ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠬᠣᠶᠠᠳᠤᠭᠠᠷ ᠤᠳᠠᠭ᠎ᠠ᠎ᠶ᠋ᠢᠨ ᠪᠥᠬᠥᠳᠡ ᠬᠤᠷᠠᠯ ᠬᠢᠪᠠ
2023-01-15 16:50:07
ᠵᠣᠬᠢᠶᠠᠭ᠍ᠴᠢ᠄
ᠾᠦᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 14 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠣᠶᠠᠳᠤᠭᠠᠷ ᠤᠳᠠᠭ᠎ᠠ᠎ᠶ᠋ᠢᠨ ᠪᠦᠬᠦᠳᠠ ᠬᠤᠷᠠᠯ ᠬᠢᠵᠥ ᠂ ᠥᠪᠡᠷᠲᠡᠭᠡᠨ ᠵᠠᠰᠠᠬᠤ ᠣᠷᠣᠨ᠎ᠤ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭᠵᠢᠭᠦᠯᠦᠭᠰᠡᠨ ᠪᠠᠢᠳᠠᠯ ᠵᠢᠴᠢ 2023 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠲᠥᠰᠦᠯ᠂ ᠥᠪᠡᠷᠲᠡᠭᠡᠨ ᠵᠠᠰᠠᠬᠤ ᠣᠷᠣᠨ᠎ᠤ 2022 ᠣᠨ᠎ᠤ ᠲᠥᠰᠦᠪ᠎ᠢ ᠭᠦᠢᠴᠡᠳᠭᠡᠭ᠌ᠰᠡᠨ ᠪᠠᠢᠳᠠᠯ ᠪᠠ 2023 ᠣᠨ᠎ᠤ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠲᠥᠰᠦᠯ᠎ᠢ ᠰᠤᠳᠤᠯᠤᠨ ᠶᠠᠷᠢᠯᠴᠠᠪᠠ᠃

ᠥᠪᠡᠷᠲᠡᠭᠡᠨ ᠵᠠᠰᠠᠬᠤ ᠣᠷᠣᠨ᠎ᠤ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ  ᠴᠢᠨᠠᠷ ᠰᠠᠢᠲᠠᠶ ᠬᠥᠭ᠌ᠵᠢᠯᠲᠡ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠪᠥᠬᠥ᠌ ᠲᠠᠯ᠎ᠠ᠎ᠪᠠᠷ ᠠᠷᠪᠢᠯᠠᠨ ᠭᠠᠮᠨᠠᠵᠤ ᠡᠷᠴᠢᠮᠵᠢᠭᠦᠯᠬᠦ᠌᠂ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠬᠦ᠌᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠴᠢᠩᠭᠠᠳᠭᠠᠬᠤ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌ ᠲᠤᠬᠠᠶ ᠰᠠᠨᠠᠯ ᠰᠠᠨᠠᠭᠤᠯᠭ᠎ᠠ ᠳᠤᠷᠠᠳᠪᠠ᠃

