1 ᠰᠠᠷ᠎ᠠ᠎ᠶ᠋ᠢᠨ 14᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ᠎ᠵᠢᠨ ᠠᠩᠬᠠᠳᠤᠭᠠᠷ ᠬᠤᠷᠠᠯ᠎ᠳᠤ ᠣᠷᠣᠯᠴᠠᠵᠦ ᠪᠠᠢᠭ᠎ᠠ ᠭᠡᠱᠢᠭᠦᠳ ᠳᠤᠭᠤᠢᠯᠠᠩ ᠬᠤᠪᠢᠶᠠᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠪᠠ᠃
ᠳᠤᠭᠤᠢᠯᠠᠩ ᠬᠤᠪᠢᠶᠠᠨ ᠶᠠᠷᠢᠯᠴᠠᠬᠤ ᠲᠤᠬᠠᠢ᠎ᠶ᠋ᠢᠨ ᠲᠠᠯᠠᠪᠠᠢ᠎ᠳᠤ᠂ ᠭᠡᠱᠢᠭᠦᠳ ᠠᠵᠢᠯ᠎ᠤᠨ ᠳᠤᠮᠳᠠᠬᠢ ᠦᠵᠡᠵᠦ ᠪᠤᠳᠤᠭᠰᠠᠨ ᠵᠦᠢᠯ ᠪᠣᠯᠤᠨ ᠠᠷᠠᠳ ᠤᠯᠠᠨ᠎ᠤ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ᠎ᠲᠠᠶ ᠤᠶᠠᠯᠳᠤᠭᠤᠯᠤᠨ ᠢᠳᠡᠪᠬᠢᠲᠡᠢ᠎ᠪᠡᠷ ᠥᠬᠡ ᠬᠡᠯᠡᠵᠥ᠂ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ᠎ᠶ᠋ᠢᠨ ᠠᠵᠢᠯ᠎ᠤᠨ ᠮᠡᠳᠡᠭᠦᠯᠦᠯᠲᠡ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠪᠡ᠃ ᠭᠡᠱᠢᠭᠦᠳ᠂ ᠬᠣᠶᠠᠷ ᠬᠣᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂《ᠬᠣᠶᠠᠷ᠎ᠢ ᠲᠣᠭ᠍ᠲᠠᠭᠠᠭᠰᠠᠨ》᠎ᠢ᠋ ᠡᠷᠡᠰ ᠬᠦᠷᠢᠶᠡᠯᠡᠬᠦ᠌᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠤᠯᠤᠰ ᠲᠥᠷᠥ᠎ᠶ᠋ᠢᠨ ᠤᠬᠠᠮᠰᠠᠷ᠎ᠢ ᠢᠯᠡᠷᠡᠭᠦᠯᠵᠦ᠍᠂ ᠦᠨᠡᠨ᠎ᠡᠴᠡ ᠵᠥᠪ᠎ᠢ ᠡᠷᠢᠬᠥ ᠠᠷᠭ᠎ᠠ ᠪᠡᠷ ᠣᠯᠤᠭ᠍ᠰᠠᠨ ᠠᠮᠵᠢᠯᠲᠠ ᠪᠦᠲᠦᠮᠵᠢ᠎ᠪᠡᠨ ᠪᠥᠬᠥ᠌ ᠲᠠᠯ᠎ᠠ᠎ᠪᠠᠷ ᠳ᠋ᠦᠩᠨᠡᠵᠦ᠍᠂ ᠱᠢᠨ᠎ᠡ ᠨᠢᠭᠡ ᠵᠢᠯ᠎ᠦᠨ ᠠᠵᠢᠯ᠎ᠤᠨ ᠲᠣᠬᠢᠷᠠᠭᠤᠯᠤᠯᠲᠠ᠎ᠶ᠋ᠢᠨ ᠬᠠᠷᠠᠯᠲᠠ ᠲᠣᠳᠣᠷᠬᠠᠶ᠂ ᠭᠤᠤᠯᠳᠠᠯᠭ᠎ᠠ ᠲᠣᠪᠣᠢᠮ᠎ᠠ ᠪᠠᠢᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃
ᠸᠠᠩ ᠱᠢᠤᠸᠠᠢ ᠹᠧᠩ ᠭᠡᠱᠢᠭᠦᠨ᠄ 《ᠣᠢᠷ᠎ᠠ᠎ᠶ᠋ᠢᠨ ᠵᠢᠯ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠪᠠᠢᠴᠠᠭᠠᠬᠤ ᠱᠢᠰᠲ᠋ᠧᠮ᠎ᠦᠨ᠎ᠬᠢᠨ ᠣᠶᠤᠨᠴᠢ ᠪᠠᠢᠴᠠᠭᠠᠬᠤ ᠶᠠᠪᠤᠳᠠᠯ᠎ᠤᠨ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠲᠣᠮᠣ ᠳ᠋ᠠᠢᠲ᠋ᠠ᠎ᠶ᠋ᠢᠨ ᠲᠥᠪ᠂ ᠣᠶᠤᠨᠴᠢ ᠬᠠᠪᠰᠤᠷᠤᠨ ᠬᠡᠷᠡᠭ ᠱᠢᠶ᠋ᠳᠪᠦᠷᠢᠯᠡᠬᠦ᠌ ᠱᠢᠰᠲ᠋ᠧᠮ ᠵᠡᠷᠭᠡ᠎ᠨᠢ ᠪᠠᠢᠴᠠᠭᠠᠬᠤ ᠪᠠᠢᠭᠤᠯᠭ᠎ᠠ᠎ᠶ᠋ᠢᠨ ᠬᠡᠷᠡᠭ ᠱᠢᠶ᠋ᠳᠪᠦᠷᠢᠯᠡᠬᠦ᠌ ᠦᠷ᠎ᠡ ᠪᠦᠲᠦᠮᠵᠢ᠎ᠶ᠋ᠢ ᠲᠤᠢᠯ᠎ᠤᠨ ᠶᠡᠬᠡᠪᠡᠷ ᠳᠡᠭᠡᠭ᠌ᠰᠢᠯᠡᠭᠦᠯᠵᠦ᠍᠂ ᠪᠠᠰᠠ ᠬᠠᠤᠯᠢᠴᠢ᠎ᠶ᠋ᠢᠨ ᠤᠨᠳᠤᠤ ᠭᠠᠵᠠᠷ᠎ᠲᠤ ᠬᠡᠷᠡᠭ ᠵᠠᠷᠭᠤ᠎ᠵᠢᠨ ᠳᠠᠨᠭᠰᠠ ᠡᠪᠬᠡᠮᠡᠯ᠎ᠢ ᠬᠢᠨᠠᠬᠤ ᠵᠡᠷᠭᠡ ᠠᠵᠢᠯ᠎ᠳᠤ ᠲᠥᠬᠥᠮ ᠦᠵᠡᠭᠦᠯᠪᠡ᠃ ᠪᠢ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠣᠷᠭᠢᠯᠤᠮ᠎ᠠ ᠬᠠᠯᠠᠭᠤᠨ ᠰᠡᠳᠭᠢᠯᠭᠡ ᠪᠣᠯᠤᠨ ᠪᠠᠲᠤ ᠴᠢᠩᠭ᠎ᠠ ᠡᠭᠦᠷᠭᠡᠯᠡᠯ᠎ᠢᠶᠡᠷ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠠᠵᠢᠯ᠎ᠳᠤ ᠣᠷᠣᠯᠴᠠᠨ᠎ᠠ》 ᠭᠡᠪᠡ᠃
ᠠᠮᠵᠢᠯᠲᠠ᠎ᠪᠠᠨ ᠭᠦᠢᠴᠡᠳ ᠨᠤᠲᠠᠯᠠᠬᠤ᠎ᠶ᠋ᠢᠨ ᠬᠠᠮᠲᠤ ᠭᠡᠱᠢᠭᠦᠳ ᠰᠢᠬᠦᠬᠦ ᠬᠤᠷᠢᠶ᠎ᠠ ᠪᠠᠢᠴᠠᠭᠠᠬᠤ ᠬᠣᠷᠢᠢ᠎ᠠ᠎ᠵᠢᠨ ᠠᠵᠢᠯ᠎ᠢ ᠰᠠᠢᠲᠤᠷ ᠬᠢᠬᠦ᠌᠎ᠲᠡᠶ ᠤᠶᠠᠯᠳᠤᠭᠤᠯᠤᠨ ᠢᠳᠡᠪᠬᠢᠲᠡᠢ᠎ᠪᠡᠷ ᠰᠠᠨᠠᠯ ᠲᠤᠷᠠᠲᠤᠯᠭ᠎ᠠ ᠲᠡᠪᠰᠢᠬᠥᠯᠵᠥ ᠠᠷᠭ᠎ᠠ ᠤᠬᠠᠭᠠᠨ ᠭᠠᠷᠭᠠᠪᠠ᠃ ᠵᠢᠶᠠᠩ ᠯᠢ ᠭᠡᠱᠢᠭᠦᠨ᠂ ᠡᠶᠡᠳᠡᠭᠦᠯᠬᠦ᠌ ᠪᠣᠯ ᠵᠥᠷᠢᠴᠡᠯ ᠪᠣᠯᠤᠨ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠬᠠᠮᠤᠭ᠎ᠤᠨ ᠰᠠᠢᠨ ᠠᠷᠭ᠎ᠠ ᠪᠠᠷᠢᠯ ᠮᠥᠨ᠂ ᠡᠶᠡᠳᠡᠭᠦᠯᠬᠦ᠌ ᠲᠣᠭ᠍ᠲᠠᠴᠠ᠎ᠶ᠋ᠢ ᠢᠳᠡᠪᠬᠢᠲᠡᠶ᠎ᠪᠡᠷ ᠲᠡᠭᠦᠯᠳᠡᠷᠵᠢᠭᠦᠯᠵᠦ᠍᠂ ᠡᠶᠡᠳᠡᠭᠦᠯᠦᠭ᠌ᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠭᠦᠶ᠋ᠴᠡᠳ ᠪᠠᠲᠤᠯᠠᠪᠠᠯ ᠵᠤᠬᠢᠨ᠎ᠠ ᠭᠡᠪᠡ᠃ ᠭᠡᠱᠢᠭᠦᠳ᠂ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠪᠠ ᠡᠩᠨᠡᠭᠡᠨ᠎ᠦ ᠪᠠᠢᠭᠤᠯᠤᠯᠲᠠ᠎ᠪᠠᠨ ᠤᠯᠠᠮ ᠴᠢᠨᠠᠭ᠍ᠰᠢᠳᠠ ᠴᠢᠩᠭᠠᠳᠭᠠᠵᠤ᠂ ᠶᠡᠬᠡ ᠲᠠᠯ᠎ᠠ᠎ᠳᠤ ᠦᠢᠯᠡᠴᠢᠯᠡᠬᠦ᠌᠂ ᠠᠷᠠᠳ᠎ᠤᠨ ᠲᠥᠯᠥᠭᠡ ᠬᠠᠤᠯᠢ ᠪᠠᠷᠢᠬᠤ ᠪᠠ ᠲᠥᠪ ᠭᠣᠣᠯᠴᠢ᠎ᠪᠠᠷ ᠬᠠᠤᠯᠢ ᠪᠠᠷᠢᠬᠤ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠦᠲᠦᠮᠵᠢᠲᠡᠢ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠦᠢᠯᠡᠳᠦᠯᠭᠡ᠎ᠶ᠋ᠢ ᠯᠠᠪᠳᠠᠭᠤᠨ ᠪᠠᠲᠤᠲᠠᠢ ᠠᠬᠢᠭᠤᠯᠬᠤ ᠠᠬᠢᠴᠠ᠎ᠳᠤ ᠬᠠᠤᠯᠢ ᠪᠠᠷᠢᠬᠤ ᠱᠢᠨ᠎ᠡ ᠡᠭᠦᠷᠭᠡᠯᠡᠯ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠬᠦᠰᠡᠵᠦ᠍ ᠪᠠᠢᠨ᠎ᠠ ᠭᠡᠪᠡ᠃