ᠪᠢᠳᠡᠨ ᠤ᠋ ᠡᠷᠡᠯᠬᠡᠭ ᠵᠣᠷᠢᠭ ᠠᠸ᠋ᠭ᠎ᠠ ᠰᠠᠨᠠᠭ᠎ᠠ
2023-01-13 16:14:57
ᠵᠣᠬᠢᠶᠠᠭ᠍ᠴᠢ᠄
ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

ᠵᠢᠯ ᠤ᠋ᠨ ᠡᠴᠦᠰ ᠪᠣᠯᠬᠤ ᠲᠠᠱᠢᠷᠠᠮ ᠵᠢᠡᠷ᠂ ᠥᠪᠥᠷ ᠮᠣᠩᠭᠣᠯ ᠤ᠋ᠨ ᠳ᠋ᠠ ᠴᠢᠤᠸᠠᠨ ᠱᠢᠨ᠎ᠡ ᠡᠨᠧᠷᠭᠢ ᠵᠢᠨ ᠬᠢᠵᠠᠭᠠᠷᠲᠤ ᠺᠣᠮᠫᠠᠨᠢ ᠵᠢᠨ ᠨᠠᠷᠢᠯᠢᠭ ᠨᠡᠷᠡᠬᠦ᠌ ᠦᠢᠯᠡᠳᠪᠦᠷᠢ ᠵᠢᠨ ᠲᠠᠰᠤᠭ ᠤ᠋ᠨ ᠲᠤᠨᠤᠭᠯᠠᠯ ᠤᠭ᠍ᠰᠠᠷᠠᠬᠤ ᠲᠤᠬᠠᠢ ᠵᠢᠨ ᠲᠠᠯᠠᠪᠠᠢ ᠨᠢ ᠮᠥᠨ ᠬᠦ᠌ ᠶᠠᠭᠠᠷᠠᠯᠲᠠᠢ ᠠᠵᠢᠯᠯᠠᠵᠦ ᠪᠠᠢᠯ᠎ᠠ᠃ ᠡᠨᠳᠡ ᠶᠠᠭ ᠪᠦᠬᠦ᠌ ᠪᠥᠮᠪᠥᠷᠴᠡᠭ ᠤ᠋ᠨ ᠬᠠᠮᠤᠭ ᠤ᠋ᠨ ᠶᠡᠬᠡ ᠦᠷᠢᠰᠦᠯᠳᠦᠬᠦ᠌ ᠬᠦᠴᠦᠨ᠎ᠲᠡᠶ ᠥᠨᠳᠥᠷ ᠴᠡᠪᠡᠷ ᠲᠠᠯᠠᠰᠲᠤ ᠴᠠᠬᠢᠭᠤᠷ ᠦᠢᠯᠡᠳᠪᠦᠷᠢᠯᠡᠬᠦ᠌ ᠠᠵᠤ ᠠᠬᠤᠢᠯᠠᠯ ᠪᠣᠯᠤᠨ ᠱᠢᠨ᠎ᠡ ᠡᠨᠧᠷᠭᠢ ᠵᠢᠨ ᠰᠠᠭᠤᠷᠢᠨ ᠢ᠋ ᠪᠠᠢᠭᠤᠯᠵᠤ ᠂ ᠪᠤᠭᠤᠲᠤ ᠵᠢᠨ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠰᠢᠨ᠎ᠡ ᠤᠨ᠎ᠢ ᠤᠬᠳᠤᠨ ᠬᠤᠷᠳᠤᠴᠠ ᠪᠠᠨ ᠲᠦᠷᠭᠡᠳᠭᠡᠵᠦ᠍ ᠪᠠᠢᠨ᠎ᠠ᠃

ᠦᠬᠠᠶ ᠬᠣᠲᠠ ᠠᠵᠤ ᠦᠶ᠋ᠯᠡᠰ ᠤ᠋ᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠶ᠋ᠢ ᠲᠦᠷᠭᠡᠳᠭᠡᠨ ᠠᠬᠢᠭᠤᠯᠬᠤ ᠲᠠᠯ᠎ᠠ ᠎ᠪᠠᠷ ᠳᠠᠬᠢᠨ ᠬᠦᠴᠦᠯᠡᠵᠦ᠍᠂  ᠶᠠᠰᠤ ᠴᠢᠨᠠᠷ ᠵᠢᠡᠨ ᠳᠡᠭᠡᠭ᠌ᠰᠢᠯᠡᠭᠦᠯᠵᠦ᠍᠂ 《ᠤᠰᠤᠲᠥ᠋ᠷᠥᠭ᠌ᠴᠢ ᠦᠶ᠋ᠯᠡᠳᠬᠦ᠌᠂ ᠤᠰᠤᠲᠥ᠋ᠷᠥᠭ᠌ᠴᠢ ᠬᠠᠳᠠᠭᠠᠯᠠᠬᠤ᠂ ᠤᠰᠤᠲᠥ᠋ᠷᠥᠭ᠌ᠴᠢ ᠬᠡᠷᠡᠭ᠌ᠯᠡᠬᠦ᠌ ᠵᠡᠷᠭᠡ ᠤᠰᠤᠲᠥ᠋ᠷᠥᠭ᠌ᠴᠢ ᠡᠨᠧᠷᠭᠢ ᠵᠢᠨ ᠠᠵᠤ ᠦᠶ᠋ᠯᠡᠰ ᠢ᠋ ᠶᠡᠬᠡ᠎ᠪᠡᠷ ᠬᠥᠭ᠌ᠵᠢᠭᠦᠯᠬᠦ᠌᠂ ᠤᠰᠤᠲᠥ᠋ᠷᠥᠭ᠌ᠴᠢ ᠵᠢᠨ ᠠᠵᠤ ᠠᠬᠤᠶ ᠵᠢᠨ ᠵᠢᠱ᠌ᠢᠶ᠎ᠡ ᠦᠵᠡᠭᠦᠯᠬᠦ᠌ ᠬᠣᠲᠠ ᠶ᠋ᠢ ᠡᠭᠦᠳᠦᠨ ᠪᠠᠢᠭᠤᠯᠬᠤ᠂ ᠪᠥᠬᠥ᠌ ᠤᠯᠤᠰ ᠤ᠋ᠨ 〈ᠰᠠᠯᠬᠢ ᠬᠡᠷᠡᠯ᠎ᠤᠰᠤᠲᠥ᠋ᠷᠥᠭ᠌ᠴᠢ ᠬᠠᠳᠠᠭᠠᠯᠠᠬᠤ ᠬᠡᠷᠡᠭ᠌ᠯᠡᠬᠦ᠌〉  ᠨᠢᠭᠡ ᠴᠣᠭ᠍ᠴᠠᠵᠢᠭ᠍ᠰᠠᠨ ᠵᠢᠱ᠌ᠢᠶ᠎ᠡ ᠦᠵᠡᠭᠦᠯᠬᠦ᠌ ᠣᠷᠣᠨ ᠢ᠋ ᠪᠠᠢᠭᠤᠯᠬᠤ》 《 ᠪᠥᠬᠥ᠌ ᠤᠯᠤᠰ ᠤ᠋ᠨ ᠴᠢᠬᠤᠯᠠ ᠪᠥᠬᠥᠶ ᠵᠠᠳᠠᠷᠠᠭᠤᠯᠵᠤ ᠪᠣᠯᠬᠤ ᠮᠠᠲ᠋ᠧᠷᠢᠶᠠᠯ ᠤ᠋ᠨ ᠰᠠᠭᠤᠷᠢᠨ ᠢ᠋ ᠬᠦᠴᠦᠯᠡᠨ ᠪᠠᠢᠭᠤᠯᠬᠤ᠂ ᠵᠠᠭᠤᠨ ᠲᠦᠮᠡᠨ ᠲᠣᠨ᠎ᠤ ᠲᠠᠰ ᠤ᠋ᠨ ᠣᠷᠭᠠᠨᠢᠭ ᠴᠠᠬᠢᠭᠤᠷ ᠤ᠋ᠨ ᠠᠵᠤ ᠦᠶ᠋ᠯᠡᠰ ᠤ᠋ᠨ ᠰᠠᠭᠤᠷᠢᠨ ᠢ᠋ ᠪᠠᠢᠭᠤᠯᠬᠤ》 ᠵᠡᠷᠭᠡ ᠬᠠᠷᠠᠯᠲᠠ ᠲᠡᠢᠰᠢ ᠪᠥᠬᠥ᠌ ᠬᠦᠴᠦᠨ ᠵᠢᠡᠷ ᠵᠢᠡᠨ ᠤᠷᠤᠭ᠍ᠰᠢᠯᠠᠵᠤ᠂ ᠬᠥᠭ᠌ᠵᠢᠯᠲᠡ ᠵᠢᠨ ᠱᠢᠨ᠎ᠡ ᠬᠦᠷᠢᠶ᠎ᠡ ᠴᠠᠷᠠᠭ᠎ᠠ᠂ ᠱᠢᠨ᠎ᠡ ᠵᠠᠮ ᠢ᠋ ᠨᠡᠭᠡᠭᠡᠪᠡ᠃