ᠥᠪᠡᠷᠲᠡᠭᠡᠨ ᠵᠠᠰᠠᠬᠤ ᠣᠷᠣᠨ᠎ᠤ 2023 ᠣᠨ᠎ᠤ ᠡᠳ᠋᠎ᠦᠨ ᠵᠠᠰᠠᠭ᠎ᠤᠨ ᠲᠥᠰᠦᠪ᠎ᠦᠨ ᠡᠭᠦᠷᠭᠡ᠎ᠶ᠋ᠢ ᠪᠡᠶᠡᠯᠡᠭᠦᠯᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ ᠢᠳᠡᠪᠬᠢᠲᠡᠶ ᠡᠳ᠋᠎ᠦᠨ ᠵᠠᠰᠠᠭ᠎ᠤᠨ ᠲᠥᠷᠥ᠎ᠶ᠋ᠢᠨ ᠪᠣᠳᠣᠯᠭ᠎ᠠ᠎ᠶ᠋ᠢᠨ ᠦᠶ᠋ᠯᠡᠳᠦᠯ᠎ᠢ ᠴᠢᠨᠠᠭᠰᠢᠳᠠ ᠪᠠᠳᠠᠷᠠᠭᠤᠯᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ; ᠲᠥᠰᠦᠪ᠎ᠦᠨ ᠬᠠᠮᠢᠶᠠᠷᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠪᠡᠯᠡ ᠮᠥᠩᠭᠥ᠎ᠶ᠋ᠢᠨ ᠦᠷ᠎ᠡ ᠠᠱᠢᠭ ᠪᠠ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠥ ; ᠥᠷᠢ ᠥᠭ᠌ᠴᠡᠭᠡᠨ᠎ᠦ  ᠲᠦᠭ᠌ᠰᠢᠭᠦᠷᠢ᠎ᠶ᠋ᠢ ᠬᠦᠴᠦᠯᠡᠨ ᠰᠡᠷᠭᠡᠢᠯᠡᠨ ᠠᠷᠢᠯᠭᠠᠵᠤ᠂ ᠡᠳ᠋᠎ᠦᠨ ᠵᠠᠰᠠᠭ᠎ᠤᠨ ᠦᠷᠭᠦᠯᠵᠢᠯᠡᠬᠦ᠌ ᠴᠢᠳᠠᠪᠤᠷᠢ᠎ᠶ᠋ᠢ ᠴᠢᠩᠭᠠᠳᠬᠠᠬᠤ ; ᠡᠳ᠋᠎ᠦᠨ ᠵᠠᠰᠠᠭ ᠭᠠᠢᠯᠢ᠎ᠶ᠋ᠢᠨ ᠪᠠᠢᠭᠤᠯᠤᠮᠵᠢ᠎ᠵᠢᠨ ᠥᠭᠡᠷᠡᠴᠢᠯᠡᠯᠲᠡ᠎ᠶ᠋ᠢ ᠴᠢᠨᠠᠭᠰᠢᠳᠠ ᠭᠦᠨᠵᠡᠭᠡᠢᠷᠡᠭᠦᠯᠵᠦ᠍᠂ ᠦᠨᠳᠦᠰᠦᠨ ᠱᠠᠲᠤᠨ᠎ᠤ ᠡᠳ᠋᠎ᠦᠨ ᠬᠦᠴᠦᠨ᠎ᠦ ᠤᠷᠳᠤ ᠬᠤᠭᠤᠴᠠᠭᠠᠨ᠎ᠤ ᠪᠦᠲᠦᠮᠵᠢᠲᠡᠢ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠬᠦ᠌ ᠵᠡᠷᠬᠡ  ᠰᠠᠨᠠᠯ ᠰᠠᠨᠠᠭᠤᠯᠭ᠎ᠠ ᠵᠢ ᠲᠤᠷᠠᠳᠪᠠ᠃

ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠵᠢᠴᠢ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠲᠥᠰᠦᠯ᠂ ᠥᠪᠡᠷᠲᠡᠭᠡᠨ ᠵᠠᠰᠠᠬᠤ ᠣᠷᠣᠨ᠎ᠤ 2022 ᠣᠨ᠎ᠤ ᠲᠥᠰᠦᠪ᠎ᠢ ᠬᠡᠷᠡᠭ᠌ᠵᠢᠭᠦᠯᠦᠭ᠌ᠰᠡᠨ ᠪᠠᠢᠳᠠᠯ ᠪᠠ 2023 ᠣᠨ᠎ᠤ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠲᠥᠰᠦᠯ᠎ᠢ ᠵᠠᠷᠴᠢᠮ ᠳᠡᠭᠡᠷ᠎ᠡ᠎ᠪᠡᠨ ᠪᠠᠲᠤᠯᠠᠵᠤ᠂ ᠴᠢᠨᠠᠭᠰᠢᠳᠠ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭ᠌ᠰᠡᠨ᠎ᠦ ᠳᠠᠷᠠᠭ᠎ᠠ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号