠤᠯᠤᠨ ᠲᠠᠢᠯᠪᠤᠷᠢᠯᠠᠬᠤ ᠤᠷᠤᠯᠳᠤᠭᠠᠨ ᠤ᠋ ᠱᠢᠯᠢᠳᠡᠭ ᠤᠷᠤᠯᠴᠠᠬᠴᠢ ᠂  ᠦᠬᠠᠶ ᠬᠣᠲᠠ ᠵᠢᠨ ᠨᠠᠮ ᠤ᠋ᠨ ᠬᠣᠷᠢᠶᠠᠨ ᠤ᠋ ᠨᠠᠮ ᠤ᠋ᠨ ᠰᠤᠷᠭᠠᠭᠤᠯᠢ ᠵᠢᠨ ᠪᠠᠭ᠍ᠰᠢ ᠸᠧᠶ ᠵᠢᠶᠠ ᠂  ᠦᠬᠠᠶ ᠬᠣᠲᠠ ᠵᠢᠨ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ᠎ᠦᠨ ᠠᠯᠪᠠᠨ ᠬᠡᠷ᠎ᠦᠨ ᠺᠠᠳ᠋ᠷ ᠵᠣᠣ ᠨᠠᠨ ᠂  ᠦᠬᠠᠶ ᠬᠣᠲᠠ ᠵᠢᠨ ᠨᠠᠮ ᠤ᠋ᠨ ᠬᠣᠷᠢᠶᠠᠨ ᠤ᠋ ᠨᠠᠮ ᠤ᠋ᠨ ᠰᠤᠷᠭᠠᠭᠤᠯᠢ ᠵᠢᠨ ᠪᠠᠭ᠍ᠰᠢ ᠵᠠᠩ ᠢᠦᠶ ᠸᠧᠶ ᠵᠡᠷᠭᠡ ᠤᠬᠠᠭᠤᠯᠤᠨ ᠲᠠᠢᠯᠪᠤᠷᠢᠯᠠᠬᠤ 3 ᠬᠤᠪᠢᠶᠠᠷᠢ ᠠᠩᠭᠢ ᠵᠢᠨ ᠭᠡᠱᠢᠭᠦᠨ ᠂ 《 ᠥᠩᠭᠡᠷᠡᠭ᠌ᠰᠡᠨ 5 ᠵᠢᠯ᠎ᠦᠨ ᠠᠵᠢᠯ ᠪᠣᠯᠤᠨ ᠱᠢᠨ᠎ᠡ ᠴᠠᠭ ᠦᠶ᠎ᠡ ᠵᠢᠨ ᠠᠭᠤᠤ ᠶᠡᠬᠡ ᠬᠤᠪᠢᠰᠤᠯᠲᠠ ᠵᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠪᠠᠲᠤ ᠡᠵᠡᠮᠳᠡᠶ᠎ᠡ 》 ᠭᠡᠬᠦ᠌ ᠭᠤᠤᠯ ᠰᠡᠳᠦᠪ᠎ᠢᠶᠡᠷ ᠠᠷᠠᠳ ᠣᠯᠠᠨ ᠤ᠋ ᠳᠡᠷᠭᠡᠳᠡᠬᠢ ᠦᠨᠡᠨ ᠪᠣᠳᠠᠲᠠᠶ ᠬᠤᠪᠢᠷᠠᠯᠲᠠ᠎ᠲᠠᠶ ᠨᠢᠭ᠍ᠲᠠ ᠤᠶᠠᠯᠳᠤᠭᠤᠯᠵᠤ ᠂  ᠲᠥᠬᠥᠮ ᠣᠢᠯᠠᠭᠠᠮᠵᠢᠲᠠᠶ ᠦᠭᠡ ᠬᠡᠯᠡ ᠪᠣᠯᠤᠨ ᠠᠮᠢᠳᠤᠯᠢᠭ ᠪᠣᠳᠠᠲᠤ ᠵᠢᠱ᠌ᠢᠶ᠎ᠡ᠎ᠪᠡᠷ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠭᠣᠢᠳᠠ ᠰᠠᠢᠬᠠᠨ ᠲᠠᠢᠯᠪᠤᠷᠢᠯᠠᠪᠠ᠃  ᠤᠬᠠᠭᠤᠯᠤᠨ ᠲᠠᠢᠯᠪᠤᠷᠢᠯᠠᠬᠤ ᠲᠤᠬᠠᠢ ᠵᠢᠨ ᠲᠠᠯᠠᠪᠠᠢ ᠳ᠋ᠦ᠍ ᠂  ᠨᠠᠮ ᠤ᠋ᠨ ᠭᠡᠱᠢᠭᠦᠨ ᠺᠠᠳ᠋ᠷ ᠪᠣᠯᠤᠨ ᠤᠯᠠᠨ ᠲᠦᠮᠡᠨ ᠰᠡᠳᠬᠢᠯ ᠵᠢᠠᠨ ᠲᠥᠪᠯᠡᠷᠡᠭᠦᠯᠦᠨ ᠨᠠᠷᠢᠨ ᠬᠢᠨᠠᠮᠠᠭᠠᠢ ᠰᠣᠨᠣᠰᠴᠤ᠌ ᠂  ᠨᠢᠮᠪᠠᠢ ᠣᠢᠯᠠᠭᠠᠵᠤ ᠂  ᠠᠩᠬᠠᠷᠤᠯ ᠳᠠᠯᠪᠢᠨ ᠲᠡᠮᠳᠡᠭ᠌ᠯᠡᠯ ᠬᠢᠵᠦ᠍ ᠪᠠᠢᠯ᠎ᠠ᠃

ᠤᠬᠠᠭᠤᠯᠤᠨ ᠲᠠᠢᠯᠪᠤᠷᠢᠯᠠᠬᠤ ᠵᠢ ᠰᠣᠨᠣᠰᠤᠭ᠍ᠰᠠᠨ ᠤ᠋ ᠳᠠᠷᠠᠭ᠎ᠠ ᠂ ᠠᠯᠠᠱᠠ ᠵᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠤ᠋ᠨ ᠤᠯᠠᠭᠠᠨᠪᠤᠬ᠎ᠠ ᠨᠡᠢᠭᠡᠮ ᠲᠣᠭᠣᠷᠢᠭ ᠤ᠋ᠨ ᠨᠠᠮ ᠤ᠋ᠨ ᠡᠭᠦᠷ᠎ᠦᠨ ᠱᠦᠵᠢ ᠵᠠᠩ ᠬᠤᠢ ᠄ 《 ᠤᠬᠠᠭᠤᠯᠤᠨ ᠲᠠᠢᠯᠪᠤᠷᠢᠯᠠᠬᠤ ᠵᠢᠨ ᠠᠭᠤᠯᠭ᠎ᠠ ᠪᠠᠶᠠᠯᠢᠭ ᠂  ᠯᠣᠭᠢᠭ ᠴᠢᠩᠭ᠎ᠠ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠳ᠋ᠦ᠍ ᠨᠡᠩ ᠱᠢᠨ᠎ᠡ ᠨᠡᠩ ᠭᠦᠨᠵᠡᠭᠡᠢ ᠣᠢᠯᠠᠭᠠᠯᠲᠠ ᠪᠠ ᠲᠠᠨᠢᠯᠲᠠ᠎ᠲᠠᠶ ᠪᠣᠯᠭᠠᠪᠠ ᠃  ᠬᠣᠢᠱᠢᠳᠠ ᠪᠢ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠨᠡᠢᠭᠡᠮ ᠲᠣᠭᠣᠷᠢᠭ ᠤ᠋ᠨ ᠪᠣᠳᠠᠲᠠᠢ ᠠᠵᠢᠯ ᠳ᠋ᠦ᠍ ᠬᠡᠷᠡᠭ᠌ᠯᠡᠵᠦ᠍ ᠂  ᠦᠨᠳᠦᠰᠦᠨ ᠱᠠᠲᠤᠨ ᠤ᠋ ᠨᠠᠮ ᠤ᠋ᠨ ᠪᠠᠢᠭᠤᠯᠤᠯᠲᠠ ᠵᠢᠨ ᠬᠦᠳᠦᠯᠦᠨ ᠳᠠᠭᠠᠭᠤᠯᠬᠤ ᠦᠢᠯᠡᠳᠦᠯ᠎ᠢ ᠢᠳᠡᠪᠬᠢᠲᠡᠢ ᠰᠠᠢᠲᠤᠷ ᠪᠠᠳᠠᠷᠠᠭᠤᠯᠵᠤ ᠂ ᠤᠯᠠᠨ ᠲᠦᠮᠡᠨ᠎ᠦ ᠳᠤᠮᠳᠠ ᠭᠦᠨᠵᠡᠭᠡᠢᠷᠡᠨ ᠠᠷᠠᠳ ᠤ᠋ᠨ ᠠᠮᠢᠳᠤᠷᠠᠯ ᠳ᠋ᠦ᠍ ᠠᠱᠢᠭ ᠬᠦᠷᠲᠡᠭᠡᠬᠦ᠌ ᠂  ᠠᠷᠠᠳ ᠤ᠋ᠨ ᠰᠡᠳᠭᠢᠯ᠎ᠢ ᠳᠤᠯᠠᠭᠠᠴᠠᠭᠤᠯᠬᠤ ᠠᠵᠢᠯ᠎ᠢ ᠨᠡᠩ ᠤᠯᠠᠨ ᠬᠢᠵᠦ᠍ ᠂  ᠦᠨᠡᠨ ᠰᠡᠳᠭᠢᠯ᠎ᠡᠴᠡ᠎ᠪᠡᠨ ᠤᠯᠠᠨ ᠲᠦᠮᠡᠨ᠎ᠳᠦ ᠨᠡᠩ ᠱᠢᠯᠢᠳᠡᠭ ᠦᠢᠯᠡᠴᠢᠯᠡᠭᠡ ᠬᠠᠩᠭᠠᠵᠤ ᠂  ᠪᠣᠳᠠᠲᠠᠢ ᠵᠢ ᠡᠷᠬᠢᠮᠯᠡᠭ᠌ᠰᠡᠨ ᠠᠵᠢᠯᠯᠠᠭ᠎ᠠ᠎ᠪᠠᠷ᠎ᠢᠶᠠᠨ ᠠᠷᠠᠳ ᠤ᠋ᠨ ᠰᠡᠳᠭᠢᠯ᠎ᠢ ᠨᠢᠭ᠍ᠲᠠᠷᠠᠭᠤᠯᠵᠤ ᠂   ᠠᠷᠠᠳ ᠤ᠋ᠨ ᠲᠥᠯᠥᠭᠡ ᠪᠣᠳᠠᠲᠠᠢ ᠶᠠᠪᠤᠳᠠᠯ ᠬᠢᠵᠦ᠍ ᠂  ᠰᠠᠢ᠌ᠨ ᠶᠠᠪᠤᠳᠠᠯ ᠬᠢᠬᠦ᠌ ᠵᠢ ᠦᠨᠡᠨ ᠬᠦ᠌ ᠪᠣᠳᠠᠲᠠᠢ ᠳ᠋ᠦ᠍ ᠨᠠᠢᠳᠠᠪᠤᠷᠢᠵᠢᠭᠤᠯᠤᠨ᠎ᠠ 》 ᠭᠡᠵᠤ ᠬᠡᠯᠡᠵᠠᠢ᠃

ᠠᠯᠠᠱᠠ ᠵᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠤ᠋ᠨ ᠮᠠᠯᠴᠢᠨ ᠨᠡᠢᠭᠡᠮ ᠲᠣᠭᠣᠷᠢᠭ ᠤ᠋ᠨ ᠡᠷᠬᠢᠯᠡᠭ᠌ᠴᠢ ᠵᠢᠨ ᠲᠤᠰᠠᠯᠠᠭ᠍ᠴᠢ ᠳ᠋ᠠᠩ ᠯᠢ ᠵᠢᠶᠦ᠋ᠨ ᠄ 《 ᠤᠬᠠᠭᠤᠯᠤᠨ ᠲᠠᠢᠯᠪᠤᠷᠢᠯᠠᠯᠳᠠ ᠨᠢ ᠬᠥᠮᠦᠰ᠎ᠦᠨ ᠰᠡᠳᠭᠢᠯ᠎ᠢ ᠤᠷᠮᠠᠱᠢᠭᠤᠯᠤᠯ᠎ᠠ ᠂  ᠰᠣᠨᠣᠰᠤᠬᠰᠠᠨ ᠤ᠋ ᠳᠠᠷᠠᠭ᠎ᠠ ᠤᠯᠤᠯᠳᠠ ᠮᠠᠰᠢ ᠶᠡᠬᠡ ᠪᠠᠢᠨ᠎ᠠ᠃ ᠦᠨᠳᠦᠰᠦᠨ ᠱᠠᠲᠤᠨ ᠤ᠋ ᠨᠡᠢᠭᠡᠮ ᠲᠣᠭᠣᠷᠢᠭ ᠤ᠋ᠨ ᠠᠵᠢᠯᠳᠠᠨ ᠪᠣᠯᠤᠭ᠍ᠰᠠᠨ ᠤ᠋ ᠬᠤᠪᠢ ᠳ᠋ᠦ᠍ ᠂  ᠬᠣᠢᠱᠢᠳᠠ ᠵᠢᠨ ᠠᠵᠢᠯ᠎ᠳᠠᠭᠠᠨ ᠂  ᠪᠢ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠡᠳᠭᠢᠯ᠎ᠳᠡᠭᠡᠨ ᠬᠠᠳᠠᠩᠱᠢᠭᠤᠯᠵᠤ ᠂  ᠠᠵᠢᠯᠯᠠᠭ᠎ᠠ ᠳᠡᠭᠡᠷ᠎ᠡ ᠪᠠᠨ ᠦᠢᠯᠡᠳᠦᠯᠭᠡᠵᠢᠭᠦᠯᠵᠦ᠍ ᠂  ᠠᠵᠢᠯ ᠤ᠋ᠨ ᠪᠠᠢᠷᠢ᠎ᠳᠠᠭᠠᠨ ᠰᠠᠭᠤᠷᠢᠯᠠᠨ ᠂  ᠨᠡᠢᠭᠡᠮ ᠲᠣᠭᠣᠷᠢᠭ᠎ᠲᠤ ᠦᠨᠳᠦᠰᠦᠯᠡᠵᠦ᠍ ᠂  ᠰᠠᠭᠤᠭᠠᠯᠢ ᠠᠷᠠᠳ᠎ᠲᠤ ᠦᠨᠡᠨ ᠰᠡᠳᠭᠢᠯ᠎ᠡᠴᠡ᠎ᠪᠡᠨ ᠦᠢᠯᠡᠴᠢᠯᠡᠵᠦ᠍ ᠂  ᠨᠢᠭᠡ ᠰᠡᠳᠭᠢᠯ ᠨᠢᠭᠡ ᠵᠤᠷᠢᠭ ᠵᠢᠡᠷ ᠨᠠᠮ ᠳ᠋ᠠᠭᠠᠨ ᠵᠢᠳᠬᠦᠬᠦ ᠦᠢᠯᠡᠳᠦᠯᠭᠡᠵᠢᠭᠦᠯᠦᠭᠴᠢ᠂  ᠨᠢᠭᠡ ᠰᠡᠳᠭᠢᠯ ᠨᠢᠭᠡ ᠵᠣᠷᠢᠭ᠎ᠢᠶᠠᠷ ᠠᠷᠠᠳ ᠲᠦᠮᠡᠨ᠎ᠳᠦ ᠦᠢᠯᠡᠴᠢᠯᠡᠬᠦ᠌ ᠦᠢᠯᠡᠴᠢᠯᠡᠭ᠌ᠴᠢ ᠂  ᠨᠢᠭᠡ ᠰᠡᠳᠭᠢᠯ ᠨᠢᠭᠡ ᠵᠣᠷᠢᠭ᠎ᠢᠶᠠᠷ ᠤᠷᠤᠭ᠍ᠰᠢᠯᠠᠬᠤ ᠲᠡᠮᠡᠴᠡᠭ᠌ᠴᠢ ᠪᠣᠯᠬᠤ᠎ᠪᠠᠷ ᠴᠢᠷᠮᠠᠢᠨ᠎ᠠ》 ᠭᠡᠵᠤ ᠶᠠᠷᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号