ᠪᠢᠳᠡᠨ ᠤ᠋ ᠵᠠᠪᠠᠯ ᠢᠯᠠᠬᠤ ᠢᠲᠡᠭᠡᠯ ᠵᠣᠷᠢᠭ
2023-01-14 16:32:00
ᠵᠣᠬᠢᠶᠠᠭ᠍ᠴᠢ᠄
ᠹᠧᠩ ᠰᠢᠦᠸᠠᠢ ᠢᠦᠢ
ᠣᠩᠱᠢᠭ᠍ᠰᠠᠨ ᠣᠳᠠᠭ᠎ᠠ᠄
★★★☆☆

ᠰᠢᠨ᠎ᠡ ᠡᠨᠧᠷᠭᠢ ᠵᠢᠨ ᠬᠦᠷᠢᠶ᠎ᠡ ᠴᠠᠷᠠᠭᠠᠨ ᠳ᠋ᠡᠬᠢ 《ᠠᠵᠤ ᠦᠢᠯᠡᠳᠪᠦᠷᠢ ᠵᠢᠨ ᠥᠪᠥᠷ ᠮᠣᠩᠭᠣᠯ》 ᠢ᠋ ᠳᠠᠬᠢᠨ ᠪᠠᠢᠭᠤᠯᠬᠤ ᠪᠠᠷ ᠴᠢᠷᠮᠠᠢᠨ᠎ᠠ ᠃

ᠨᠡᠩ ᠶᠡᠬᠡ ᠰᠦᠷ ᠵᠢᠪᠬᠤᠭ᠎ᠠ ᠲᠠᠢ ᠪᠠᠷ ᠨᠡᠭᠡᠭᠡᠯᠲᠡ ᠵᠢ ᠥᠷᠭᠡᠳᠭᠡᠨ᠎ᠡ ᠃

ᠳᠠᠭᠤᠤ ᠪᠥᠵᠢᠭ ᠤ᠋ᠨ ᠳᠠᠯᠠᠢ ᠂ ᠰᠦ ᠮᠢᠬᠠᠨ ᠤ᠋ ᠠᠩᠬᠢᠯᠤᠮ᠎ᠠ ᠦᠨᠦᠷ ᠂ ᠰᠦᠷᠯᠢᠭ ᠰᠠᠢᠬᠠᠨ ᠦᠵᠡᠮᠵᠢ ᠪᠡᠷ ᠵᠢᠡᠨ ᠵᠢᠭᠤᠯᠴᠢᠯᠠᠭᠰᠠᠳ ᠢ᠋ ᠲᠠᠲᠠᠵᠤ ᠠᠪᠴᠢᠷᠠᠨ᠎ᠠ ᠃

ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ᠍ ᠂ ᠢᠲᠡᠭᠡᠯ ᠳᠦᠭᠦᠷᠡᠩ 《ᠥᠪᠥᠷ ᠮᠣᠩᠭᠣᠯ ᠤ᠋ᠨ ᠳᠠᠭᠤᠨ》 ᠡᠷᠡᠰ ᠴᠢᠩᠭ᠎ᠠ ᠪᠠᠢᠯ᠎ᠠ ᠃

ᠵᠠᠪᠠᠯ ᠢᠯᠠᠬᠤ ᠢᠲᠡᠭᠡᠯ ᠵᠣᠷᠢᠭ ᠤ᠋ᠨ ᠠᠷᠤ ᠳ᠋ᠤ᠌ ᠡᠷᠴᠢ ᠵᠣᠷᠢᠭ ᠲᠡᠭᠦᠯᠳᠡᠷ ᠪᠠᠢᠳᠠᠭ ᠃

ᠨᠡᠭᠦᠷᠡᠰᠦ ᠂ ᠬᠣᠪᠣᠷ ᠰᠢᠷᠣᠢ ᠵᠡᠷᠭᠡ 21 ᠵᠦᠢᠯ ᠤ᠋ᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠤ᠋ᠨ ᠬᠠᠳᠠᠭᠠᠯᠠᠭᠳᠠᠴᠠ ᠵᠢᠨ ᠬᠡᠮᠵᠢᠢ᠎ᠡ ᠪᠦᠬᠦ ᠤᠯᠤᠰ ᠲᠤ᠌ ᠲᠡᠷᠢᠭᠦᠯᠡᠵᠦ ᠂ ᠦᠪᠡᠷᠮᠢᠴᠡ ᠡᠬᠢ ᠪᠠᠶᠠᠯᠢᠭ ᠤ᠋ᠨ ᠳᠠᠪᠠᠭᠤᠯᠢᠭ ᠡᠴᠡ ᠥᠪᠥᠷ ᠮᠣᠩᠭᠣᠯ 《ᠵᠡᠭᠦᠨᠳᠡᠬᠢ ᠣᠢ ᠰᠢᠭᠤᠢ ᠪᠠᠷᠠᠭᠤᠨᠳᠡᠬᠢ ᠠᠭᠤᠷᠬᠠᠢ ᠂ ᠡᠮᠦᠨᠡᠳᠡᠬᠢ ᠲᠠᠷᠢᠶᠠᠯᠠᠩ ᠬᠣᠢᠭᠤᠷᠬᠢ ᠮᠠᠯ ᠠᠵᠤ ᠠᠬᠤᠢ》 ᠭᠡᠬᠦ ᠰᠠᠢᠬᠠᠨ ᠠᠯᠳᠠᠷ ᠢ᠋ ᠬᠦᠷᠲᠡᠭᠰᠡᠨ ᠶᠤᠮ ᠃

ᠲᠠᠯ᠎ᠠ ᠨᠤᠲᠤᠭ ᠂ ᠣᠢ ᠰᠢᠭᠤᠢ ᠂ ᠬᠥᠮᠦᠨ ᠳᠤᠮᠳᠠᠴᠢ ᠵᠢᠨ ᠲᠠᠷᠢᠶᠠᠨ ᠭᠠᠵᠠᠷ ᠤ᠋ᠨ ᠲᠠᠯᠠᠪᠠᠢ ᠪᠦᠬᠦ ᠤᠯᠤᠰ ᠲᠤ᠌ ᠳᠡᠷᠢᠭᠦᠯᠡᠵᠤ ᠂ ᠨᠣᠮᠢᠨ ᠨᠣᠭᠣᠭᠠᠨ ᠮᠢᠩᠭᠠᠨ ᠭᠠᠵᠠᠷ ᠪᠣᠯ ᠥᠪᠥᠷ ᠮᠣᠩᠭᠣᠯ ᠤ᠋ᠨ ᠬᠠᠮᠤᠭ ᠤ᠋ᠨ ᠦᠵᠡᠰᠭᠦᠯᠡᠩᠲᠦ ᠰᠠᠢᠬᠠᠨ ᠦᠵᠡᠮᠵᠢ ᠪᠣᠯᠤᠨ᠎ᠠ ᠃

ᠨᠡᠭᠦᠷᠡᠰᠦᠨ ᠤ᠋ ᠦᠢᠯᠡᠳᠪᠦᠷᠢᠯᠡᠯ ᠤ᠋ᠨ ᠴᠢᠳᠠᠪᠤᠷᠢ ᠂ ᠴᠠᠬᠢᠯᠭᠠᠨ ᠬᠦᠴᠦᠨ ᠤ᠋ ᠶᠡᠷᠦᠩᠬᠡᠢ ᠮᠠᠰᠢᠨ ᠴᠣᠭᠴᠠᠯᠠᠪᠤᠷᠢ ᠂ ᠰᠢᠨ᠎ᠡ ᠡᠨᠧᠷᠭᠢ ᠵᠢᠨ ᠴᠠᠬᠢᠯᠭᠠᠨ ᠭᠠᠷᠭᠠᠬᠤ ᠬᠡᠮᠵᠢᠢ᠎ᠡ ᠂ ᠭᠠᠳᠠᠭᠰᠢ ᠬᠦᠷᠭᠡᠬᠦ ᠨᠡᠭᠦᠷᠡᠰᠦᠨ ᠤ᠋ ᠬᠡᠮᠵᠢᠢ᠎ᠡ ᠂ ᠭᠠᠳᠠᠭᠰᠢ ᠬᠦᠷᠭᠡᠬᠦ ᠴᠠᠬᠢᠯᠭᠠᠨ ᠤ᠋ ᠴᠢᠳᠠᠪᠤᠷᠢ ᠂ ᠭᠠᠳᠠᠭᠰᠢ ᠬᠦᠷᠭᠡᠬᠦ ᠴᠠᠬᠢᠯᠭᠠᠨ ᠤ᠋ ᠬᠡᠮᠵᠢᠢ᠎ᠡ ᠪᠦᠬᠦ ᠤᠯᠤᠰ ᠲᠤ᠌ ᠲᠡᠷᠢᠭᠦᠯᠡᠵᠤ ᠪᠤᠢ᠃

ᠳᠡᠯᠡᠬᠡᠢ ᠨᠡᠢᠲᠡ ᠳ᠋ᠦ᠍ ᠮᠡᠳᠡᠷᠡᠭᠳᠡᠭᠰᠡᠨ ᠴᠢᠨᠠᠷ ᠰᠠᠢᠲᠠᠢ ᠮᠠᠯᠵᠢᠬᠤ ᠣᠷᠣᠨ ᠳ᠋ᠤ᠌ ᠪᠠᠢᠷᠢᠯᠠᠳᠠᠭ ᠂ ᠰᠢᠵᠢᠷ ᠠᠯᠲᠠᠨ ᠰᠦ ᠵᠢᠨ ᠢᠷᠡᠯᠲᠡ ᠵᠢᠨ ᠪᠦᠰᠡ ᠂ ᠦᠨᠢᠶᠡᠨ ᠰᠦ ᠂ ᠬᠣᠨᠢᠨ ᠮᠢᠬ᠎ᠠ ᠂ ᠦᠬᠡᠷ ᠤ᠋ᠨ ᠮᠢᠬ᠎ᠠ ᠂ ᠢᠮᠠᠭᠠᠨ ᠨᠣᠤᠯᠤᠭᠤᠷ ᠤ᠋ᠨ ᠭᠠᠷᠤᠯᠲᠠ ᠪᠦᠬᠦ ᠤᠯᠤᠰ ᠲᠤ᠌ ᠲᠡᠷᠢᠭᠦᠯᠡᠵᠦ ᠂ ᠮᠠᠨ ᠤ᠋ ᠤᠯᠤᠰ ᠤ᠋ᠨ 《ᠮᠢᠬᠠᠨ ᠤ᠋ ᠬᠥᠮᠥᠷᠭᠡ》 ᠂ 《ᠰᠦ ᠵᠢᠨ ᠰᠠᠪᠠ》 ᠂ 《ᠨᠣᠤᠯᠤᠭᠤᠷ ᠤ᠋ᠨ ᠬᠣᠲᠠ》 ᠪᠣᠯᠬᠤ ᠪᠢᠯᠡ ᠃

ᠵᠠᠪᠠᠯ ᠢᠯᠠᠬᠤ ᠢᠲᠡᠭᠡᠯ ᠵᠣᠷᠢᠭ ᠥᠩᠭᠡᠷᠡᠭᠰᠡᠨ ᠲᠠᠪᠤᠨ ᠵᠢᠯ ᠤ᠋ᠨ ᠬᠥᠭᠵᠢᠯᠲᠡ᠎ᠡᠴᠡ ᠢᠷᠡᠯᠲᠡ ᠲᠡᠢ᠃

ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠵᠢ ᠲᠣᠭᠲᠠᠭᠰᠠᠨ ᠬᠤᠭᠤᠴᠠᠭᠠᠨ ᠳ᠋ᠤ᠌ ᠪᠡᠶᠡᠯᠡᠭᠦᠯᠵᠦ ᠂ ᠶᠡᠷᠦᠩᠬᠡᠢᠯᠡᠭᠰᠡᠨ ᠠᠵᠤ ᠠᠬᠤᠢ ᠵᠢᠨ ᠪᠣᠳᠠᠲᠤ ᠬᠦᠴᠦᠨ ᠢ᠋ ᠶᠡᠬᠡ ᠪᠡᠷ ᠳᠡᠭᠡᠭᠰᠢᠯᠡᠭᠦᠯᠤᠨ ᠂ ᠬᠣᠲᠠ ᠬᠥᠳᠡᠭᠡ ᠵᠢᠨ ᠳᠦᠷᠰᠦ ᠪᠠᠢᠳᠠᠯ ᠳ᠋ᠤ᠌ ᠯᠤᠲᠤ ᠶᠡᠬᠡ ᠬᠤᠪᠢᠷᠠᠯᠲᠠ ᠭᠠᠷᠴᠤ ᠂ ᠬᠥᠭᠵᠢᠯᠲᠡ ᠵᠢᠨ ᠬᠥᠳᠡᠯᠭᠡᠬᠦ ᠬᠦᠴᠦᠨ ᠠᠮᠢᠵᠢᠷᠠᠯ ᠤ᠋ᠨ ᠬᠦᠴᠦᠨ ᠢ᠋ ᠢᠯᠡᠳᠲᠡ ᠴᠢᠩᠭᠠᠷᠠᠭᠤᠯᠵᠤ ᠂ ᠠᠷᠠᠳ ᠤ᠋ᠨ ᠠᠮᠢᠳᠤᠷᠠᠯ ᠤ᠋ᠨ ᠲᠦᠪᠰᠢᠨ ᠢ᠋ ᠲᠣᠭᠲᠠᠭᠤᠨ ᠵᠢᠠᠷ ᠳᠡᠭᠡᠭᠰᠢᠯᠡᠭᠦᠯᠤᠨ ᠂ ᠠᠮᠢ ᠠᠬᠤᠢ ᠣᠷᠴᠢᠨ ᠲᠣᠭᠣᠷᠢᠨ ᠤ᠋ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠵᠤ ᠂ ᠬᠦᠨᠳᠦ ᠶᠡᠬᠡ ᠠᠶᠤᠯ ᠲᠦᠭᠰᠢᠭᠦᠷᠢ ᠵᠢᠨ ᠭᠡᠮ ᠰᠣᠭᠣᠭ ᠢ᠋ ᠪᠦᠲᠦᠮᠵᠢᠲᠡᠢ ᠰᠡᠷᠭᠡᠢᠯᠡᠵᠦ ᠂ ᠦᠨᠳᠦᠰᠦᠲᠡᠨ ᠤ᠋ ᠪᠦᠯᠬᠦᠮᠳᠡᠯ ᠤ᠋ᠨ ᠪᠠᠢᠳᠠᠯ ᠢ᠋ ᠪᠡᠬᠢᠵᠢᠭᠦᠯᠦᠨ ᠬᠥᠭᠵᠢᠭᠦᠯᠪᠡ ᠃

ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭᠴᠢ ᠂ ᠤᠯᠠᠭᠠᠨᠬᠠᠳᠠ ᠬᠣᠲᠠ ᠵᠢᠨ ᠶᠤᠸᠠᠨ ᠪᠦᠦ ᠱᠠᠨ ᠲᠣᠭᠣᠷᠢᠭ ᠤ᠋ᠨ ᠶᠤᠸᠠᠨ ᠪᠦᠦ ᠱᠠᠨ ᠪᠠᠯᠭᠠᠰᠤᠨ ᠤ᠋ ᠵᠢᠶᠠᠨ ᠴᠠᠩ ᠶᠢᠩ ᠲᠣᠰᠭᠣᠨ ᠤ᠋ ᠨᠠᠮ ᠤ᠋ᠨ ᠬᠣᠷᠢᠢ᠎ᠠ ᠵᠢᠨ ᠱᠦᠵᠢ ᠂ ᠲᠣᠰᠭᠣᠨ ᠤ᠋ ᠵᠥᠪᠯᠡᠯ ᠤ᠋ᠨ ᠡᠷᠬᠢᠯᠡᠭᠴᠢ ᠶᠣᠣ ᡁᠢ ᠵᠢᠶᠦ᠋ᠨ ᠤ᠋ ᠬᠡᠯᠡᠭᠦ ᠪᠡᠷ ᠂ ᠣᠢᠷ᠎ᠠ ᠵᠢᠨ ᠬᠡᠳᠦᠨ ᠵᠢᠯ ᠳ᠋ᠦ᠍ ᠵᠢᠶᠠᠨ ᠴᠠᠩ ᠶᠢᠩ ᠲᠣᠰᠭᠣᠨ ᠴᠢᠨᠡᠭᠡᠯᠢᠭᠵᠢᠯ ᠤ᠋ᠨ ᠵᠠᠮ ᠵᠢᠠᠷ ᠵᠠᠮᠨᠠᠨ ᠂ ᠬᠡᠯᠪᠡᠷᠢ ᠪᠡᠨ ᠬᠤᠪᠢᠷᠠᠭᠤᠯᠬᠤ ᠵᠢ ᠰᠠᠢᠲᠤᠷ ᠪᠡᠶᠡᠯᠡᠭᠦᠯᠵᠤ ᠂ ᠣᠳᠣ ᠨᠤᠲᠤᠭ ᠤᠰᠤᠨ ᠤ᠋ ᠠᠭᠠᠷ ᠨᠢ ᠨᠡᠩ ᠴᠡᠯᠮᠡᠭᠰᠢᠨ ᠂ ᠠᠭᠤᠯᠠ ᠨᠢ ᠨᠡᠩ ᠨᠣᠭᠣᠭᠠᠷᠠᠨ ᠂ ᠤᠰᠤ ᠨᠢ ᠨᠡᠩ ᠲᠤᠩᠭᠠᠯᠠᠭᠰᠢᠨ ᠂ ᠨᠤᠲᠤᠭ ᠤ᠋ᠨ ᠰᠤᠷᠲᠠᠯ ᠨᠢ ᠨᠡᠩ ᠪᠣᠯᠪᠠᠰᠤᠨ ᠪᠣᠯᠤᠯ᠎ᠠ ᠃

ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠵᠢᠨ ᠵᠥᠪᠯᠡᠯᠭᠡᠨ ᠤ᠋ ᠭᠡᠰᠢᠭᠦᠨ ᠂ ᠷᠠᠰᠢᠶᠠᠨ ᠤ᠋ ᠣᠢ ᠰᠢᠭᠤᠢ ᠵᠢᠨ ᠠᠵᠤ ᠦᠢᠯᠡᠳᠪᠦᠷᠢ ᠵᠢᠨ ᠬᠢᠵᠠᠭᠠᠷᠲᠤ ᠺᠣᠮᠫᠠᠨᠢ ᠵᠢᠨ ᠨᠠᠮ ᠤ᠋ᠨ ᠬᠣᠷᠢᠢ᠎ᠠ ᠵᠢᠨ ᠱᠦᠵᠢ ᠂ ᠬᠡᠷᠡᠭ ᠮᠡᠳᠡᠭᠴᠢᠳ ᠤ᠋ᠨ ᠳᠠᠷᠤᠭ᠎ᠠ ᠵᠠᠩ ᠰᠢᠶᠣᠤ ᠴᠤᠤ ᠵᠢᠨ ᠬᠡᠯᠡᠭᠦ ᠪᠡᠷ ᠂ 2019 ᠣᠨ ᠡᠴᠡ ᠨᠡᠭᠠᠰᠢ ᠂ ᠪᠢᠳᠡ ᠲᠠᠷᠢᠶᠠᠯᠠᠬᠤ ᠵᠢ ᠵᠣᠭᠰᠣᠭᠠᠨ ᠬᠠᠭᠠᠯᠪᠤᠷᠢᠯᠠᠭᠰᠠᠨ ᠣᠢᠲᠤ ᠭᠠᠵᠠᠷ ᠪᠣᠯᠤᠨ ᠠᠭᠯᠠᠭ ᠠᠭᠤᠯᠠ ᠠᠲᠠᠷ ᠭᠠᠵᠠᠷ ᠲᠤ᠌ 6.5 ᠲᠦᠮᠡᠨ ᠮᠥ᠍ ᠠᠮᠢ ᠠᠬᠤᠢ ᠵᠢᠨ ᠴᠢᠴᠠᠷᠭᠠᠨ᠎ᠠ ᠵᠢᠨ ᠣᠢ ᠵᠢ ᠴᠤᠭᠴᠠᠯᠠᠨ ᠂ ᠥᠪᠥᠷ ᠮᠣᠩᠭᠣᠯ ᠳ᠋ᠡᠬᠢ ᠲᠠᠯᠠᠪᠠᠢ ᠪᠠᠷ ᠨᠡᠯᠢᠶᠡᠳ ᠶᠡᠬᠡ ᠴᠢᠴᠠᠷᠭᠠᠨ᠎ᠠ ᠲᠠᠷᠢᠬᠤ ᠰᠠᠭᠤᠷᠢᠨ ᠢ᠋ ᠪᠠᠢᠭᠤᠯᠵᠤ ᠂ ᠬᠦᠢᠲᠡᠨ ᠭᠠᠵᠠᠷ ᠤ᠋ᠨ ᠴᠢᠴᠠᠷᠭᠠᠨ᠎ᠠ ᠨᠢ ᠤᠳᠤ ᠨᠢᠭᠡᠨᠲᠡ ᠪᠦᠬᠦ ᠤᠯᠤᠰ ᠤ᠋ᠨ ᠨᠡᠷᠡᠲᠦ ᠣᠨᠴᠠᠯᠢᠭᠳᠦ ᠤᠬᠢ ᠰᠢᠨ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠨᠡᠷᠡᠰ ᠲᠦ᠍ ᠵᠢᠭᠰᠠᠭᠠᠭᠳᠠᠪᠠ ᠃

ᠲᠥᠯᠥᠭᠡᠯᠡᠭᠴᠢᠳ ᠭᠡᠰᠢᠭᠦᠳ ᠤ᠋ᠨ ᠶᠠᠷᠢᠶᠠᠨ ᠳ᠋ᠤ ᠂ ᠮᠠᠨ ᠤ᠋ ᠣᠷᠣᠨ ᠤ᠋ ᠠᠷᠠᠳ ᠤ᠋ᠨ ᠠᠮᠢᠳᠤᠷᠠᠯ ᠤ᠋ᠨ ᠢᠨᠵᠧᠨᠧᠷᠢᠩ ᠢ᠋ ᠶᠡᠬᠡ ᠪᠡᠷ ᠬᠡᠷᠡᠭᠵᠢᠭᠦᠯᠬᠦ ᠂ ᠠᠷᠠᠳ ᠤ᠋ᠨ ᠠᠮᠢᠳᠤᠷᠠᠯ ᠤ᠋ᠨ ᠴᠢᠨᠠᠷ ᠴᠢᠨᠰᠠᠭ᠎ᠠ ᠵᠢ ᠲᠠᠰᠤᠷᠠᠯᠲᠠ ᠥᠬᠡᠢ ᠳᠡᠭᠡᠭᠰᠢᠯᠡᠭᠦᠯᠬᠦ ᠂ ᠥᠨᠢᠷ ᠪᠠᠶᠠᠯᠢᠭ ᠦᠵᠡᠰᠭᠦᠯᠡᠩᠲᠦ ᠰᠠᠢᠬᠠᠨ ᠥᠪᠥᠷ ᠮᠣᠩᠭᠣᠯ ᠢ᠋ ᠪᠦᠲᠦᠭᠡᠨ ᠪᠠᠢᠭᠤᠯᠬᠤ ᠢᠲᠡᠭᠡᠯ ᠵᠣᠷᠢᠭ ᠪᠢᠯᠬᠠᠨ᠎ᠠ᠃

ᠵᠠᠪᠠᠯ ᠢᠯᠠᠬᠤ ᠢᠲᠡᠭᠡᠯ ᠲᠡᠢ ᠪᠦᠭᠡᠳ ᠬᠤᠷᠴᠠ ᠰᠡᠷᠭᠡᠭ ᠥᠪᠡᠷ ᠤ᠋ᠨ ᠲᠠᠨᠢᠯᠲᠠ ᠲᠠᠢ ᠪᠠᠢᠬᠤ ᠬᠡᠷᠡᠭᠲᠡᠢ ᠃

ᠥᠪᠥᠷ ᠮᠣᠩᠭᠣᠯ ᠪᠣᠯ ᠬᠢᠯᠢ ᠬᠢᠵᠠᠭᠠᠷ ᠣᠷᠣᠨ ᠂ ᠬᠥᠮᠦᠨ ᠠᠮᠠ ᠴᠥᠭᠡᠨ ᠂ ᠴᠢᠳᠠᠪᠤᠷᠢᠲᠠᠨ ᠲᠤᠳᠠᠮᠠᠭ ᠂ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢᠭᠤᠯᠤᠯᠲᠠ ᠬᠠᠷᠢᠴᠠᠩᠭᠤᠢ ᠪᠠᠷ ᠬᠣᠴᠣᠷᠤᠩᠭᠤᠢ ᠂ ᠪᠦᠬᠦ ᠤᠯᠤᠰ ᠤ᠋ᠨ ᠶᠡᠷᠦᠩᠬᠡᠢᠯᠡᠭᠰᠡᠨ ᠠᠵᠤ ᠠᠬᠤᠢ ᠵᠢᠨ ᠪᠣᠳᠠᠲᠤ ᠬᠦᠴᠦᠨ ᠤ᠋ ᠨᠡᠷᠡᠰ ᠤ᠋ᠨ ᠵᠢᠭᠰᠠᠭᠠᠯᠲᠠ ᠳ᠋ᠤ᠌ ᠬᠣᠢᠭᠤᠷ ᠨᠢ ᠵᠢᠭᠰᠠᠭᠠᠭᠳᠠᠵᠤ ᠪᠣᠢ ᠃ ᠪᠠᠢᠭᠠᠯᠢ ᠵᠢᠨ ᠨᠥᠬᠥᠴᠡᠯ ᠪᠣᠯ ᠪᠣᠳᠠᠲᠠᠢ ᠂ ᠬᠥᠭᠵᠢᠯᠲᠡ ᠵᠢᠨ ᠵᠥᠷᠢᠶ᠎ᠡ ᠪᠣᠯ ᠪᠤᠰᠤᠳᠴᠢ᠂ ᠡᠭᠦᠨ ᠢ᠋ ᠣᠮᠲᠣᠭᠠᠢᠯᠠᠵᠤ ᠪᠣᠯᠣᠰᠢ ᠦᠭᠡᠢ ᠂ ᠭᠡᠪᠡᠴᠦ ᠡᠭᠦᠨ᠎ᠡᠴᠡ ᠪᠣᠯᠵᠤ ᠪᠡᠶ᠎ᠡ ᠪᠡᠨ ᠭᠣᠯᠣᠵᠤ ᠂ ᠵᠣᠷᠢᠭ ᠮᠤᠬᠤᠵᠦ ᠪᠣᠯᠬᠤ ᠦᠭᠡᠢ ᠃

ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ᠍ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠲᠠᠪᠤᠳᠤᠭᠠᠷ ᠪᠦᠭᠦᠳᠡ ᠬᠤᠷᠠᠯ ᠡᠴᠡ ᠳᠤᠷᠠᠳᠤᠭᠰᠠᠨ 《ᠳᠣᠯᠣᠭ᠎ᠠ ᠵᠢ ᠲᠠᠶᠠᠭᠳᠠᠬᠤ》 ᠱᠠᠭᠠᠷᠳᠠᠯᠭ᠎ᠠ ᠵᠢ ᠭᠦᠨᠵᠡᠭᠡᠢᠷᠡᠭᠦᠯᠦᠨ ᠨᠠᠢᠳᠠᠪᠤᠷᠢᠵᠢᠭᠤᠯᠵᠤ ᠂ ᠵᠣᠷᠢᠭᠲᠠᠢ ᠪᠠᠷ ᠬᠥᠮᠦᠨ᠎ᠡᠴᠡ ᠲᠦᠷᠦᠭᠦᠯᠡᠬᠦ ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠪᠠᠷ ᠴᠢᠷᠮᠠᠢᠬᠤ ᠡᠷᠴᠢ ᠵᠣᠷᠢᠭ ᠢ᠋ ᠬᠥᠭᠵᠢᠭᠡᠨ᠂ ᠡᠷᠴᠢ ᠵᠣᠷᠢᠭ ᠵᠢᠠᠨ ᠬᠥᠪᠴᠢᠯᠡᠨ ᠶᠡᠬᠡ ᠪᠡᠷ ᠠᠵᠢᠯᠯᠠᠵᠤ ᠲᠦᠷᠭᠡᠨ ᠲᠠᠪᠰᠢᠵᠤ ᠂ ᠥᠷᠯᠥᠭᠡ ᠦᠳᠡᠰᠢ ᠵᠢ ᠲᠡᠮᠡᠴᠡᠬᠦ ᠡᠷᠴᠢ ᠵᠣᠷᠢᠭ ᠵᠢᠠᠨ ᠬᠥᠪᠴᠢᠯᠡᠨ ᠂ ᠦᠷ᠎ᠡ ᠳ᠋ᠦᠩ ᠵᠢᠡᠷ ᠦᠭᠡ ᠬᠡᠯᠡᠬᠦ ᠂ ᠪᠣᠳᠠᠲᠤ ᠠᠮᠵᠢᠯᠲᠠ ᠪᠠᠷ ᠪᠠᠭᠠᠲᠤᠷ ᠢ᠋ ᠦᠨᠡᠯᠡᠬᠦ ᠤᠳᠤᠷᠢᠳᠤᠮᠵᠢ ᠵᠢ ᠴᠢᠩᠭᠠᠳᠭᠠᠵᠤ ᠂ ᠠᠭᠤᠯᠠ ᠲᠠᠭᠠᠷᠠᠪᠠᠯ ᠵᠠᠮ ᠨᠡᠭᠡᠭᠡᠨ ᠂ ᠤᠰᠤ ᠲᠠᠭᠠᠷᠠᠪᠠᠯ ᠬᠥᠭᠥᠷᠭᠡ ᠲᠠᠯᠪᠢᠬᠤ ᠰᠥᠰᠥ ᠵᠣᠷᠢᠭ ᠢ᠋ ᠡᠪᠦᠷᠯᠡᠵᠦ ᠂ ᠬᠣᠯᠠ ᠣᠢᠷ᠎ᠠ ᠵᠢ ᠬᠠᠮᠲᠤ ᠳ᠋ᠤᠨᠢ ᠬᠠᠷᠠᠭᠠᠯᠵᠠᠬᠤ ᠂ ᠦᠷ᠎ᠡ ᠠᠰᠢᠭ ᠢ᠋ ᠲᠡᠷᠢᠭᠦᠨ ᠳ᠋ᠦ᠍ ᠲᠠᠯᠪᠢᠬᠤ ᠣᠢᠯᠠᠭᠠᠭᠳᠠᠬᠤᠨ ᠢ᠋ ᠪᠠᠷᠢᠮᠲᠠᠯᠠᠵᠤ ᠂ ᠨᠠᠷᠢᠯᠢᠭ ᠪᠥᠭᠡᠳ ᠤᠨᠴᠠ ᠰᠠᠢᠨ ᠂ ᠥᠨᠳᠥᠷ ᠪᠠᠷᠢᠮᠵᠢᠶ᠎ᠠ ᠪᠠ ᠥᠨᠳᠥᠷ ᠴᠢᠨᠠᠷ ᠴᠢᠨᠰᠠᠭ᠎ᠠ ᠲᠠᠢ ᠪᠠᠢᠬᠤ ᠵᠢ ᠬᠥᠭᠡᠭᠡᠴᠡᠯᠳᠦᠵᠦ ᠂ ᠡᠵᠡᠩᠨᠡᠯᠲᠡ ᠬᠠᠮᠢᠶᠠᠷᠤᠯᠲᠠ ᠂ ᠨᠠᠷᠢᠨ ᠨᠢᠭᠲᠠ ᠪᠣᠳᠣᠬᠤ ᠴᠢᠳᠠᠪᠤᠷᠢ ᠪᠠᠨ ᠴᠢᠩᠭᠠᠳᠭᠠᠵᠤ ᠂ ᠦᠵᠡᠯ ᠰᠠᠨᠠᠭ᠎ᠠ ᠪᠠᠨ ᠴᠢᠯᠥᠭᠡᠯᠡᠨ ᠂ ᠦᠵᠡᠯᠲᠡ ᠪᠡᠨ ᠰᠢᠨᠡᠳᠭᠡᠵᠦ ᠂ ᠬᠥᠭᠵᠢᠯᠲᠡ ᠵᠢ ᠲᠦᠷᠭᠡᠳᠭᠡᠬᠦ ᠂ ᠬᠥᠭᠵᠢᠯᠲᠡ ᠵᠢ ᠶᠡᠬᠡ ᠪᠡᠷ ᠠᠳᠭᠤᠬᠤ ᠴᠣᠭ ᠰᠦᠯᠳᠡ ᠵᠢ ᠪᠦᠬᠦ ᠲᠠᠯ᠎ᠠ ᠪᠠᠷ ᠬᠥᠭᠵᠢᠭᠡᠬᠦ ᠴᠢᠬᠤᠯᠠᠳᠠᠢ ᠃

ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭᠴᠢ ᠂ ᠪᠤᠭᠤᠲᠤ ᠵᠢᠨ ᠪᠣᠯᠣᠳ ᠲᠡᠮᠦᠷ ᠤ᠋ᠨ (ᠪᠦᠯᠦᠭᠯᠡᠯ) ᠺᠣᠮᠫᠠᠨᠢ ᠵᠢᠨ ᠨᠠᠮ ᠤ᠋ᠨ ᠬᠣᠷᠢᠶ᠎ᠠ ᠵᠢᠨ ᠱᠦᠵᠢ ᠂ ᠬᠡᠷᠡᠭ ᠮᠡᠳᠡᠭᠴᠢᠳ ᠤ᠋ᠨ ᠳᠠᠷᠤᠭ᠎ᠠ ᠸᠧᠢ ᠱᠤᠸᠠᠨ ᠱᠢ ᠬᠡᠯᠡᠬᠦ ᠳ᠋ᠡᠭᠡᠨ ᠂ ᠪᠤᠭᠤᠲᠤ ᠵᠢᠨ ᠪᠣᠯᠣᠳ ᠲᠡᠮᠦᠷ ᠤ᠋ᠨ ᠪᠦᠯᠦᠭᠯᠡᠯ ᠪᠣᠯ ᠥᠪᠥᠷ ᠮᠣᠩᠭᠣᠯ ᠤ᠋ᠨ ᠬᠠᠮᠤᠭ ᠤ᠋ᠨ ᠲᠣᠮᠣ ᠠᠵᠤ ᠦᠢᠯᠡᠳᠪᠦᠷᠢ ᠵᠢᠨ ᠠᠵᠤ ᠠᠬᠤᠢᠯᠠᠯ ᠪᠣᠯᠤᠨ᠎ᠠ ᠂ 2023 ᠣᠨ ᠳ᠋ᠤ᠌ ᠪᠤᠭᠤᠲᠤ ᠵᠢᠨ ᠪᠣᠯᠣᠳ ᠲᠡᠮᠦᠷ ᠤ᠋ᠨ ᠪᠦᠯᠦᠭᠯᠡᠯ ᠤ᠋ᠨ ᠬᠢᠨ 《ᠬᠣᠪᠣᠷ ᠰᠢᠷᠣᠢ ᠵᠢᠨ ᠫᠠᠢᠰᠠ》 ᠂ 《 ᠡᠬᠢ ᠪᠠᠶᠠᠯᠢᠭ ᠤ᠋ᠨ ᠫᠠᠢᠰᠠ》 ᠵᠢ ᠰᠠᠢᠲᠤᠷ ᠬᠦᠢᠴᠡᠳᠭᠡᠵᠤ ᠂ ᠬᠣᠪᠣᠷ ᠰᠢᠷᠣᠢ ᠵᠢᠨ ᠠᠵᠤ ᠦᠢᠯᠡᠰ ᠢ᠋ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭᠠᠨ ᠰᠠᠢᠲᠤᠷ ᠬᠥᠭᠵᠢᠭᠦᠯᠵᠦ ᠂ ᠬᠣᠪᠣᠷ ᠰᠢᠷᠣᠢ ᠵᠢᠨ ᠰᠣᠷᠢᠨᠵᠢᠨᠲᠤ ᠮᠠᠲ᠋ᠧᠷᠢᠶᠠᠯ ᠵᠢᠠᠷ ᠭᠣᠣᠯᠳᠠᠯᠭ᠎ᠠ ᠪᠣᠯᠭᠠᠨ ᠂ ᠬᠣᠪᠣᠷ ᠰᠢᠷᠣᠢ ᠵᠢᠨ ᠪᠣᠯᠣᠳ ᠢ᠋ ᠰᠤᠳᠤᠯᠤᠨ ᠨᠡᠭᠡᠭᠡᠬᠦ ᠪᠡᠷ ᠰᠢᠪᠲᠤᠯᠤᠯᠲᠠ ᠪᠣᠯᠭᠠᠵᠤ ᠂ ᠬᠣᠪᠣᠷ ᠰᠢᠷᠣᠢ ᠵᠢᠨ ᠴᠢᠳᠠᠮᠵᠢᠲᠤ ᠮᠠᠲ᠋ᠧᠷᠢᠶᠠᠯ ᠤ᠋ᠨ ᠰᠢᠨ᠎ᠡᠵᠢ ᠡᠭᠦᠳᠦᠨ ᠬᠥᠭᠵᠢᠭᠦᠯᠬᠦ ᠲᠠᠯ᠎ᠠ ᠪᠠᠷ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠢᠷᠠᠭᠤᠯᠤᠨ ᠂ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠤ᠋ᠨ ᠬᠠᠩᠭᠠᠯᠭ᠎ᠠ ᠵᠢᠨ ᠬᠡᠯᠬᠢᠶ᠎ᠡ ᠵᠢᠨ ᠠᠵᠢᠯ ᠢ᠋ ᠰᠠᠢᠲᠤᠷ ᠬᠢᠵᠦ ᠂ ᠤᠮᠠᠷᠠᠲᠤ ᠵᠢᠨ ᠬᠣᠪᠣᠷ ᠰᠢᠷᠣᠢ ᠵᠢ ᠪᠦᠬᠦ ᠤᠯᠤᠰ ᠴᠢᠨᠠᠭᠰᠢᠯᠠᠪᠠᠯ ᠳᠡᠯᠡᠬᠡᠢ ᠵᠢᠨ ᠬᠣᠪᠣᠷ ᠰᠢᠷᠣᠢ ᠵᠢᠨ ᠠᠵᠤ ᠦᠢᠯᠡᠰ ᠤ᠋ᠨ ᠲᠣᠯᠣᠭᠠᠢᠯᠠᠭᠴᠢ ᠠᠵᠤ ᠠᠬᠤᠢᠯᠠᠯ ᠪᠣᠯᠬᠤ ᠪᠠᠢᠷᠢ ᠰᠠᠭᠤᠷᠢ ᠵᠢ ᠪᠠᠲᠤᠯᠠᠨ᠎ᠡ ᠃

ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ᠎ᠳᠦ ᠂ ᠠᠷᠠᠳ ᠤ᠋ᠨ ᠬᠦᠴᠢᠷᠳᠡᠯ ᠢ᠋ ᠰᠢᠢᠳᠪᠦᠷᠢᠯᠡᠵᠦ ᠂ ᠠᠷᠠᠳ ᠤ᠋ᠨ ᠠᠮᠢᠳᠤᠷᠠᠯ ᠳ᠋ᠦ ᠠᠱᠢᠭ ᠬᠦᠷᠲᠡᠭᠡᠬᠦ᠌ ᠪᠣᠳᠠᠲᠤ ᠶᠠᠪᠤᠳᠠᠯ ᠰᠠᠢ᠌ᠨ ᠶᠠᠪᠤᠳᠠᠯ ᠢ᠋ ᠰᠠᠢᠲᠤᠷ ᠬᠢᠵᠦ᠍ ᠂ ᠠᠷᠠᠳ ᠲᠦᠮᠡᠨ᠎ᠦ ᠠᠮᠢᠳᠤᠷᠠᠯ ᠢ᠋ ᠨᠡᠩ ᠰᠠᠢ᠌ᠨ ᠰᠠᠢᠬᠠᠨ ᠪᠣᠯᠭᠠᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠂ ᠬᠢᠩᠭᠠᠨ ᠠᠢᠮᠠᠭ ᠤ᠋ᠨ ᠤᠯᠠᠭᠠᠨᠬᠣᠲᠠ ᠶ᠋ᠢᠨ ᠬᠣᠲᠠ ᠶ᠋ᠢᠨ ᠳᠠᠷᠤᠭ᠎ᠠ ᠯᠢᠦ ᠢᠦᠶ ᠄ 《 2023 ᠣᠨ ᠳ᠋ᠦ ᠂ ᠤᠯᠠᠭᠠᠨᠬᠣᠲᠠ ᠥᠨᠳᠥᠷ ᠪᠠᠷᠢᠮᠵᠢᠶ᠎ᠠ᠎ᠪᠠᠷ 88 ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠢ᠋ ᠥᠭᠡᠷᠡᠴᠢᠯᠡᠨ ᠱᠢᠨᠡᠳᠭᠡᠵᠦ᠍ ᠂ ᠲᠠᠯᠠᠪᠠᠶ᠎ᠨᠢ 65 ᠲᠦᠮᠡᠨ ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠍ ᠂ ᠣᠯᠠᠨ ᠲᠦᠮᠡᠨ᠎ᠦ ᠣᠷᠣᠨ ᠰᠠᠭᠤᠴᠠ ᠵᠢ ᠨᠠᠩ ᠲᠠᠭᠠᠯᠠᠮᠵᠢᠲᠠᠶ ᠂ ᠨᠠᠩ ᠬᠠᠯᠠᠭᠤᠨ ᠳᠤᠯᠠᠭᠠᠨ ᠪᠣᠯᠭᠠᠵᠠᠢ᠃ ᠡᠭᠦᠨ᠎ᠦ ᠬᠠᠮᠲᠤ ᠂ ᠬᠣᠲᠠ ᠶ᠋ᠢᠨ ᠲᠤᠭᠤᠷᠢᠯ ᠲᠦᠷᠬᠡᠨ ᠤ᠋ ᠵᠠᠮ ᠂ ᠱᠢᠶᠠᠩ ᠳ᠋ᠦ ᠨᠡᠪᠲᠡᠷᠡᠬᠦ᠌ ᠵᠠᠰᠠᠮᠠᠯ ᠵᠠᠮ ᠂ ᠠᠵᠤ ᠦᠶ᠋ᠯᠡᠳᠪᠦᠷᠢ᠂ ᠡᠳ᠋ ᠪᠠᠷᠠᠭᠠᠨ ᠤ᠋ ᠭᠦᠶ᠋ᠯᠭᠡᠭᠡ᠂ ᠠᠵᠤ ᠦᠶ᠋ᠯᠡᠰ ᠤ᠋ᠨ ᠵᠠᠮ ᠢ᠋ ᠲᠦᠷᠭᠡᠳᠭᠡᠨ ᠪᠥᠲᠥᠭᠡᠨ ᠪᠠᠢᠭᠤᠯᠵᠤ ᠂ ᠬᠣᠲᠠ ᠶ᠋ᠢᠨ ᠲᠣᠭᠣᠷᠢᠭ ᠤ᠋ᠨ 14 ᠵᠤᠷᠪᠤᠰ ᠂ 20 ᠺᠢᠯᠣᠮᠧᠲ᠋ᠷ ᠵᠠᠮ ᠢ᠋ ᠨᠡᠪᠲᠡᠷᠡᠭᠦᠯᠦᠨ ᠥᠷᠭᠡᠳᠭᠡᠵᠦ᠍ ᠂ ᠪᠠᠭᠠᠨ᠎ᠠ ᠵᠠᠮ ᠢ᠋ ᠡᠵᠡᠯᠡᠭᠰᠡᠨ ᠂ ᠭᠠᠵᠠᠷ ᠲᠠᠲᠠᠪᠤᠷᠢᠯᠠᠬᠰᠠᠨ ᠦᠯᠡᠳᠡᠭᠳᠡᠯ ᠂ ᠲᠣᠭ᠍ᠲᠠᠭᠠᠯ᠎ᠠᠴᠠ ᠵᠥᠷᠢᠴᠡᠨ ᠲᠡᠷᠭᠡ ᠵᠣᠭ᠍ᠰᠣᠭᠠᠬᠤ ᠵᠡᠷᠭᠡ ᠣᠯᠠᠨ ᠲᠦᠮᠡᠨ᠎ᠦ ᠶᠠᠪᠤᠵᠤ ᠰᠠᠭᠤᠬᠤ ᠵᠢ ᠨᠥᠯᠥᠭᠡᠯᠡᠬᠰᠡᠨ ᠠᠰᠠᠭᠤᠳᠠᠯ ᠢ᠋ ᠬᠦᠴᠦᠯᠡᠨ ᠱᠢᠶ᠋ᠳᠪᠦᠷᠢᠯᠡᠵᠦ᠍ ᠂ 〈 ᠲᠦᠭ᠌ᠵᠢᠷᠡᠯ ᠲᠠᠢ ᠵᠠᠮ 〉 ᠢ᠋ 〈 ᠱᠢᠯᠤᠭᠤᠨ ᠵᠠᠮ 〉 ᠪᠣᠯᠭᠠᠨ ᠬᠤᠪᠢᠷᠠᠭᠤᠯᠵᠠᠢ᠃ 》 ᠭᠡᠵᠦ ᠬᠡᠯᠡᠪᠡ᠃

ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ᠎ᠳᠦ ᠂ ᠬᠣᠢᠱᠢᠳᠠ ᠶ᠋ᠢᠨ ᠲᠠᠪᠤᠨ ᠵᠢᠯ᠎ᠳᠦ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠲᠤᠱᠢᠶᠠᠭ᠍ᠰᠠᠨ ᠲᠠᠪᠤᠨ ᠶᠡᠬᠡ ᠡᠭᠦᠷᠭᠡ ᠵᠢ ᠴᠢᠷᠮᠠᠢᠨ ᠪᠡᠶᠡᠯᠡᠭᠦᠯᠵᠦ᠍ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠵᠤ ᠂ ᠡᠬᠡ ᠤᠯᠤᠰ ᠤ᠋ᠨ ᠤᠮᠠᠷᠠᠲᠤ ᠶ᠋ᠢᠨ ᠦᠵᠡᠮᠵᠢ ᠶ᠋ᠢᠨ ᠣᠷᠣᠨ ᠢ᠋ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠤᠨ᠎ᠠ ᠭᠡᠵᠦ᠍ ᠳᠤᠷᠠᠳᠴᠠᠶ᠃

ᠱᠢᠨ᠎ᠡ ᠠᠶᠠᠨ ᠵᠠᠮ ᠬᠥᠮᠦᠰ ᠢ᠋ ᠡᠷᠡᠯᠬᠡᠭᠯᠡᠨ ᠤᠷᠤᠭᠰᠢᠯᠠᠭᠤᠯᠵᠦ ᠂ ᠠᠥᠭ᠎ᠠ ᠰᠦᠷᠯᠢᠭ ᠳᠦᠰᠦᠪ ᠲᠥᠯᠥᠪᠯᠡᠭᠡ ᠬᠥᠮᠦᠰ ᠢ᠋ ᠤᠷᠮᠠᠱᠢᠭᠤᠯᠤᠨ ᠵᠤᠷᠢᠭᠵᠢᠭᠤᠯᠤᠨ᠎ᠠ᠃

ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ᠎ᠦ ᠭᠡᠱᠢᠭᠦᠨ ᠂ ᠥᠪᠥᠷ ᠮᠣᠩᠭᠣᠯ ᠤ᠋ᠨ ᠦᠨᠳᠦᠰᠦᠲᠡᠨ᠎ᠦ ᠶᠡᠬᠡ ᠰᠤᠷᠭᠠᠭᠤᠯᠢ ᠶ᠋ᠢᠨ ᠲᠠᠷᠢᠶᠠᠯᠠᠩ ᠤ᠋ᠨ ᠳᠡᠭᠡᠳᠦ ᠰᠤᠷᠭᠠᠭᠤᠯᠢ ᠶ᠋ᠢᠨ ᠵᠠᠬᠢᠷᠤᠯ ᠯᠢ ᡁᠢ ᠭᠠᠩ ᠄ 《 ᠬᠦᠳᠡᠭᠡ ᠠᠵᠤ ᠠᠬᠤᠢ᠎ᠶᠢᠨ ᠠᠵᠢᠯᠲᠠᠨ ᠪᠣᠯᠤᠭ᠍ᠰᠠᠨ ᠤ᠋ ᠬᠤᠪᠢ ᠳ᠋ᠦ ᠂ ᠡᠲᠡᠭᠡᠷ ᠵᠢᠯ᠎ᠦᠳ᠎ᠲᠦ ᠂ ᠪᠢᠳᠡ ᠶᠡᠷᠦ ᠨᠢ ᠡᠰᠢ ᠰᠦᠷᠡᠯ ᠢ᠋ ᠲᠠᠷᠢᠶᠠᠨ ᠭᠠᠵᠠᠷ᠎ᠲᠤ ᠰᠢᠩᠭᠡᠭᠡᠬᠦ ᠂ ᠲᠣᠮᠣ ᠬᠡᠯᠪᠡᠷᠢ ᠶ᠋ᠢᠨ ᠮᠧᠬᠠᠨᠢᠭ ᠤ᠋ᠨ ᠬᠡᠷᠡᠭ᠌ᠯᠡᠭᠡ ᠵᠢ ᠳᠡᠯᠭᠡᠷᠡᠭᠦᠯᠬᠦ᠌ ᠂ ᠲᠠᠷᠢᠮᠠᠯ ᠤ᠋ᠨ ᠦᠶ᠋ᠯᠡᠰ ᠤ᠋ᠨ ᠪᠦᠲᠦᠴᠡ᠎ᠳᠦ ᠲᠣᠬᠢᠷᠠᠭᠤᠯᠤᠯᠲᠠ ᠬᠢᠬᠦ᠌ ᠂ ᠠᠮᠢᠳᠤ ᠪᠣᠳᠠᠰ ᠤ᠋ᠨ ᠡᠭᠦᠯᠳᠡᠷ ᠪᠣᠢᠵᠢᠭᠤᠯᠬᠤ ᠵᠡᠷᠭᠡ ᠠᠵᠢᠯ ᠢ᠋ ᠬᠢᠭ᠌ᠰᠡᠭᠡᠷ ᠢᠷᠡᠵᠡᠶ ᠂ ᠪᠢᠳᠡ 〈 ᠪᠣᠭᠣᠮᠲᠠ ᠶ᠋ᠢᠨ ᠭᠠᠳᠠᠨᠠᠬᠢ ᠠᠮᠤ〉 ᠵᠢ ᠰᠠᠢᠲᠤᠷ ᠳᠠᠷᠢᠵᠤ ᠂ 〈 ᠳᠤᠮᠳᠠᠳᠤ ᠤᠯᠤᠰ ᠤ᠋ᠨ ᠠᠮᠤ ᠪᠤᠳᠠᠭ᠎ᠠ〉 ᠵᠢ ᠡᠯᠪᠡᠭ᠌ᠵᠢᠭᠦᠯᠬᠦ᠌᠎ᠳᠦ ᠨᠠᠩ ᠣᠯᠠᠨ ᠤᠯᠤᠰ ᠲᠥᠷᠥ ᠶ᠋ᠢᠨ ᠵᠥᠪᠯᠡᠯᠭᠡᠨ᠎ᠦ ᠣᠶᠤᠨ ᠤᠬᠠᠭᠠᠨ ᠪᠠ ᠬᠦᠴᠦᠨ ᠴᠢᠳᠠᠯ ᠢ᠋ᠶ᠋ᠠᠨ ᠡᠷᠭᠦᠬᠦ᠌ ᠢᠲᠡᠭᠡᠯ᠎ᠲᠡᠶ ᠪᠠᠢᠨ᠎ᠠ》 ᠭᠡᠵᠡᠢ᠃

ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢ᠂ ᠶᠤᠸᠠᠨ ᠵᠢᠩ ᠡᠨᠧᠷᠭᠢ ᠶ᠋ᠢᠨ ᠤᠮᠠᠷᠠᠲᠤ ᠶ᠋ᠢᠨ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠺᠣᠮᠫᠠᠨᠢ ᠶ᠋ᠢᠨ ᠤᠷᠳᠤᠰ ᠤ᠋ᠨ ᠶᠡᠷᠦᠩᠬᠡᠢ ᠵᠠᠬᠢᠷᠤᠯ ᠢᠦᠢ ᠯᠸ ᠄ 《 ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ᠎ᠳᠦ〈 ᠱᠢᠨ᠎ᠡ ᠡᠨᠧᠷᠭᠢ᠎ᠪᠡᠷ ᠱᠢᠨ᠎ᠡ ᠠᠵᠤ ᠦᠢᠯᠡᠳᠪᠦᠷᠢ ᠵᠢ ᠳᠠᠢᠴᠢᠯᠠᠬᠤ ᠵᠢ ᠪᠠᠷᠢᠮᠲᠠᠯᠠᠬᠤ ᠬᠡᠷᠡᠭ᠌ᠲᠡᠢ 〉 〈 ᠨᠡᠩ ᠤᠯᠠᠨ ᠨᠡᠭᠦᠷᠡᠰᠦᠲᠥ᠋ᠷᠥᠭ᠌ᠴᠢ ᠪᠠᠭ᠎ᠠ ᠬᠦᠷᠢᠶᠡᠯᠡᠩ ᠲᠣᠭᠣᠷᠢᠭ᠂ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ ᠢ᠋ ᠪᠠᠢᠭᠤᠯᠬᠤ ᠬᠡᠷᠡᠭ᠌ᠲᠡᠢ᠂ ᠠᠵᠤ ᠦᠢᠯᠡᠰ ᠤ᠋ᠨ ᠬᠡᠯᠬᠢᠶ᠎ᠡ᠂ ᠬᠠᠩᠭᠠᠯᠭ᠎ᠠ ᠶ᠋ᠢᠨ ᠬᠡᠯᠬᠢᠶ᠎ᠡ ᠶ᠋ᠢ ᠪᠣᠬᠢᠷᠲᠤᠯ ᠦᠭᠡᠢ ᠪᠣᠯᠭᠠᠬᠤ ᠬᠢᠷᠢ ᠲᠦᠪᠱᠢᠨ ᠢ᠋ ᠦᠨᠡᠨ ᠬᠦ᠌ ᠳᠡᠭᠡᠭ᠌ᠰᠢᠯᠡᠭᠦᠯᠦᠨ᠎ᠡ ᠭᠡᠵᠡᠢ᠂ ᠡᠨᠡ ᠨᠢ ᠱᠢᠨ᠎ᠡ ᠡᠨᠧᠷᠭᠢ ᠶ᠋ᠢᠨ ᠬᠥᠭ᠌ᠵᠢᠯᠲᠡ᠎ᠳᠦ ᠴᠢᠭ᠌ᠯᠡᠯ ᠢ᠋ ᠵᠢᠭᠠᠵᠤ ᠥᠭ᠌ᠴᠡᠶ᠂ ᠶᠤᠸᠠᠨ ᠵᠢᠩ ᠺᠣᠮᠫᠠᠨᠢ ᠨᠢ ᠮᠠᠨ ᠤ᠋ ᠣᠷᠣᠨ ᠤ᠋ ᠱᠢᠨ᠎ᠡ ᠡᠨᠧᠷᠭᠢ ᠶ᠋ᠢᠨ ᠬᠦᠷᠢᠶᠡᠨ᠎ᠦ ᠳᠠᠭᠠᠭᠤᠯᠤᠭ᠍ᠴᠢ ᠠᠵᠤ ᠠᠬᠤᠢᠯᠠᠯ ᠪᠣᠯᠤᠭ᠍ᠰᠠᠨ ᠤ᠋ ᠬᠤᠪᠢ ᠳ᠋ᠦ᠂ ᠥᠪᠡᠷᠲᠡᠭᠡᠨ ᠵᠠᠰᠠᠬᠤ ᠣᠷᠣᠨ ᠤ᠋ ᠰᠠᠯᠬᠢ ᠭᠡᠷᠡᠯ ᠤ᠋ᠨ ᠡᠨᠧᠷᠬᠢ᠎ᠶᠢᠨ ᠡᠬᠢ ᠪᠠᠶᠠᠯᠢᠭ᠂ ᠥᠪᠡᠷ ᠤ᠋ᠨ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠴᠢᠳᠠᠪᠤᠷᠢ᠎ᠳᠠᠭᠠᠨ ᠲᠦᠱᠢᠭ᠌ᠯᠡᠨ᠂ ᠨᠡᠭᠦᠷᠡᠰᠦᠲᠥ᠋ᠷᠥᠭ᠌ᠴᠢ ᠶ᠋ᠢᠨ ᠠᠵᠤ ᠦᠢᠯᠡᠰ ᠤ᠋ᠨ ᠬᠦᠷᠢᠶᠡᠯᠡᠩ᠂ ᠡᠨᠧᠷᠬᠢ ᠲᠤᠤᠷ ᠳᠠᠭᠠᠭᠠᠴᠠ ᠨᠦᠬᠡᠴᠡ᠂ ᠱᠢᠨ᠎ᠡ ᠬᠡᠯᠪᠡᠷᠢ ᠶ᠋ᠢᠨ ᠴᠠᠬᠢᠯᠭᠠᠨ ᠬᠦᠴᠦᠨ᠎ᠦ ᠱᠢᠰᠲ᠋ᠧᠮ ᠵᠡᠷᠭᠡ ᠰᠢᠨ᠎ᠡ ᠬᠦᠷᠢᠶ᠎ᠡ ᠴᠠᠷᠠᠭ᠎ᠠ᠎ᠵᠢ ᠡᠷᠭᠡᠰᠢᠶᠡᠪᠡ᠂ ᠵᠣᠷᠢᠭ᠍ᠲᠠᠶ᠎ᠪᠠᠷ ᠱᠢᠨ᠎ᠡ ᠵᠢ ᠡᠭᠦᠳᠴᠤ᠂ ᠥᠪᠡᠷᠲᠡᠭᠡᠨ ᠵᠠᠰᠠᠬᠤ ᠣᠷᠣᠨ ᠤ᠋ ᠱᠢᠨ᠎ᠡ ᠡᠨᠧᠷᠭᠢ ᠶ᠋ᠢᠨ ᠠᠵᠤ ᠦᠶ᠋ᠯᠡᠰ ᠪᠠ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠱᠢᠨ᠎ᠡ ᠠᠵᠤ ᠦᠶ᠋ᠯᠡᠳᠪᠦᠷᠢ ᠶ᠋ᠢᠨ ᠱᠢᠰᠲ᠋ᠧᠮ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠳᠦ ᠬᠦᠴᠦᠨ ᠨᠡᠮᠡᠷᠢᠯᠡᠵᠦ ᠂  ᠥᠪᠡᠷᠲᠡᠭᠡᠨ ᠵᠠᠰᠠᠬᠤ ᠣᠷᠣᠨ ᠤ᠋ ᠪᠣᠬᠢᠷᠲᠤᠯ ᠦᠭᠡᠢ ᠬᠥᠭ᠌ᠵᠢᠯᠲᠡ᠎ᠳᠦ ᠱᠢᠨ᠎ᠡ ᠵᠠᠮ ᠨᠡᠭᠡᠭᠡᠵᠦ᠍ ᠥᠭ᠌ᠪᠡ ᠃  〈 ᠠᠵᠤ ᠦᠶ᠋ᠯᠡᠳᠪᠦᠷᠢ ᠶ᠋ᠢᠨ ᠥᠪᠥᠷ ᠮᠣᠩᠭᠣᠯ 〉 ᠢ᠋ ᠳᠠᠬᠢᠨ ᠪᠠᠢᠭᠤᠯᠬᠤ ᠳ᠋ᠦ ᠪᠢ ᠱᠢᠨ᠎ᠡ ᠡᠨᠧᠷᠭᠢ ᠶ᠋ᠢᠨ ᠠᠵᠢᠯᠳᠠᠨ ᠪᠣᠯᠤᠭ᠍ᠰᠠᠨ ᠤ᠋ ᠬᠤᠪᠢ ᠳ᠋ᠦ ᠢᠲᠡᠭᠡᠯ ᠳᠦᠭᠦᠷᠡᠩ ᠪᠠᠢᠨ᠎ᠠ》 ᠭᠡᠵᠦ ᠬᠡᠯᠡᠪᠡ᠃

ᠥᠪᠥᠷ ᠮᠣᠩᠭᠣᠯ ᠤ᠋ᠨ ᠵᠠᠪᠠᠯ ᠢᠯᠠᠬᠤ ᠱᠢᠯᠲᠠᠭᠠᠨ ᠲᠣᠭᠠᠯᠠᠭᠠᠳ ᠪᠠᠷᠠᠰᠢ ᠦᠭᠡᠢ ᠂ ᠥᠪᠥᠷ ᠮᠣᠩᠭᠣᠯ ᠤ᠋ᠨ ᠵᠠᠪᠠᠯ ᠢᠯᠠᠬᠤ ᠢᠲᠡᠭᠡᠯ ᠵᠣᠷᠢᠭ ᠬᠡᠯᠡᠭᠡᠳ ᠳᠠᠭᠤᠰᠤᠰᠢ ᠦᠭᠡᠢ᠃ 2023 ᠣᠨ ᠳ᠋ᠦ ᠂ ᠪᠦᠬᠦ᠌ ᠣᠷᠣᠨ ᠤ᠋ ᠦᠨᠳᠦᠰᠦᠲᠡᠨ᠎ᠨᠦᠭᠦᠳ ᠤ᠋ᠨ ᠠᠷᠠᠳ ᠲᠦᠮᠡᠨ ᠨᠢᠭᠡ ᠰᠡᠳᠭᠢᠯ ᠨᠢᠭᠡ ᠵᠣᠷᠢᠭ ᠢ᠋ᠶ᠋ᠠᠷ ᠱᠢᠷᠭᠠᠭᠤ ᠠᠵᠢᠯᠯᠠᠨ ᠪᠣᠳᠠᠲᠠᠢ ᠬᠢᠵᠦ ᠂ ᠱᠢᠨ᠎ᠡ ᠴᠠᠭ ᠦᠶ᠎ᠡ ᠶ᠋ᠢᠨ ᠥᠪᠥᠷ ᠮᠣᠩᠭᠣᠯ ᠤ᠋ᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠵᠦ᠍ ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠂ ᠳᠤᠮᠳᠠᠳᠤ ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ᠌ ᠲᠠᠯ᠎ᠠ᠎ᠪᠠᠷ ᠠᠬᠢᠭᠤᠯᠬᠤ ᠳ᠋ᠦ ᠥᠪᠥᠷ ᠮᠣᠩᠭᠣᠯ ᠤ᠋ᠨ ᠬᠦᠴᠦᠨ ᠴᠢᠳᠠᠯ ᠢ᠋ᠶ᠋ᠠᠨ ᠡᠷᠭᠦᠬᠦ᠌ ᠨᠢ ᠯᠠᠪᠲᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号