ᠤᠳᠤ ᠪᠠᠰᠠ ᠠᠮᠠᠪᠴᠢ ᠵᠡᠭᠦᠬᠦ ᠴᠢᠬᠤᠯᠠ᠎ᠲᠠᠢ ᠦᠦ?
2023-01-13 10:14:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 11 ᠎ᠦ ᠡᠳᠦᠷ᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ᠎ᠶᠢᠨ ᠬᠢᠨ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ᠃ ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠎ᠦᠨ ᠬᠠᠯᠳᠠᠪᠤᠷᠢᠯᠠᠯ᠎ᠢ ᠰᠡᠷᠭᠡᠢᠯᠡᠬᠦ ᠭᠠᠵᠠᠷ᠎ᠤᠨ ᠰᠤᠳᠤᠯᠤᠭ᠍ᠴᠢ ᠴᠠᠩ ᠵᠣᠣ ᠷᠦᠢ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠣᠳᠣ  ᠪᠠᠰᠠ ᠠᠮᠠᠪᠴᠢ ᠵᠡᠭᠦᠬᠦ ᠴᠢᠬᠤᠯᠠ ᠲᠠᠢ ᠡᠰᠡᠬᠦ ᠵᠢᠨ ᠲᠤᠬᠠᠢ ᠬᠠᠷᠢᠭᠤᠯᠳᠠ ᠦᠭᠪᠡ᠃

ᠴᠠᠩ ᠵᠣᠣ ᠷᠦᠢ ᠲᠠᠨᠢᠯᠴᠠᠭᠤᠯᠬᠤ᠎ᠳᠠᠭᠠᠨ᠂ ᠣᠳᠣᠬᠠᠨ᠎ᠳᠤ ᠤᠯᠤᠰ᠎ᠤᠨ ᠳᠣᠲᠣᠭᠠᠳᠤ᠎ᠳᠡᠬᠢ ᠬᠢᠵᠢᠭ᠌᠎ᠦᠨ ᠪᠠᠢᠳᠠᠯ ᠮᠥᠨ ᠠᠳᠠᠯᠢ ᠪᠤᠰᠤ ᠬᠡᠮᠵᠢᠶ᠎ᠠ ᠪᠡᠷ ᠳᠡᠯᠭᠡᠷᠡᠵᠦ ᠪᠠᠢᠭ᠎ᠠ ᠱᠠᠲᠤᠨ᠎ᠳᠤ ᠪᠤᠢ᠂ ᠬᠤᠪᠢ ᠬᠥᠮᠥᠨ᠎ᠦ ᠰᠡᠷᠭᠡᠢᠯᠡᠯᠲᠡ ᠬᠠᠮᠠᠭᠠᠯᠠᠯᠲᠠ᠎ᠶᠢ ᠰᠠᠢᠲᠤᠷ ᠬᠢᠵᠦ᠂ ᠰᠢᠨᠵᠢᠯᠡᠬᠦ ᠤᠬᠠᠭᠠᠨᠴᠢ᠎ᠪᠠᠷ ᠠᠮᠠᠪᠴᠢ ᠵᠡᠭᠦᠵᠤ᠂ ᠢᠯᠠᠩᠭᠤᠶ᠎ᠠ ᠡᠮᠨᠡᠯᠭᠡ᠎ᠶᠢᠨ ᠬᠣᠷᠢᠶ᠎ᠠ᠂ ᠬᠤᠳᠠᠯᠳᠤᠭᠠᠨ᠎ᠤ ᠲᠠᠯᠠᠪᠤᠷ᠂ ᠬᠡᠲᠦ ᠳᠡᠯᠭᠡᠭᠦᠷ᠂ ᠬᠤᠷᠠᠯ᠎ᠤᠨ ᠭᠡᠷ᠂ ᠨᠢᠰᠬᠡᠯ᠎ᠦᠨ ᠪᠠᠭᠤᠳᠠᠯ᠂ ᠲᠡᠷᠭᠡᠨ ᠥᠷᠲᠡᠭᠡ ᠵᠡᠷᠭᠡ ᠨᠢᠭ᠍ᠲᠠ ᠪᠢᠲᠡᠭᠦᠮᠵᠢᠯᠡᠭᠰᠡᠨ ᠣᠷᠴᠢᠨ ᠲᠣᠭᠣᠷᠢᠨ᠂ ᠬᠥᠮᠥᠨ ᠬᠠᠷ᠎ᠠ ᠴᠤᠭᠯᠠᠷᠠᠭᠰᠠᠨ ᠣᠯᠠᠨ ᠨᠡᠶ᠋ᠢᠲᠡ᠎ᠶᠢᠨ ᠲᠠᠯᠠᠪᠤᠷ᠎ᠲᠤ ᠣᠷᠣᠬᠤ᠂ ᠨᠢᠰᠬᠡᠯ᠂ ᠭᠠᠯᠲᠤ ᠲᠡᠷᠭᠡ᠂ ᠭᠠᠵᠠᠷ ᠳᠣᠣᠷᠠᠬᠢ ᠲᠡᠮᠦᠷ ᠵᠠᠮ ᠵᠡᠷᠭᠡ ᠪᠡᠷ ᠠᠶᠠᠯᠠᠬᠤ᠂ ᠴᠠᠬᠢᠯᠭᠠᠨ ᠱᠠᠲᠤᠨ᠎ᠳᠤ ᠣᠷᠣᠬᠤ᠎ᠳᠠᠭᠠᠨ ᠡᠮᠴᠢᠯᠡᠭᠡᠨ᠎ᠦ ᠭᠠᠳᠠᠷ ᠰᠠᠯᠠᠭᠠᠨ᠎ᠤ ᠠᠮᠠᠪᠴᠢ ᠵᠢᠴᠢ ᠲᠡᠭᠦᠨ᠎ᠡᠴᠡ ᠳᠡᠭᠡᠭᠰᠢᠬᠢ ᠲᠠᠰ᠎ᠤᠨ ᠠᠮᠠᠪᠴᠢ ᠵᠡᠭᠦᠬᠦ᠎ᠶᠢ ᠪᠠᠰᠠ ᠦᠷᠬᠦᠯᠵᠢᠯᠡᠨ ᠴᠢᠬᠤᠯᠠᠴᠢᠯᠠᠬᠤ ᠬᠡᠷᠡᠭᠳᠡᠢ ᠬᠡᠵᠠᠢ᠃

ᠴᠠᠩ ᠵᠣᠣ ᠷᠦᠢ ᠪᠠᠰᠠ᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠂ ᠨᠡᠢᠭᠡᠮ᠎ᠦᠨ ᠠᠰᠠᠷᠠᠮᠵᠢ᠎ᠶᠢᠨ ᠪᠠᠢᠭᠤᠯᠤᠮᠵᠢ ᠵᠡᠷᠭᠡ ᠪᠠᠭᠤᠷᠠᠢ ᠬᠥᠮᠥᠰ ᠲᠥᠪᠯᠡᠷᠡᠭᠰᠡᠨ ᠲᠠᠯᠠᠪᠤᠷ᠎ᠲᠤ ᠣᠷᠣᠬᠤ ᠦᠶ᠎ᠡ᠎ᠳᠦ᠂ ᠬᠠᠯᠠᠭᠤᠷᠠᠬᠤ᠂ ᠬᠠᠭᠤᠷᠠᠢ᠎ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠰᠢᠨ᠎ᠡ ᠲᠢᠲᠢᠮᠯᠢᠭ᠌ ᠸᠢᠷᠦ᠋ᠰ᠎ᠦᠨ ᠬᠠᠯᠳᠠᠪᠤᠷᠢᠯᠠᠯ᠎ᠤᠨ ᠬᠠᠮᠢᠶ᠎ᠠ ᠪᠦᠬᠦᠢ ᠡᠪᠡᠳᠴᠢᠨ᠎ᠦ ᠢᠯᠡᠷᠡᠯ ᠭᠠᠷᠬᠤ ᠦᠶ᠎ᠡ᠎ᠳᠦ᠂ ᠬᠠᠯᠳᠠᠪᠤᠷᠢᠯᠠᠭᠳᠠᠭᠰᠠᠳ ᠵᠢᠴᠢ ᠡᠪᠡᠳᠴᠢᠨ᠎ᠤ ᠢᠯᠡᠷᠡᠯ ᠳᠠᠢ ᠬᠦᠮᠦᠰ ᠳᠠᠢ ᠣᠢᠷᠠᠲᠤᠬᠤ ᠪᠤᠶᠤ ᠰᠤᠪᠢᠯᠠᠬᠤ ᠦᠶ᠎ᠡ᠎ᠳᠦ ᠴᠥᠮ ᠰᠢᠨᠵᠢᠯᠡᠬᠦ ᠤᠬᠠᠭᠠᠨᠴᠢ᠎ᠪᠠᠷ ᠠᠮᠠᠪᠴᠢ ᠵᠡᠭᠦᠬᠦ ᠬᠡᠷᠡᠭᠲᠡᠢ᠃ ᠡᠭᠦᠨ᠎ᠡᠴᠡ ᠭᠠᠳᠠᠨ᠎ᠠ ᠡᠮᠨᠡᠯᠭᠡ᠎ᠶᠢᠨ ᠠᠵᠢᠯᠲᠠᠨ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭᠠᠨ᠎ᠤ ᠲᠠᠯᠠᠪᠤᠷ᠂ ᠬᠡᠲᠦ ᠳᠡᠯᠭᠡᠭᠦᠷ᠂ ᠢᠳᠡᠭᠡᠨ ᠤᠮᠳᠠᠭᠠᠨ ᠵᠢᠭᠤᠯᠴᠢᠯᠠᠯ᠂ ᠲᠦᠷᠭᠡᠨ ᠬᠦᠷᠭᠡᠯᠲᠡ ᠵᠡᠷᠭᠡ ᠣᠯᠠᠨ ᠨᠡᠶ᠋ᠢᠲᠡ᠎ᠶᠢᠨ ᠦᠢᠯᠡᠴᠢᠯᠡᠭᠡ ᠵᠢᠴᠢ ᠨᠢᠭ᠍ᠲᠠ ᠪᠢᠲᠡᠭᠦᠮᠵᠢᠯᠡᠭᠰᠡᠨ ᠲᠠᠯᠠᠪᠤᠷ ᠭᠠᠵᠠᠷ᠎ᠤᠨ ᠠᠵᠢᠯᠲᠠᠨ ᠴᠤ᠌ ᠵᠢᠷᠤᠮ ᠶᠤᠰᠤᠭᠠᠷ ᠠᠮᠠᠪᠴᠢ ᠵᠡᠭᠦᠬᠦ  ᠬᠡᠷᠡᠭᠲᠡᠢ ᠭᠡᠵᠡᠢ ᠃

《ᠣᠯᠠᠨ ᠨᠡᠶ᠋ᠢᠲᠡ᠎ᠶᠢᠨ ᠲᠠᠯᠠᠪᠤᠷ᠎ᠲᠤ ᠪᠠᠰᠠ ᠵᠠᠢ ᠪᠠᠷᠢᠬᠤ᠂ ᠰᠠᠯᠬᠢ ᠵᠢᠪᠠᠷ ᠨᠡᠪᠲᠡᠷᠡᠭᠦᠯᠬᠦ᠂ ᠠᠷᠢᠭᠤᠨ ᠴᠡᠪᠡᠷ᠎ᠢ ᠬᠠᠮᠠᠭᠠᠯᠠᠬᠤ ᠵᠡᠷᠭᠡ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠶᠢ ᠦᠷᠭᠦᠯᠵᠢᠯᠡᠨ ᠪᠠᠲᠤᠯᠠᠬᠤ ᠬᠡᠷᠡᠭᠲᠡᠢ》 ᠭᠡᠵᠦ ᠴᠠᠩ ᠵᠤᠤ ᠷᠦᠢ ᠬᠡᠯᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号