1 ᠰᠠᠷ᠎ᠠ᠎ᠶ᠋ᠢᠨ 14 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠲᠥᠯᠥᠭᠡᠯᠡᠭ᠌ᠴᠢᠳ ᠳᠤᠭᠤᠢᠯᠠᠩ ᠬᠤᠪᠢᠶᠠᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶᠠᠨ᠎ᠤ ᠠᠵᠢᠯ᠎ᠤᠨ ᠮᠡᠳᠡᠭᠦᠯᠦᠯᠲᠡ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃
ᠲᠥᠯᠥᠭᠡᠯᠡᠭ᠌ᠴᠢᠳ᠂ ᠠᠵᠢᠯ᠎ᠤᠨ ᠮᠡᠳᠡᠭᠦᠯᠦᠯᠲᠡ᠎ᠨᠢ ᠦᠩᠭᠡᠷᠡᠭᠰᠡᠨ ᠲᠠᠪᠤᠨ ᠵᠢᠯ᠎ᠦᠨ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ᠎ᠶ᠋ᠢᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠪᠤᠰᠤᠳᠴᠢ ᠪᠥᠭᠡᠳ ᠪᠥᠬᠥ᠌ ᠲᠠᠯ᠎ᠠ᠎ᠪᠠᠷ᠂ ᠦᠨᠡᠨ᠎ᠡᠴᠡ ᠵᠥᠪ᠎ᠢ ᠡᠷᠢᠬᠦ᠌ ᠣᠪᠣᠷ᠎ᠢᠶᠠᠷ ᠳ᠋ᠦᠩᠨᠡᠵᠦ᠍᠂ 2023 ᠣᠨ ᠪᠠ ᠬᠣᠢᠱᠢᠳᠠ᠎ᠶ᠋ᠢᠨ ᠨᠢᠭᠡ ᠬᠡᠰᠡᠭ ᠬᠤᠭᠤᠴᠠᠭᠠᠨ᠎ᠤ ᠠᠵᠢᠯ᠎ᠤᠨ ᠪᠠᠢᠷᠢᠯᠠᠭᠤᠯᠤᠯᠲᠠ᠎ᠶ᠋ᠢᠨ ᠰᠡᠳᠭᠢᠮᠵᠢ ᠲᠣᠳᠣᠷᠬᠠᠶ᠂ ᠠᠷᠭ᠎ᠠ ᠬᠡᠮᠵᠢᠶ᠎ᠡ ᠬᠦᠴᠦᠲᠡᠶ ᠪᠠᠢᠵᠤ᠂ ᠠᠷᠠᠳ ᠣᠯᠠᠨ᠎ᠤ ᠲᠥᠪ ᠭᠤᠤᠯᠴᠢ ᠱᠢᠳᠤᠷᠭᠤ ᠶᠣᠰᠣᠨ᠎ᠤ ᠲᠤᠬᠠᠶ ᠱᠢᠨ᠎ᠡ ᠬᠦᠰᠡᠯ ᠡᠷᠡᠮᠡᠯᠵᠡᠯ᠎ᠳᠦ ᠢᠳᠡᠪᠬᠢᠲᠡᠶ ᠬᠠᠷᠢᠭᠤᠯᠲᠠ ᠥᠭ᠌ᠪᠠ ᠂ ᠣᠯᠠᠨ᠎ᠢᠶᠠᠷ᠎ᠢᠶᠠᠨ ᠰᠠᠨᠠᠯ ᠨᠢᠭᠡᠲᠡᠶ ᠵᠥᠪᠱᠢᠶᠡᠷᠡᠵᠦ᠍ ᠪᠠᠢᠨ᠎ᠠ ᠭᠡᠵᠤ ᠢᠯᠡᠳᠭᠡᠵᠡᠭᠡᠵᠠᠢ᠃
ᠲᠥᠯᠥᠭᠡᠯᠡᠭ᠌ᠴᠢᠳ᠂ ᠥᠩᠭᠡᠷᠡᠭ᠌ᠰᠡᠨ ᠲᠠᠪᠤᠨ ᠵᠢᠯ᠎ᠳᠦ᠂ ᠪᠦᠬᠦ᠌ ᠣᠷᠣᠨ᠎ᠤ ᠱᠢᠭᠦᠬᠦ᠌ ᠬᠣᠷᠢᠶᠠᠨ᠎ᠤ ᠱᠢᠰᠲ᠋ᠧᠮ᠎ᠦᠨ ᠬᠢᠨ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠠᠮᠤᠷ ᠠᠮᠤᠭᠤᠯᠠᠩ ᠥᠪᠥᠷ ᠮᠣᠩᠭᠣᠯ᠂ ᠬᠠᠤᠯᠢᠵᠢᠯ᠎ᠤᠨ ᠥᠪᠥᠷ ᠮᠣᠩᠭᠣᠯ᠎ᠤᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠵᠦ᠍᠂ ᠤᠯᠠᠨ ᠲᠦᠮᠡᠨ᠎ᠦ ᠲᠤᠰ ᠪᠡᠶ᠎ᠡ᠎ᠶ᠋ᠢᠨ ᠠᠱᠢᠭ ᠲᠤᠰᠠ᠎ᠶ᠋ᠢ ᠬᠠᠤᠯᠢ ᠶᠣᠰᠣᠭᠠᠷ ᠬᠠᠮᠠᠭᠠᠯᠠᠵᠤ᠂ ᠬᠡᠷᠡᠭ ᠱᠢᠢᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ ᠦᠷᠭᠦᠯᠵᠢᠯᠡᠨ ᠳᠡᠭᠡᠭ᠌ᠰᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠴᠢᠨᠠᠷ ᠰᠠᠢᠲᠠᠢ ᠬᠠᠤᠯᠢ ᠴᠠᠭᠠᠵᠠ᠎ᠶ᠋ᠢᠨ ᠦᠢᠯᠡᠴᠢᠯᠡᠭᠡ ᠪᠠ ᠪᠠᠲᠤ ᠴᠢᠩᠭ᠎ᠠ ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠩᠭᠠᠪᠠ ᠭᠡᠵᠤ ᠦᠵᠡᠵᠡᠭᠡᠵᠠᠢ᠃