ᠬᠢᠩᠭᠠᠨ ᠠᠢᠮᠠᠭ ᠤ᠋ᠨ ᠵᠠᠯᠠᠢᠳ ᠬᠣᠱᠢᠭᠤᠨ᠎ᠤ ᠸᠧᠢ ᠵᠢᠶᠠ ᠠᠮᠤ ᠪᠤᠳᠠᠭ᠎ᠠ ᠵᠢᠨ ᠦᠢᠯᠡᠰ ᠤ᠋ᠨ ᠬᠢᠵᠠᠭᠠᠷᠲᠤ ᠺᠣᠮᠫᠠᠨᠢ ᠵᠢᠨ ᠡᠳ᠋ᠱᠢᠭᠦᠯᠦᠨ ᠪᠣᠯᠪᠠᠰᠤᠷᠠᠭᠤᠯᠬᠤ ᠲᠠᠰᠤᠭ᠎ᠲᠤ᠂ ᠲᠤᠲᠤᠷᠭ᠎ᠠ ᠡᠳ᠋ᠱᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤ᠋ᠨ ᠱᠤᠭᠤᠮ ᠪᠦᠬᠦ᠌ ᠬᠦᠴᠦᠨ ᠵᠢᠡᠷ ᠵᠢᠡᠨ ᠠᠵᠢᠯᠯᠠᠵᠤ᠂ ᠨᠡᠢᠰᠯᠡᠯ ᠬᠤᠳᠠ ᠵᠢᠨ ᠠᠷᠠᠳ ᠤᠳᠠᠯ ᠦᠭᠡᠢ ᠥᠪᠡᠷ ᠤ᠋ᠨ ᠲᠠᠨᠢᠵᠤ ᠠᠪᠤᠭᠰᠠᠨ ᠲᠤᠲᠤᠷᠭᠠᠨ ᠲᠠᠷᠢᠶᠠᠨ᠎ᠳᠠᠬᠢ ᠠᠮᠲᠠᠲᠤ 《ᠵᠠᠯᠠᠢᠳ ᠤ᠋ᠨ ᠲᠤᠲᠤᠷᠭ᠎ᠠ》 ᠪᠡᠨ ᠠᠮᠲᠠᠯᠠᠬᠤ ᠪᠣᠯᠤᠨ᠎ᠠ᠃

ᠪᠣᠳᠠᠲᠠᠢ ᠠᠵᠢᠯᠯᠠᠬᠤ ᠨᠢ ᠲᠤᠢᠯ ᠤ᠋ᠨ ᠴᠢᠬᠤᠯᠠ᠃ ᠪᠦᠬᠦ ᠤᠷᠤᠨ ᠵᠢᠡᠷ ᠵᠢᠡᠨ ᠴᠢᠨᠠᠷ ᠰᠠᠢᠲᠠᠶ ᠬᠥᠭ᠌ᠵᠢᠯᠲᠡ ᠵᠢᠨ ᠪᠠᠢᠯᠳᠤᠬᠤ ᠪᠣᠳᠣᠯᠭ᠎ᠠ ᠵᠢᠨ ᠲᠣᠭ᠍ᠲᠠᠯ ᠬᠦᠴᠦᠨ ᠵᠢᠡᠨ ᠢᠮᠠᠭ᠍ᠲᠠ ᠪᠠᠲᠤᠯᠠᠵᠤ᠂ ᠠᠵᠤ ᠠᠬᠤᠶ ᠨᠡᠢᠭᠡᠮ ᠤ᠋ᠨ ᠡᠯ᠎ᠡ ᠵᠦᠶ᠋ᠯ ᠤ᠋ᠨ ᠠᠵᠢᠯ ᠦᠶ᠋ᠯᠡᠰ ᠱᠢᠨ᠎ᠡ ᠠᠯᠬᠤᠮ ᠢ᠋ ᠠᠯᠬᠤᠵᠤ᠂ ᠱᠢᠨ᠎ᠡ ᠳᠦᠷᠰᠦ ᠪᠠᠢᠳᠠᠯ ᠢ᠋ ᠬᠠᠷᠠᠭᠤᠯᠪᠠ᠃

ᠱᠢᠨ᠎ᠡ ᠡᠬᠢᠯᠡᠯᠲᠡ᠂ ᠱᠢᠨ᠎ᠡ ᠲᠡᠮᠡᠴᠡᠯ᠃ 1 ᠰᠠᠷ᠎ᠠ ᠵᠢᠨ 12 ᠤ᠋ᠨ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠡᠬᠢᠯᠡᠵᠦ᠍᠂ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ᠎ᠳᠦ ᠣᠷᠭᠢᠯᠤᠮ᠎ᠠ ᠰᠡᠳᠭᠢᠯᠭᠡ ᠪᠠ ᠬᠦᠰᠡᠯ ᠵᠡᠭᠦᠳᠦ ᠪᠢᠯᠬᠠᠭ᠍ᠰᠠᠨ ᠬᠥᠭ᠌ᠵᠢᠯᠲᠡ ᠵᠢᠨ ᠵᠢᠷᠤᠭ ᠲᠥᠰᠦᠪ ᠢ᠋ ᠵᠢᠷᠤᠭ᠍ᠯᠠᠪᠠ᠃

ᠥᠪᠥᠷ ᠮᠣᠩᠭᠣᠯ ᠤ᠋ᠨ ᠡᠨᠧᠷᠭᠢ᠂ ᠡᠬᠢ ᠪᠠᠶᠠᠯᠢᠭ᠂ ᠭᠠᠵᠠᠷ ᠣᠷᠣᠨ᠂ ᠨᠤᠲᠤᠭ ᠳᠡᠪᠢᠰᠭᠡᠷ ᠵᠡᠷᠭᠡ ᠲᠠᠯ᠎ᠠ ᠵᠢᠨ ᠶᠡᠷᠦᠩᠬᠡᠢᠯᠡᠭ᠌ᠰᠡᠨ ᠳᠠᠪᠠᠭᠤᠯᠢᠭ ᠨᠢ ᠪᠦᠬᠦ᠌ ᠤᠯᠤᠰ ᠤ᠋ᠨ ᠠᠩᠬᠠᠷᠤᠯ ᠢ᠋ ᠲᠠᠲᠠᠵᠤ᠂ ᠮᠠᠨ᠎ᠤ ᠠᠤᠭ᠎ᠠ ᠰᠠᠨᠠᠭ᠎ᠠ ᠡᠷᠡᠯᠬᠡᠭ ᠵᠣᠷᠢᠭ ᠢ᠋ ᠨᠡᠩ ᠡᠷᠴᠢ ᠬᠦᠴᠦᠨ᠎ᠲᠡᠶ᠂ ᠨᠡᠩ ᠢᠲᠡᠭᠡᠯ᠎ᠲᠡᠶ ᠪᠣᠯᠭᠠᠵᠠᠢ᠃

ᠥᠪᠥᠷ ᠮᠣᠩᠭᠣᠯ ᠤ᠋ᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ᠎ᠳᠤ ᠬᠥᠭ᠌ᠵᠢᠯᠲᠡ᠎ᠪᠡᠨ ᠲᠦᠷᠭᠡᠳᠭᠡᠬᠦ᠌᠂ ᠬᠥᠭ᠌ᠵᠢᠯᠲᠡ ᠶ᠋ᠢ ᠶᠡᠬᠡ᠎ᠪᠡᠷ ᠠᠳᠭᠤᠬᠤ ᠣᠢᠯᠠᠭᠠᠭ᠍ᠳᠠᠬᠤᠨ ᠢ᠋ ᠪᠤᠢ ᠪᠣᠯᠭᠠᠵᠤ᠂ ᠵᠣᠷᠢᠭ᠍ᠲᠠᠢ᠎ᠪᠠᠷ ᠭᠦᠢᠴᠡᠨ ᠳᠠᠪᠠᠵᠤ ᠣᠷᠣᠢᠯᠠᠬᠤ᠎ᠪᠠᠷ ᠴᠢᠷᠮᠠᠢᠵᠤ᠂ ᠪᠦᠬᠦ᠌ ᠤᠯᠤᠰ ᠤ᠋ᠨ ᠬᠥᠭ᠌ᠵᠢᠯᠲᠡ ᠵᠢᠨ ᠶᠡᠬᠡ ᠲᠠᠯ᠎ᠠ᠎ᠳᠠᠬᠢ ᠬᠤᠪᠢ ᠵᠢᠨ ᠵᠢᠩ ᠪᠠ ᠪᠠᠢᠷᠢ ᠳᠠᠷᠠᠭᠠᠯᠠᠯ ᠢ᠋ ᠴᠢᠷᠮᠠᠢᠨ ᠳᠡᠭᠡᠭ᠌ᠰᠢᠯᠡᠭᠦᠯᠬᠦ᠌ ᠬᠡᠷᠡᠭ᠌ᠲᠡᠢ᠃ 《ᠶᠡᠷᠦᠩᠬᠡᠶ ᠬᠡᠮᠵᠢᠶ᠎ᠡ ᠶ᠋ᠢ ᠨᠡᠮᠡᠭ᠌ᠳᠡᠭᠦᠯᠵᠦ᠍᠂ ᠡᠳ᠋ ᠬᠥᠷᠥᠩᠭᠡ ᠶ᠋ᠢ ᠭᠦᠢᠴᠡᠳ ᠬᠤᠷᠠᠮᠳᠤᠭᠤᠯᠬᠤ》 ᠨᠢ ᠲᠥᠯᠥᠭᠡᠯᠡᠭ᠌ᠴᠢᠳ ᠂ ᠭᠡᠱᠢᠭᠦᠳ ᠤ᠋ᠨ ᠶᠠᠷᠢᠶᠠᠨ᠎ᠤ ᠬᠠᠯᠠᠮᠱᠢᠯ ᠦᠭᠡ ᠪᠤᠯᠵᠠᠢ᠃

ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠲᠥᠯᠥᠭᠡᠯᠡᠭ᠌ᠴᠢ᠂ ᠤᠯᠠᠭᠠᠨᠬᠠᠳᠠ ᠬᠣᠲᠠ ᠵᠢᠨ ᠨᠠᠮ ᠤ᠋ᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠸᠠᠩ ᠸᠠᠩ ᠱᠧᠩ ᠢᠯᠡᠷᠬᠡᠢᠯᠡᠬᠦ᠌᠎ᠳᠡᠭᠡᠨ᠂ 2023 ᠣᠨ᠎ᠳᠤ᠂ ᠤᠯᠠᠭᠠᠨᠬᠠᠳᠠ ᠬᠣᠲᠠ ᠥᠪᠡᠷᠲᠡᠭᠡᠨ ᠵᠠᠰᠠᠬᠤ ᠣᠷᠣᠨ᠎ᠤ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠷᠣᠨ ᠪᠦᠰᠡ ᠵᠢᠨ ᠠᠵᠤ ᠠᠬᠤᠶ ᠵᠢᠨ ᠬᠥᠭ᠌ᠵᠢᠯᠲᠡ ᠵᠢᠨ ᠨᠡᠮᠡᠭ᠌ᠳᠡᠯ ᠤ᠋ᠨ ᠲᠤᠢᠯ ᠢ᠋ ᠴᠢᠷᠮᠠᠢᠨ ᠪᠣᠶ ᠪᠣᠯᠭᠠᠨ᠎ᠠ ᠭᠡᠵᠡᠶ᠃ ᠠᠵᠤ ᠠᠬᠤᠢ ᠶ᠋ᠢ ᠲᠣᠭ᠍ᠲᠠᠭᠤᠨ ᠪᠠᠢᠯᠭᠠᠬᠤ᠎ᠳᠤ ᠠᠩᠬᠠᠷᠤᠯ ᠵᠢᠡᠨ ᠲᠥᠪᠯᠡᠷᠡᠭᠦᠯᠵᠦ᠍᠂ 《 ᠬᠣᠣᠰ ᠮᠢᠩᠭ᠎ᠠ 》 ᠵᠢᠨ ᠢᠨᠵᠧᠨᠧᠷᠢᠩ ᠢ᠋ ᠪᠦᠬᠦ᠌ ᠬᠦᠴᠦᠨ ᠵᠢᠡᠷ ᠬᠡᠷᠡᠭᠵᠢᠭᠦᠯᠦᠨ᠂ ᠱᠢᠨ᠎ᠡ᠎ᠪᠡᠷ ᠪᠠᠢᠭᠤᠯᠬᠤ ᠭᠣᠣᠯᠳᠠᠯᠭ᠎ᠠ᠎ᠲᠠᠶ ᠲᠥᠷᠥᠯ ᠵᠦᠢᠯ ᠤ᠋ᠨ ᠡᠮᠦᠨᠡᠬᠢ ᠬᠤᠭᠤᠴᠠᠭᠠᠨ᠎ᠤ ᠭᠠᠷᠳᠠᠮ ᠭᠦᠢᠴᠡᠳᠭᠡᠬᠦ᠌ ᠲᠥᠪᠯᠡᠷᠡᠭᠦᠯᠦᠨ ᠪᠣᠭᠣᠮᠲᠠ ᠱᠢᠪᠲᠤᠯᠬᠤ ᠶ᠋ᠢ ᠲᠦᠷᠭᠡᠳᠭᠡᠨ ᠠᠬᠢᠭᠤᠯᠵᠤ᠂ ᠵᠢᠯ ᠤ᠋ᠨ ᠳᠣᠲᠣᠷ᠎ᠠ 1000 ᠳ᠋ᠦᠩᠱᠢᠭᠤᠷ ᠲᠥᠭᠥᠷᠢᠭ ᠤ᠋ᠨ ᠭᠣᠣᠯᠳᠠᠯᠭ᠎ᠠ᠎ᠲᠠᠶ ᠲᠥᠷᠥᠯ ᠵᠦᠢᠯ ᠤ᠋ᠨ ᠪᠡᠯᠡ ᠣᠷᠣᠭᠤᠯᠤᠯᠲᠠ ᠶ᠋ᠢ ᠪᠡᠶᠡᠯᠡᠭᠦᠯᠦᠨ᠎ᠡ᠃ ᠨᠠᠷᠢᠯᠢᠭ ᠣᠨᠣᠴᠠᠲᠠᠶ᠎ᠪᠠᠷ ᠠᠷᠠᠯᠵᠢᠶᠠᠴᠢᠨ ᠤᠷᠢᠬᠤ ᠶ᠋ᠢ ᠶᠡᠬᠡ ᠪᠡᠷ ᠬᠡᠷᠡᠭ᠌ᠵᠢᠭᠦᠯᠵᠦ᠍᠂ 1000 ᠡᠴᠡ ᠳᠡᠭᠡᠭᠰᠢ ᠠᠷᠠᠯᠵᠢᠶᠠᠴᠢᠨ ᠤᠷᠢᠬᠤ ᠲᠥᠷᠥᠯ ᠵᠦᠶ᠋ᠯ ᠢ᠋ ᠭᠡᠷ᠎ᠡ ᠲᠣᠭ᠍ᠲᠠᠨ ᠨᠠᠢᠳᠠᠪᠤᠷᠢᠵᠢᠭᠤᠯᠵᠤ᠂ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢ ᠠᠬᠢᠭᠤᠯᠵᠤ᠂ ᠠᠵᠤ ᠠᠬᠤᠶ ᠵᠢᠨ ᠬᠥᠭ᠌ᠵᠢᠯᠲᠡ ᠶ᠋ᠢ ᠲᠣᠭ᠍ᠲᠠᠪᠤᠷᠢᠵᠢᠭᠤᠯᠬᠤ ᠶ᠋ᠢ ᠲᠤᠯᠭᠠᠭᠤᠷᠢᠯᠠᠪᠠ᠃ ᠡᠭᠦᠨ ᠤ᠋ ᠬᠠᠮᠲᠤ᠂ ᠶᠠᠰᠤ ᠴᠢᠨᠠᠷ ᠦᠷ᠎ᠡ ᠠᠱᠢᠭ ᠢ᠋ ᠳᠡᠭᠡᠭ᠌ᠰᠢᠯᠡᠭᠦᠯᠬᠦ᠌᠎ᠳᠦ ᠠᠩᠬᠠᠷᠤᠯ ᠵᠢᠡᠨ ᠲᠥᠪᠯᠡᠷᠡᠭᠦᠯᠦᠨ᠂  ᠡᠬᠢ ᠪᠠᠶᠠᠯᠢᠭ ᠤ᠋ᠨ ᠳᠠᠪᠠᠭᠤᠯᠢᠭ ᠪᠠ ᠠᠵᠤ ᠦᠶ᠋ᠯᠡᠰ ᠤ᠋ᠨ ᠰᠠᠭᠤᠷᠢ᠎ᠳᠠᠭᠠᠨ ᠰᠠᠭᠤᠷᠢᠯᠠᠨ᠂ ᠮᠢᠩᠭᠠᠨ ᠲᠦᠮᠡᠨ ᠺᠢᠯᠦᠸᠠᠲ ᠤ᠋ᠨ ᠲᠠᠰ ᠤ᠋ᠨ ᠴᠡᠪᠡᠷ ᠡᠨᠧᠷᠭᠢ ᠵᠢᠨ ᠰᠠᠭᠤᠷᠢᠨ ᠢ᠋ ᠲᠦᠷᠭᠡᠳᠭᠡᠨ ᠪᠠᠢᠭᠤᠯᠵᠤ᠂ ᠲᠡᠮᠦᠷᠯᠢᠭ ᠬᠠᠢᠯᠤᠭᠤᠯᠬᠤ ᠠᠵᠤ ᠦᠶ᠋ᠯᠡᠰ ᠤ᠋ᠨ ᠦᠶ᠋ᠯᠡᠳᠬᠦᠨ ᠤ᠋ ᠥᠷᠲᠡᠭ ᠢ᠋ ᠮᠢᠩᠭᠠᠨ ᠳ᠋ᠦᠩᠱᠢᠭᠤᠷ᠎ᠠᠴᠠ ᠳᠠᠪᠠᠭᠤᠯᠬᠤ ᠶ᠋ᠢ ᠬᠦᠴᠦᠯᠡᠨ ᠠᠬᠢᠭᠤᠯᠵᠤ᠂ ᠬᠢᠮᠢ ᠵᠢᠨ ᠠᠵᠤ ᠦᠶ᠋ᠯᠡᠳᠪᠦᠷᠢ᠂ ᠠᠮᠢᠳᠤ ᠪᠣᠳᠠᠰ ᠤ᠋ᠨ ᠡᠮ ᠡᠮᠨᠡᠯᠭᠡ᠂ ᠢᠳᠡᠭᠡᠨ ᠤ᠋ ᠵᠦᠶ᠋ᠯ ᠢ᠋ ᠪᠣᠯᠪᠠᠰᠤᠷᠠᠭᠤᠯᠬᠤ᠂ ᠡᠯᠧᠺᠲ᠋ᠷᠣᠨ ᠮᠡᠳᠡᠭᠡ ᠵᠠᠩᠭᠢ ᠪᠠ ᠱᠢᠨ᠎ᠡ ᠮᠠᠲ᠋ᠧᠷᠢᠶᠠᠯ ᠵᠡᠷᠭᠡ ᠵᠠᠭᠤᠨ ᠳ᠋ᠦᠩᠱᠢᠭᠤᠷ ᠤ᠋ᠨ ᠲᠠᠰ ᠤ᠋ᠨ ᠠᠵᠤ ᠦᠶ᠋ᠯᠡᠰ ᠤ᠋ᠨ ᠪᠦᠯᠦᠭᠵᠢᠯ ᠢ᠋ ᠬᠦᠴᠦ᠍᠎ᠪᠡᠨ ᠲᠥᠪᠯᠡᠷᠡᠭᠦᠯᠦᠨ ᠪᠣᠢᠵᠢᠭᠤᠯᠵᠤ᠂ ᠠᠵᠤ ᠠᠬᠤᠶ ᠵᠢᠨ ᠶᠡᠷᠦᠩᠬᠡᠶ ᠬᠡᠮᠵᠢᠶ᠎ᠡ ᠶ᠋ᠢ ᠪᠤᠵᠠᠭᠠᠢᠷᠠᠭᠤᠯᠤᠨ᠂ ᠬᠥᠭ᠌ᠵᠢᠯᠲᠡ ᠵᠢᠨ ᠴᠢᠳᠠᠪᠤᠷᠢ ᠵᠢᠨ ᠲᠠᠰ ᠢ᠋ ᠳᠡᠭᠡᠭ᠌ᠰᠢᠯᠡᠭᠦᠯᠦᠨ᠎ᠡ᠃ ᠨᠡᠭᠡᠭᠡᠯᠲᠡ ᠬᠢᠬᠦ᠌ ᠶ᠋ᠢ ᠠᠬᠢᠭᠤᠯᠬᠤ᠎ᠳᠤ ᠠᠩᠬᠠᠷᠤᠯ ᠵᠢᠡᠨ ᠲᠥᠪᠯᠡᠷᠡᠭᠦᠯᠵᠦ᠍᠂ ᠤᠯᠠᠭᠠᠨᠬᠠᠳᠠ ᠲᠦᠩᠯᠢᠶᠣᠤ ᠵᠢᠨ 《ᠵᠦᠢᠷᠡᠢ ᠣᠳᠣᠨ ᠣᠷᠣᠨ》 ᠤ᠋ ᠪᠠᠢᠯᠳᠤᠬᠤ ᠪᠣᠳᠣᠯᠭ᠎ᠠ ᠵᠢᠨ ᠠᠵᠠ ᠲᠣᠬᠢᠶᠠᠯ ᠢ᠋ ᠵᠠᠪᠳᠤᠨ ᠠᠳᠭᠤᠵᠤ᠂ ᠤᠯᠠᠭᠠᠨᠬᠠᠳᠠ᠎ᠠᠴᠠ ᠴᠧᠩ ᠳ᠋ᠧ ᠬᠥᠷᠬᠥ᠌ ᠲᠦᠷᠭᠡᠨ ᠤ᠋ ᠲᠡᠮᠦᠷ ᠵᠠᠮ ᠤ᠋ᠨ ᠪᠡᠭᠡᠵᠢᠩ᠎ᠳᠦ ᠣᠷᠣᠵᠤ ᠱᠢᠨ᠎ᠡ ᠨᠡᠪᠲᠡᠷᠡᠬᠦ᠌ ᠵᠠᠮ ᠢ᠋ ᠲᠥᠯᠥᠪᠵᠢᠭᠦᠯᠦᠨ ᠠᠬᠢᠭᠤᠯᠵᠤ᠂ ᠣᠷᠣᠰ ᠮᠣᠩᠭᠣᠯ᠎ᠤᠨ ᠪᠤᠭᠤᠮᠳᠠ ᠲᠡᠮᠦᠷ ᠵᠠᠮ ᠤ᠋ᠨ ᠬᠣᠯᠪᠣᠭᠠᠯᠠᠨ ᠲᠡᠭᠡᠭᠡᠪᠦᠷᠢᠯᠡᠬᠦ᠌ ᠵᠢ ᠠᠬᠢᠭᠤᠯᠤᠨ᠂ ᠳᠤᠮᠳᠠᠳᠤ ᠧᠦ᠋ᠷᠣᠫᠠ ᠵᠢᠨ ᠵᠢᠱᠢᠶᠠᠨ᠎ᠤ ᠭᠠᠯᠲᠤ ᠲᠡᠷᠭᠡ 《ᠤᠯᠠᠭᠠᠨᠬᠠᠳᠠ ᠨᠡᠷᠡᠮᠵᠢᠲᠦ》 ᠶ᠋ᠢ ᠨᠡᠪᠲᠡᠷᠡᠭᠦᠯᠬᠦ᠌ ᠤᠳᠠᠭ᠎ᠠ ᠶ᠋ᠢ ᠨᠡᠮᠡᠭᠳᠡᠭᠦᠯᠵᠤ᠂ ᠤᠯᠤᠰ ᠤ᠋ᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ ᠢ᠋ ᠭᠤᠶᠤᠴᠢᠯᠠᠨ ᠪᠠᠢᠭᠤᠯᠬᠤ ᠶ᠋ᠢ ᠲᠦᠷᠭᠡᠳᠭᠡᠨ᠂ ᠣᠷᠣᠨ ᠪᠦᠰᠡ ᠵᠢᠨ ᠪᠠᠷᠠᠭ᠎ᠠ ᠴᠤᠭ᠍ᠯᠠᠭᠤᠯᠬᠤ ᠲᠥᠪ ᠪᠠ ᠪᠣᠯᠪᠠᠰᠤᠷᠠᠭᠤᠯᠬᠤ ᠰᠠᠭᠤᠷᠢᠨ ᠢ᠋ ᠪᠠᠢᠭᠤᠯᠵᠤ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠵᠠᠩᠭᠢᠯᠠᠭ᠎ᠠ ᠵᠢᠨ ᠬᠣᠲᠠ ᠶ᠋ᠢ ᠪᠠᠢᠭᠤᠯᠤᠨ᠎ᠠ᠃

ᠲᠦᠷᠦ ᠪᠠᠷᠢᠬᠤ ᠶ᠋ᠢᠨ ᠵᠠᠩᠭᠢᠯᠠᠭ᠎ᠠ ᠨᠢ ᠬᠦᠮᠦᠨ ᠢ᠋ ᠤᠯᠬᠤ ᠳ᠋ᠦ ᠪᠤᠢ ᠃ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ ᠂ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ  ( ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ )  ᠶ᠋ᠢᠨ ᠳᠡᠳ᠋ ᠵᠠᠬᠢᠷᠤᠯ ᠯᠢ ᠶᠦᠩ ᠱᠧᠩ ᠤ᠋ᠨ ᠦᠵᠡᠬᠦ ᠪᠡᠷ ᠂ ᠲᠡᠦᠬᠡ ᠶ᠋ᠢᠨ ᠱᠢᠨ᠎ᠡ ᠭᠠᠷᠤᠭ᠎ᠠ ᠡᠴᠡ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠳ᠋ᠦ ᠡᠷᠬᠡᠪᠰᠢ ᠤᠯᠤᠰ ᠲᠥᠷᠥ ᠶ᠋ᠢᠨ ᠲᠠᠯ᠎ᠠ᠎ᠪᠠᠷ ᠪᠠᠲᠤ ᠴᠢᠩᠭ᠎ᠠ ᠂ ᠱᠢᠨ᠎ᠡ ᠴᠠᠭ ᠦᠶ᠎ᠡ ᠶ᠋ᠢᠨ ᠱᠠᠭᠠᠷᠳᠠᠯᠭ᠎ᠠ ᠳ᠋ᠦ ᠵᠣᠬᠢᠴᠠᠭ᠍ᠰᠠᠨ ᠂ ᠣᠳᠣᠬᠢᠴᠢᠯᠠᠬᠤ ᠪᠥᠲᠥᠭᠡᠨ ᠪᠠᠢᠭᠤᠯᠤᠯᠲᠠ ᠶ᠋ᠢᠨ ᠴᠢᠳᠠᠪᠤᠷᠢ᠎ᠲᠠᠶ ᠺᠠᠳ᠋ᠷ ᠤ᠋ᠨ ᠡᠩᠨᠡᠭᠡ ᠪᠠᠢᠬᠤ ᠬᠡᠷᠡᠭ᠌ᠲᠡᠶ ᠃ ᠪᠦᠬᠦ᠌ ᠣᠷᠣᠨ ᠤ᠋ ᠺᠠᠳ᠋ᠷ ᠤ᠋ᠨ ᠬᠥᠮᠦᠵᠢᠯ ᠪᠣᠯᠪᠠᠰᠤᠷᠠᠯ ᠤ᠋ᠨ ᠭᠣᠣᠯ ᠠᠷᠭ᠎ᠠ ᠵᠠᠮ ᠭᠣᠣᠯ ᠵᠢᠭ᠍ᠰᠠᠯ ᠤ᠋ᠨ ᠭᠠᠵᠠᠷ ᠪᠣᠯᠤᠭ᠍ᠰᠠᠨ ᠤ᠋ ᠬᠤᠪᠢ ᠳ᠋ᠦ ᠂ ᠡᠯ᠎ᠡ ᠱᠠᠲᠤᠨ ᠤ᠋ ᠨᠠᠮ ᠤ᠋ᠨ ᠰᠤᠷᠭᠠᠭᠤᠯᠢ  (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ ) ᠲᠤᠱᠢᠶᠠᠯ ᠬᠠᠷᠢᠭᠤᠴᠠᠯᠭ᠎ᠠ ᠪᠠᠢᠷᠢ ᠲᠣᠭ᠍ᠲᠠᠭᠠᠯᠲᠠ᠎ᠪᠠᠨ ᠴᠢᠨᠠᠭ᠍ᠰᠢᠳᠠ ᠲᠣᠳᠣᠷᠬᠠᠢᠯᠠᠵᠤ ᠂ ᠺᠠᠳ᠋ᠷ ᠢ᠋ ᠬᠦᠮᠦᠵᠢᠭᠦᠯᠬᠦ ᠂ ᠦᠵᠡᠯ ᠰᠠᠨᠠᠭ᠎ᠠ᠎ᠪᠠᠷ ᠬᠦᠳᠦᠯᠥᠨ ᠳᠠᠭᠠᠭᠤᠯᠬᠤ ᠂ ᠤᠨᠤᠯ ᠤ᠋ᠨ ᠰᠤᠳᠤᠯᠭᠠᠨ ᠬᠢᠬᠦ᠌ ᠂ ᠱᠢᠢᠳᠪᠦᠷᠢᠲᠦ ᠪᠤᠳᠤᠯᠭ᠎ᠠ ᠯᠠᠪᠯᠠᠭ᠎ᠠ ᠥᠭ᠌ᠬᠦ ᠲᠠᠯ᠎ᠠ᠎ᠪᠠᠷ ᠬᠢ ᠴᠢᠬᠤᠯᠠ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠥᠷᠭᠡᠨ ᠤᠯᠠᠨ ᠺᠠᠳ᠋ᠷ ᠢ᠋ ᠬᠥᠮᠦᠵᠢᠭᠦᠯᠦᠨ ᠳᠠᠭᠠᠭᠤᠯᠵᠤ ᠪᠠᠢᠭᠠᠳ ᠦᠨᠡᠨᠴᠢ ᠱᠢᠳᠤᠷᠭᠤ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍ ᠂ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ᠶ᠋ᠠᠨ ᠲᠥᠪ ᠪᠣᠯᠭᠠᠵᠤ ᠂ ᠠᠵᠢᠯ ᠤ᠋ᠨ ᠨᠠᠢᠳᠠᠪᠤᠷᠢᠵᠢᠭᠤᠯᠤᠯᠲᠠ ᠵᠢ ᠴᠢᠩᠭ᠎ᠠ ᠠᠳᠭᠤᠵᠤ ᠂ ᠶᠡᠷᠦᠩᠬᠡᠢ ᠱᠦᠵᠢ ᠶ᠋ᠢᠨ ᠥᠪᠥᠷ ᠮᠣᠩᠭᠣᠯ ᠳ᠋ᠦ ᠲᠤᠱᠢᠶᠠᠭ᠍ᠰᠠᠨ ᠲᠠᠪᠤᠨ ᠶᠡᠬᠡ ᠡᠭᠦᠷᠭᠡ ᠵᠢ ᠴᠢᠷᠮᠠᠢᠨ ᠪᠡᠶᠡᠯᠡᠭᠦᠯᠵᠦ᠍ ᠂  《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》  ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠡᠷᠡᠭ᠌ᠲᠡᠢ ᠃ ᠵᠢᠭᠠᠨ ᠰᠤᠷᠭᠠᠯᠲᠠ ᠶ᠋ᠢᠨ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠍ ᠂ ᠦᠵᠦ᠍ ᠲᠥᠯᠥᠪᠯᠡᠭᠡ ᠵᠢ ᠴᠢᠩᠭᠠᠳᠭᠠᠵᠤ ᠂ ᠺᠠᠳ᠋ᠷ ᠤ᠋ᠨ ᠤᠯᠤᠰ ᠲᠦᠷᠦ᠍ ᠶ᠋ᠢᠨ ᠴᠢᠳᠠᠪᠤᠷᠢ ᠂ ᠠᠵᠤ ᠠᠬᠤᠢ ᠵᠢ ᠠᠳᠭᠤᠵᠤ ᠬᠥᠭ᠌ᠵᠢᠯᠲᠡ ᠵᠢ ᠠᠳᠭᠤᠬᠤ ᠴᠢᠳᠠᠪᠤᠷᠢ ᠪᠣᠯᠤᠨ ᠲᠤᠰᠭᠠᠢᠵᠢᠭ᠍ᠰᠠᠨ ᠴᠢᠳᠠᠪᠤᠷᠢ ᠵᠡᠷᠭᠡ ᠲᠠᠯ᠎ᠠ᠎ᠪᠠᠷ ᠣᠷᠣᠱᠢᠵᠤ ᠪᠠᠢᠭ᠎ᠠ ᠳᠤᠲᠠᠭᠤᠳᠠᠯ ᠬᠦᠷᠦᠯᠴᠡᠬᠦ᠌ ᠦᠭᠡᠢ ᠲᠠᠯ᠎ᠠ ᠳ᠋ᠦ ᠠᠩᠬᠠᠷᠤᠯ ᠢ᠋ᠶ᠋ᠠᠨ ᠲᠥᠪᠯᠡᠷᠡᠭᠦᠯᠵᠦ᠍ ᠂ ᠵᠢᠭᠠᠨ ᠰᠤᠷᠭᠠᠯᠲᠠ ᠶ᠋ᠢᠨ ᠬᠢᠴᠢᠶᠡᠯ ᠤ᠋ᠨ ᠱᠢᠰᠲ᠋ᠧᠮ ᠢ᠋ ᠪᠠᠶᠠᠯᠢᠭ᠍ᠵᠢᠭᠤᠯᠵᠤ ᠂ ᠪᠣᠯᠪᠠᠰᠤᠷᠠᠯ ᠤ᠋ᠨ ᠠᠷᠭ᠎ᠠ ᠬᠡᠯᠪᠡᠷᠢ ᠵᠢ ᠰᠠᠢᠵᠢᠷᠠᠭᠤᠯᠵᠤ ᠂ ᠥᠷᠭᠡᠨ ᠤᠯᠠᠨ ᠺᠠᠳ᠋ᠷ ᠤ᠋ᠨ ᠤᠬᠠᠮᠰᠠᠷ ᠡᠴᠡ᠎ᠪᠠᠨ ᠨᠠᠮ ᠤ᠋ᠨ ᠱᠢᠨ᠎ᠡ ᠵᠢ ᠡᠭᠦᠳᠦᠭ᠌ᠰᠡᠨ ᠤᠨᠤᠯ ᠢ᠋ᠶ᠋ᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍ ᠂ ᠦᠢᠯᠡᠳᠦᠯᠭᠡ᠎ᠪᠡᠨ ᠵᠢᠯᠤᠭᠤᠳᠤᠭᠤᠯᠵᠤ ᠂ ᠠᠵᠢᠯ ᠢ᠋ᠶ᠋ᠠᠨ ᠠᠬᠢᠭᠤᠯᠬᠤ ᠬᠡᠷᠡᠭ᠌ᠲᠡᠢ ᠃

ᠭᠡᠷᠡᠯ ᠰᠠᠴᠤᠷᠠᠩᠭᠤᠶ ᠲᠡᠥᠬᠡ ᠦᠷᠭᠦᠯᠵᠢᠯᠡᠵᠦ᠍ ᠪᠠᠢᠨ᠎ᠠ ᠂ ᠭᠡᠭᠡᠨ ᠰᠠᠷᠠᠭᠤᠯ ᠢᠷᠡᠭᠡᠳᠦᠢ᠎ᠳᠦ ᠪᠣᠳᠠᠲᠠᠶ ᠠᠵᠢᠯᠯᠠᠵᠤ ᠵᠠᠮ ᠨᠡᠭᠡᠭᠡᠬᠦ᠌ ᠬᠡᠷᠡᠭ᠌ᠲᠡᠶ ᠃ ᠲᠥᠯᠥᠭᠡᠯᠡᠭ᠌ᠴᠢᠳ ᠂ ᠭᠡᠱᠢᠭᠦᠳ ᠡᠯ᠎ᠡ ᠭᠠᠵᠠᠷ ᠤ᠋ᠨ ᠦᠢᠯᠡᠳᠦᠯᠭᠡ ᠶ᠋ᠢᠨ ᠲᠤᠷᠱᠢᠯᠭ᠎ᠠ ᠵᠢ ᠠᠪᠴᠢᠷᠠᠭ᠍ᠰᠠᠨ ᠤ᠋ ᠬᠠᠮᠲᠤ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ᠎ᠡᠴᠡ ᠬᠥᠭ᠌ᠵᠢᠯᠲᠡ ᠶ᠋ᠢᠨ ᠱᠢᠨ᠎ᠡ ᠰᠡᠳᠭᠢᠮᠵᠢ ᠵᠢ ᠤᠯᠪᠠ ᠃ ᠤᠯᠠᠮᠵᠢᠯᠠᠯᠲᠤ ᠠᠵᠤ ᠦᠢᠯᠡᠰ ᠤ᠋ᠨ 《ᠲᠤᠢᠯᠪᠤᠷᠢᠲᠠᠢ ᠦᠭᠡᠷᠡᠴᠢᠯᠡᠭᠳᠡᠬᠦ》 ᠂ ᠱᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ ᠤ᠋ᠨ 《 ᠱᠢᠨᠳᠠᠰᠤ ᠵᠢ ᠴᠢᠩᠭᠠᠯᠠᠬᠤ 》 ᠂ ᠲᠤᠯᠭᠠᠭᠤᠷᠢ ᠠᠵᠤ ᠦᠢᠯᠡᠰ ᠤ᠋ᠨ 《ᠪᠦᠯᠦᠭ᠌ᠵᠢᠨ ᠪᠥᠭᠡᠮᠨᠡᠷᠡᠬᠦ᠌ 》 ᠵᠢ ᠠᠬᠢᠭᠤᠯᠤᠨ᠎ᠠ ᠁ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ᠎ᠳᠦ ᠠᠯᠳᠠᠨ ᠪᠠᠳᠠᠭ ᠰᠤᠪᠤᠷᠠᠵᠦ ᠂ ᠲᠥᠯᠥᠭᠡᠯᠡᠭ᠌ᠴᠢᠳ ᠭᠡᠱᠢᠭᠦᠳ ᠤ᠋ᠨ ᠳᠤᠮᠳᠠ ᠬᠠᠯᠠᠭᠤᠨ ᠶᠠᠷᠢᠯᠴᠠᠭ᠎ᠠ ᠥᠷᠨᠢᠪᠡ ᠃

1 ᠰᠠᠷ᠎ᠠ ᠶ᠋ᠢᠨ 3 ᠤ᠋ ᠡᠳᠦᠷ ᠂ ᠢᠯᠢ ᠪᠦᠯᠦᠭᠯᠡᠯ ᠺᠤᠮᠫᠠᠨᠢ ᠪᠥᠬᠥ᠌ ᠳᠡᠯᠡᠬᠡᠶ᠎ᠳᠦ ᠬᠠᠨᠳᠤᠭᠤᠯᠤᠨ 《ᠰᠦᠯᠵᠢᠶ᠎ᠡ ᠪᠡᠷ ᠢᠯᠢ ᠳ᠋ᠦ ᠲᠤᠭᠤᠷᠢᠵᠦ ᠪᠥᠬᠥ᠌ ᠪᠥᠮᠪᠥᠷᠴᠡᠭ ᠤ᠋ᠨ ᠠᠵᠤ ᠦᠶ᠋ᠯᠡᠰ ᠤ᠋ᠨ ᠬᠡᠯᠬᠢᠶ᠎ᠡ ᠵᠢ ᠦᠵᠡᠬᠦ᠌》 ᠠᠵᠢᠯᠯᠠᠭ᠎ᠠ ᠵᠢ ᠡᠬᠢᠯᠡᠭᠦᠯᠪᠡ ᠃ ᠢᠯᠢ ᠶ᠋ᠢᠨ ᠪᠥᠬᠥ᠌ ᠪᠥᠮᠪᠥᠷᠴᠡᠭ ᠤ᠋ᠨ ᠠᠵᠤ ᠦᠶ᠋ᠯᠡᠰ ᠤ᠋ᠨ ᠬᠡᠯᠬᠢᠶ᠎ᠡ ᠠᠩᠬ᠎ᠠ ᠤᠳᠠᠭ᠎ᠠ ᠬᠡᠷᠡᠭ᠌ᠯᠡᠭ᠌ᠴᠢᠳ᠎ᠲᠦ ᠨᠡᠭᠡᠭᠡᠯᠲᠡ ᠬᠢᠵᠦ᠍ ᠂ ᠱᠢᠭᠤᠳ ᠨᠡᠪᠲᠡᠷᠡᠭᠦᠯᠭᠡ ᠂ ᠣᠬᠣᠷ ᠸᠢᠳᠢᠣ᠋ ᠂ ᠳᠠᠭᠤᠷᠢᠶᠠᠮᠠᠯ ᠠᠬᠤᠢ ᠳᠠᠯᠠᠪᠠᠢ ᠵᠡᠷᠭᠡ ᠬᠡᠯᠪᠡᠷᠢ᠎ᠪᠡᠷ ᠪᠥᠬᠥ᠌ ᠳᠡᠯᠡᠬᠡᠶ ᠶ᠋ᠢᠨ ᠬᠡᠷᠡᠭ᠌ᠯᠡᠭ᠌ᠴᠢᠳ ᠬᠡᠷ᠎ᠡᠴᠡ᠎ᠪᠡᠨ ᠭᠠᠷᠬᠤ ᠥᠬᠡᠶ᠎ᠪᠡᠷ 《 ᠨᠢᠭᠡ ᠴᠣᠮᠣ ᠦᠨᠢᠶᠡᠨ ᠰᠦ 》  ᠶ᠋ᠢᠨ ᠠᠷᠤ᠎ᠳᠠᠬᠢ ᠬᠦᠴᠦᠷᠬᠡᠭ ᠶᠡᠬᠡ ᠬᠦᠴᠦᠨ ᠢ᠋ ᠭᠡᠷᠡᠴᠢᠯᠡᠵᠦ᠍ ᠪᠤᠯᠬᠤ ᠪᠤᠯᠭᠠᠵᠠᠢ ᠃

ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠂ ᠢᠯᠢ ᠠᠵᠤ ᠦᠢᠯᠡᠰ ᠤ᠋ᠨ ᠪᠦᠯᠦᠭ᠌ᠯᠡᠯ ᠤ᠋ᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠶ᠋ᠢᠨ ᠨᠠᠮ ᠤ᠋ᠨ ᠬᠣᠷᠢᠶᠠᠨ ᠤ᠋ ᠳᠡᠳ᠋ ᠱᠦᠵᠢ ᠂ ᠳᠡᠭᠡᠳᠦ ᠵᠡᠷᠭᠡ ᠶ᠋ᠢᠨ ᠭᠦᠢᠴᠡᠳᠭᠡᠭ᠌ᠴᠢ ᠶᠡᠷᠦᠩᠬᠡᠢ ᠵᠠᠬᠢᠷᠤᠯ ᠵᠠᠩ ᠵᠢᠶᠠᠨ ᠴᠢᠦ ᠄  《 ᠢᠯᠢ ᠪᠦᠯᠦᠭ᠌ᠯᠡᠯ ᠠᠵᠠ ᠲᠣᠬᠢᠶᠠᠯ ᠢ᠋ ᠠᠳᠬᠤᠨ ᠂  〈ᠰᠦ᠋ ᠶ᠋ᠢᠨ ᠦᠢᠯᠡᠰ ᠢ᠋ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠬᠤ ᠶᠢᠰᠦᠨ ᠵᠦᠢᠯ ᠤ᠋ᠨ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ〉  ᠪᠡᠷ ᠵᠢᠯᠣᠭᠣᠳᠤᠮᠵᠢ ᠪᠣᠯᠭᠠᠵᠤ ᠂ ᠰᠦ᠎ᠶᠢᠨ ᠢᠷᠡᠯᠲᠡ ᠶ᠋ᠢᠨ ᠰᠠᠭᠤᠷᠢᠨ ᠤ᠋ ᠪᠥᠲᠥᠭᠡᠨ ᠪᠠᠢᠭᠤᠯᠤᠯᠲᠠ ᠶ᠋ᠢᠨ ᠡᠷᠴᠢᠮ ᠢ᠋ᠶ᠋ᠡᠨ ᠴᠢᠨᠠᠭᠰᠢᠳᠠ ᠴᠢᠩᠭᠠᠷᠠᠭᠤᠯᠵᠤ ᠂ ᠴᠢᠬᠤᠯᠠ ᠶᠡᠬᠡ ᠲᠥᠷᠥᠯ ᠵᠦᠶ᠋ᠯ ᠢ᠋ᠶ᠋ᠡᠷ ᠭᠠᠷᠳᠠᠴᠠ ᠪᠣᠯᠭᠠᠵᠤ ᠂ ᠱᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠬᠤ ᠵᠢ ᠴᠢᠩᠭᠠᠳᠭᠠᠵᠤ ᠂ ᠠᠵᠤ ᠦᠶ᠋ᠯᠡᠰ ᠤ᠋ᠨ ᠬᠡᠯᠬᠢᠶ᠎ᠡ ᠶ᠋ᠢᠨ ᠴᠢᠨᠠᠷ ᠰᠠᠢᠲᠠᠶ ᠬᠥᠭ᠌ᠵᠢᠯᠲᠡ ᠵᠢ ᠪᠥᠬᠥ᠌ ᠬᠦᠴᠦᠨ ᠢ᠋ᠶ᠋ᠡᠷ ᠢ᠋ᠶ᠋ᠡᠨ ᠠᠬᠢᠭᠤᠯᠵᠤ ᠂  ᠳᠡᠯᠡᠬᠡᠶ ᠶ᠋ᠢᠨ ᠰᠦ᠎ᠶᠢᠨ ᠲᠦᠪ ᠢ᠋ ᠪᠠᠢᠭᠤᠯᠤᠨ ᠰᠦ᠎ᠶᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠪᠠ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠬᠤ ᠳ᠋ᠦ ᠬᠦᠴᠦᠨ ᠨᠡᠮᠡᠷᠢᠯᠡᠨ᠎ᠡ》 ᠭᠡᠪᠡ᠃

ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ ᠂ ᠦᠶ᠋ᠯᠡᠳᠪᠦᠷᠢ ᠬᠤᠳᠠᠯᠳᠤᠭᠠᠨ ᠤ᠋ ᠪᠠᠩᠬᠢ ᠶ᠋ᠢᠨ ᠥᠪᠥᠷ ᠮᠣᠩᠭᠣᠯ ᠳ᠋ᠡᠬᠢ ᠬᠤᠪᠢᠶᠠᠷᠢ ᠪᠠᠩᠬᠢ ᠶ᠋ᠢᠨ ᠨᠠᠮ ᠤ᠋ᠨ ᠬᠣᠷᠢᠶᠠᠨ ᠤ᠋ ᠱᠦᠵᠢ ᠂ ᠪᠠᠩᠬᠢ ᠶ᠋ᠢᠨ ᠳᠠᠷᠤᠭ᠎ᠠ ᠯᠢ ᠹᠸᠩ ᠤ᠋ᠨ ᠦᠵᠡᠬᠦ ᠪᠡᠷ ᠂ ᠮᠠᠨ ᠤ᠋ ᠣᠷᠣᠨ ᠤ᠋ ᠴᠢᠨᠠᠷ ᠰᠠᠢᠲᠠᠶ ᠬᠥᠭ᠌ᠵᠢᠯᠲᠡ᠎ᠳᠦ ᠨᠠᠩ ᠰᠠᠢᠲᠤᠷ ᠬᠦᠴᠦᠨ ᠨᠡᠮᠡᠷᠢᠯᠡᠬᠦ᠌᠎ᠳᠦ ᠡᠷᠬᠡᠪᠰᠢ ᠮᠥᠩᠭᠥᠨ ᠭᠦᠶ᠋ᠯᠭᠡᠭᠡᠨ ᠤ᠋ ᠦᠶ᠋ᠯᠡᠴᠢᠯᠡᠭᠡᠨ ᠤ᠋ ᠲᠦᠷᠦᠬᠦᠦ ᠠᠯᠬᠤᠮ ᠢ᠋ ᠰᠠᠢᠲᠤᠷ ᠠᠯᠬᠤᠵᠦ ᠂ ᠮᠥᠩᠭᠥᠨ ᠭᠦᠶ᠋ᠯᠭᠡᠭᠡᠨ ᠤ᠋ ᠴᠢᠳᠠᠪᠤᠷᠢ᠂ ᠦᠶ᠋ᠯᠡᠳᠪᠦᠷᠢ ᠬᠤᠳᠠᠯᠳᠤᠭᠠᠨ ᠤ᠋ ᠪᠠᠩᠬᠢ ᠶ᠋ᠢᠨ ᠳᠠᠪᠠᠭᠤᠯᠢᠭ ᠢ᠋ ᠴᠢᠨᠠᠭᠰᠢᠳᠠ ᠪᠠᠳᠠᠷᠠᠭᠤᠯᠵᠤ᠂ ᠥᠪᠥᠷ ᠮᠣᠩᠭᠣᠯ ᠤ᠋ᠨ ᠠᠵᠤ ᠠᠬᠤᠶ ᠨᠡᠢᠭᠡᠮ ᠤ᠋ᠨ ᠬᠥᠭ᠌ᠵᠢᠯᠲᠡ᠎ᠳᠦ ᠦᠶ᠋ᠯᠡᠴᠢᠯᠡᠬᠦ᠌ ᠵᠢ ᠲᠣᠪᠣᠢᠮ᠎ᠠ ᠪᠠᠢᠷᠢᠨ ᠳ᠋ᠦ ᠲᠠᠯᠪᠢᠵᠤ ᠂ ᠪᠣᠳᠠᠲᠤ ᠴᠣᠭ᠍ᠴᠠ ᠶ᠋ᠢᠨ ᠠᠵᠤ ᠠᠬᠤᠶ ᠳ᠋ᠦ ᠨᠠᠩ ᠬᠦᠴᠦᠲᠡᠶ ᠪᠦᠲᠦᠮᠵᠢᠲᠡᠶ ᠦᠶ᠋ᠯᠡᠴᠢᠯᠡᠬᠦ᠌ ᠬᠥᠭ᠌ᠵᠢᠯᠲᠡ ᠶ᠋ᠢᠨ ᠵᠠᠭ᠍ᠪᠤᠷ ᠢ᠋ ᠪᠦᠷᠢᠯᠳᠦᠭᠦᠯᠬᠦ᠌ ᠬᠡᠷᠡᠭ᠌ᠲᠡᠶ ᠃  ᠮᠠᠨ ᠤ᠋ ᠣᠷᠣᠨ ᠤ᠋ 《ᠨᠢᠭᠡ ᠪᠦᠰᠡ ᠨᠢᠭᠡ ᠵᠠᠮ》 ᠎ᠳ᠋ᠦ ᠭᠦᠨᠵᠡᠭᠡᠶ ᠠᠭᠤᠰᠤᠯᠴᠠᠬᠤ ᠳ᠋ᠦ ᠬᠦᠴᠦᠨ ᠨᠡᠮᠡᠷᠢᠯᠡᠵᠦ᠍ ᠂ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠪᠣᠭᠣᠮᠲᠠ ᠶ᠋ᠢᠨ ᠪᠥᠲᠥᠭᠡᠨ ᠪᠠᠢᠭᠤᠯᠤᠯᠲᠠ ᠂ ᠵᠠᠰᠠᠮᠠᠯ ᠵᠠᠮ ᠲᠡᠮᠦᠷ ᠵᠠᠮ ᠤ᠋ᠨ ᠪᠥᠲᠥᠭᠡᠨ ᠪᠠᠢᠭᠤᠯᠤᠯᠲᠠ ᠂ ᠪᠠᠢᠭᠠᠯᠢ ᠶ᠋ᠢᠨ ᠱᠢᠲᠠᠮᠠᠬᠠᠶ ᠬᠡᠶ ᠶ᠋ᠢᠨ ᠭᠤᠤᠷᠰᠤ ᠬᠣᠭᠣᠯᠠᠶ ᠶ᠋ᠢᠨ ᠪᠥᠲᠥᠭᠡᠨ ᠪᠠᠢᠭᠤᠯᠤᠯᠲᠠ ᠵᠢ ᠭᠤᠤᠯᠳᠠᠯᠭ᠎ᠠ᠎ᠲᠠᠶ ᠠᠩᠬᠠᠷᠴᠤ᠌ ᠂ ᠥᠪᠥᠷ ᠮᠣᠩᠭᠣᠯ ᠤ᠋ᠨ ᠨᠠᠩ ᠭᠦᠨ ᠲᠠᠰ ᠳᠠᠪᠬᠤᠷᠭ᠎ᠠ ᠂ ᠨᠠᠩ ᠥᠷᠭᠡᠨ ᠬᠦᠷᠢᠶ᠎ᠡ ᠴᠠᠷᠠᠭ᠎ᠠ ᠂ ᠨᠠᠩ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ ᠵᠢ ᠪᠡᠶᠡᠯᠡᠭᠦᠯᠬᠦ᠌ ᠵᠢ ᠠᠬᠢᠭᠤᠯᠤᠨ᠎ᠠ᠃ ᠠᠮᠤ ᠪᠤᠳᠠᠭᠠᠨ ᠤ᠋ ᠠᠮᠤᠷ ᠲᠦᠪᠱᠢᠨ ᠤ᠋ ᠲᠣᠭᠣᠷᠢᠨ ᠳ᠋ᠦ ᠂ ᠠᠮᠤ ᠪᠤᠳᠠᠭᠠᠨ ᠤ᠋ ᠪᠦᠬᠦ᠌ ᠠᠵᠤ ᠦᠢᠯᠡᠰ ᠤ᠋ᠨ ᠬᠡᠯᠬᠢᠶ᠎ᠡ᠂ ᠠᠵᠤ ᠦᠢᠯᠡᠰ ᠤ᠋ᠨ ᠬᠣᠯᠪᠣᠭᠠᠲᠤ ᠴᠣᠭ᠍ᠴᠠ᠂ ᠠᠵᠤ ᠦᠢᠯᠡᠰ ᠤ᠋ᠨ ᠪᠦᠯᠦᠭᠵᠢᠯ ᠤ᠋ᠨ ᠮᠥᠩᠭᠥᠨ ᠭᠦᠢᠯᠭᠡᠭᠡᠨ ᠤ᠋ ᠦᠢᠯᠡᠴᠢᠯᠡᠭᠡ ᠶ᠋ᠢᠨ ᠱᠢᠨ᠎ᠡ ᠵᠢ ᠡᠭᠦᠳᠬᠦ᠌ ᠵᠢ ᠲᠠᠰᠤᠷᠠᠯᠲᠠ ᠦᠭᠡᠢ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ᠂ ᠴᠢᠬᠤᠯᠠ ᠶᠡᠬᠡ ᠤᠰᠤᠨ ᠠᠱᠢᠭ᠍ᠯᠠᠯᠲᠠ ᠶ᠋ᠢᠨ ᠢᠨᠵᠧᠨᠧᠷᠢᠩ ᠪᠠ ᠦᠷ᠎ᠡ ᠪᠣᠢᠵᠢᠭᠤᠯᠬᠤ ᠠᠵᠤ ᠦᠢᠯᠡᠰ ᠎ᠲᠦ ᠮᠥᠩᠭᠥᠨ ᠭᠦᠢᠯᠭᠡᠭᠡᠨ ᠤ᠋ ᠳᠡᠮᠵᠢᠯᠭᠡ ᠦᠵᠡᠭᠦᠯᠬᠦ᠌ ᠡᠷᠴᠢᠮ ᠢ᠋ᠶ᠋ᠡᠨ ᠴᠢᠩᠭᠠᠷᠠᠭᠤᠯᠤᠨ᠎ᠠ ᠃

ᠱᠢᠨ᠎ᠡ ᠠᠶᠠᠨ᠎ᠳᠤ᠂ ᠢᠳᠡᠷᠡᠭᠦᠨ ᠠᠯᠬᠤᠭ᠎ᠠ᠎ᠲᠠᠢ᠂ ᠢᠲᠡᠭᠡᠯ ᠵᠣᠷᠢᠭ ᠨᠡᠩ ᠲᠡᠭᠦᠯᠳᠡᠷ ᠪᠣᠯᠤᠯ᠎ᠠ᠃ ᠪᠥᠬᠥ᠌ ᠣᠷᠣᠨ ᠤ᠋ ᠳᠡᠭᠡᠳᠦ ᠳᠤᠤᠷᠠᠳᠤ ᠱᠠᠲᠤ ᠶᠠᠭ ᠬᠥᠪᠴᠢ ᠳᠦᠭᠦᠷᠲᠡᠯ᠎ᠡ ᠲᠠᠲᠠᠵᠤ᠂ ᠬᠥᠭ᠌ᠵᠢᠯᠲᠡ ᠵᠢ ᠭᠤᠢᠪᠢᠰᠢ ᠥᠬᠡᠶ ᠪᠠᠷᠢᠮᠲᠠᠯᠠᠨ᠂ ᠬᠥᠭ᠌ᠵᠢᠯᠲᠡ ᠵᠢ ᠲᠦᠷᠭᠡᠳᠭᠡᠨ ᠬᠤᠢᠷᠭᠤᠰᠢᠬᠤ ᠥᠬᠡᠶ ᠪᠠᠢᠵᠤ ᠂ ᠥᠪᠥᠷ ᠮᠣᠩᠭᠣᠯ ᠤ᠋ᠨ ᠡᠯ᠎ᠡ ᠵᠦᠶ᠋ᠯ ᠤ᠋ᠨ ᠠᠵᠢᠯ ᠦᠶ᠋ᠯᠡᠰ ᠤ᠋ᠨ ᠬᠥᠭ᠌ᠵᠢᠯᠲᠡ ᠵᠢ ᠱᠢᠨ᠎ᠡ ᠳᠡᠭ᠌ᠲᠡᠷ᠎ᠲᠦ ᠭᠠᠷᠭᠠᠬᠤ ᠵᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号