ᠲᠥᠯᠥᠭᠡᠯᠡᠭ᠌ᠴᠢᠳ᠂ ᠲᠠᠪᠤᠨ ᠵᠢᠯ᠎ᠦᠨ ᠲᠤᠷᠰᠢ᠂ ᠪᠦᠬᠦ᠌ ᠣᠷᠣᠨ᠎ᠤ ᠪᠠᠢᠴᠠᠭᠠᠬᠤ ᠱᠢᠰᠲ᠋ᠧᠮ᠎ᠦᠨ ᠬᠢᠨ ᠠᠷᠠᠳ᠎ᠤᠨ ᠲᠥᠯᠥᠭᠡ ᠬᠠᠤᠯᠢ ᠪᠠᠷᠢᠬᠤ᠎ᠪᠠᠷ ᠵᠣᠷᠢᠯᠲᠠ ᠪᠠ ᠲᠤᠰᠤᠯᠲᠠ ᠪᠣᠯᠭᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠳᠦ ᠦᠢᠯᠡᠴᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ ᠶᠣᠰᠣᠭᠠᠷ ᠰᠠᠨᠠᠭᠠᠴᠢᠯᠠᠭ᠎ᠠ ᠡᠴᠡ᠎ᠪᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠵᠣᠷᠢᠭ᠍ᠲᠠᠢ᠎ᠪᠠᠷ ᠬᠢᠨᠠᠯᠲᠠ ᠲᠠᠯᠪᠢᠬᠤ᠂ ᠴᠢᠳᠠᠮᠠᠭᠠᠢ᠎ᠪᠠᠷ ᠬᠢᠨᠠᠯᠲᠠ ᠲᠠᠯᠪᠢᠬᠤ᠂ ᠥᠪᠡᠷᠪᠡᠶᠡᠳᠡᠭᠡᠨ ᠵᠣᠷᠢᠭ᠍ᠲᠠᠢ᠎ᠪᠠᠷ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠪᠦᠬᠦ᠌ ᠣᠷᠣᠨ᠎ᠤ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠳᠤ ᠬᠦᠴᠦᠲᠡᠢ ᠬᠠᠤᠯᠢᠵᠢᠯ᠎ᠤᠨ ᠪᠠᠲᠤᠯᠠᠭ᠎ᠠ ᠬᠠᠩᠭᠠᠪᠠ ᠭᠡᠵᠤ ᠦᠵᠡᠵᠡᠭᠡᠵᠠᠢ᠃
ᠲᠦᠩᠯᠢᠶᠣᠤ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠵᠶ᠋ᠢ ᠬᠠᠢ ᠶᠠᠩ ᠲᠥᠯᠥᠭᠡᠯᠡᠭ᠌ᠴᠢ᠄ 《ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠠᠯ᠎ᠠ᠎ᠪᠠᠷ᠂ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ ᠡᠭᠦᠷᠭᠡ ᠲᠤᠱᠢᠶᠠᠯ᠎ᠢᠶᠠᠨ ᠢᠳᠡᠪᠬᠢᠲᠡᠢ ᠭᠦᠢᠴᠡᠳᠭᠡᠵᠦ᠍᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ ᠪᠠ ᠲᠡᠭᠦᠨ ᠢ᠋ ᠤᠷᠢᠳᠴᠢᠯᠠᠨ ᠰᠡᠷᠭᠡᠢᠯᠡᠬᠦ᠌᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠬᠤ᠎ᠪᠠᠷ ᠲᠠᠮᠵᠢᠨ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠪᠦᠲᠦᠮᠵᠢᠲᠡᠢ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠪᠠ》 ᠭᠡᠵᠠᠢ᠃