ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠵᠤ ᠠᠷᠠᠳ᠎ᠲᠤ ᠠᠱᠢᠭ ᠬᠦᠷᠲᠡᠭᠡᠬᠦ᠌ ᠪᠣᠳᠠᠲᠤ ᠶᠠᠪᠤᠳᠠᠯ᠎ᠢ ᠰᠠᠢᠲᠤᠷ ᠬᠢᠨ᠎ᠠ
2023-01-15 17:09:13
ᠵᠣᠬᠢᠶᠠᠭ᠍ᠴᠢ᠄
ᠫᠠᠨ ᠵᠢᠶᠠ ᠬᠤᠤ ᠵᠢᠶᠠ ᠯᠢ ᠴᠧᠨ ᠴᠦᠨ ᠶᠠᠨ ᠠᠨ ᠶᠢᠨ ᠳ᠋ᠦᠩ ᠶᠠᠩ ᠯᠢᠦ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠱᠢᠭᠤᠳ ᠬᠠᠷᠢᠶ᠎ᠠ ᠲᠢᠩᠬᠢᠮ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠦᠨᠳᠦᠰᠦᠲᠡᠨ᠎ᠨᠦᠭᠦᠳ᠎ᠦᠨ ᠺᠠᠳ᠋ᠷ ᠠᠵᠢᠯᠲᠠᠨ᠎ᠤ ᠳᠤᠮᠳᠠ ᠴᠢᠩᠭ᠎ᠠ ᠲᠤᠰᠭᠠᠯ ᠭᠠᠷᠪᠠ 

ᠣᠢᠷ᠎ᠠ᠎ᠶ᠋ᠢᠨ ᠡᠳᠦᠷ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠣᠷᠣᠨ ᠲᠣᠭ᠎ᠠ᠎ᠶ᠋ᠢᠨ ᠠᠯᠪᠠᠨ ᠬᠡᠷ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ᠎ᠶ᠋ᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠥᠷᠭᠡᠨ ᠣᠯᠠᠨ ᠺᠠᠳ᠋ᠷ ᠠᠵᠢᠯᠲᠠᠨ᠎ᠤ ᠳᠤᠮᠳᠠ ᠴᠢᠩᠭ᠎ᠠ ᠲᠤᠰᠭᠠᠯ ᠭᠠᠷᠴᠠᠢ᠃

ᠤᠯᠠᠨ᠎ᠢᠶᠠᠷ᠎ᠢᠶᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠤᠯᠤᠰ ᠲᠦᠷᠦ᠍᠎ᠶ᠋ᠢᠨ ᠵᠣᠭ᠍ᠰᠣᠴᠠ ᠥᠨᠳᠥᠷ᠂ ᠠᠮᠵᠢᠯᠲᠠ ᠪᠦᠲᠦᠮᠵᠢ ᠪᠠᠨ ᠪᠣᠳᠠᠲᠠᠢ ᠳ᠋ᠦᠩᠨᠡᠵᠦ᠍᠂ ᠪᠠᠢᠳᠠᠯ᠎ᠢ ᠣᠨᠣᠪᠴᠢᠲᠠᠢ ᠵᠠᠳᠠᠯᠵᠤ᠂ ᠪᠠᠢᠷᠢᠯᠠᠭᠤᠯᠤᠯᠲᠠ ᠠᠷᠭ᠎ᠠ ᠬᠡᠮᠵᠢᠶ᠎ᠡ ᠲᠣᠳᠣᠷᠬᠠᠢ ᠪᠠᠢᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠨ᠂ ᠪᠣᠳᠠᠲᠠᠢ᠎ᠶ᠋ᠢ ᠡᠷᠬᠢᠮᠯᠡᠨ ᠦᠨᠡᠨ᠎ᠢ ᠪᠠᠷᠢᠮᠲᠠᠯᠠᠵᠤ᠂ ᠢᠲᠡᠭᠡᠯ ᠵᠣᠷᠢᠭ᠎ᠢ ᠬᠥᠪᠴᠢᠯᠡᠭ᠌ᠰᠡᠨ ᠰᠠᠢ᠌ᠨ ᠮᠡᠳᠡᠭᠦᠯᠦᠯᠲᠡ ᠪᠣᠯᠵᠠᠢ ᠭᠡᠵᠦ᠍ ᠦᠵᠡᠵᠡᠭᠡᠪᠡ᠃

ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠮᠤᠷ ᠲᠦᠪᠱᠢᠨ᠎ᠢ ᠪᠠᠲᠤᠯᠠᠵᠤ ᠨᠡᠩ ᠥᠨᠳᠥᠷ ᠲᠦᠪᠱᠢᠨ ᠪᠦᠬᠦᠢ ᠠᠮᠤᠭᠤᠯᠠᠩ ᠥᠪᠥᠷ ᠮᠣᠩᠭᠣᠯ᠎ᠢ ᠲᠦᠷᠭᠡᠳᠭᠡᠨ ᠪᠠᠢᠭᠤᠯᠤᠨ᠎ᠠ

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠡᠬᠢᠵᠢᠭᠦᠯᠵᠦ᠍᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠶ ᠬᠡᠵᠤ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠪᠠᠢᠩᠭᠤ᠎ᠶ᠋ᠢᠨ ᠳᠡᠳ᠋  ᠲᠢᠩᠭᠢᠮ᠎ᠤᠨ ᠳᠠᠷᠤᠭ᠎ᠠ ᠯᠢᠦ ᠬᠣᠩ᠂ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠪᠠᠷᠢᠮᠲᠠᠯᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠡᠷᠡᠰ ᠪᠠᠲᠤ ᠴᠤᠭᠴᠠᠯᠠᠵᠤ᠂ ᠨᠡᠩ ᠥᠨᠳᠥᠷ ᠲᠦᠪᠱᠢᠨ ᠪᠦᠬᠦᠢ ᠠᠮᠤᠭᠤᠯᠠᠩ ᠥᠪᠥᠷ ᠮᠣᠩᠭᠣᠯ᠎ᠢ ᠲᠦᠷᠭᠡᠳᠭᠡᠨ ᠪᠠᠢᠭᠤᠯᠵᠤ᠂ ᠥᠪᠥᠷ ᠮᠣᠩᠭᠣᠯ᠎ᠢ ᠲᠣᠭ᠍ᠲᠠᠭᠤᠨ᠎ᠪᠠᠢᠯᠭᠠᠬᠤ ᠪᠠᠷ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠵᠤ᠂ ᠨᠡᠢᠰᠯᠡᠯ᠎ᠦᠨ ᠠᠮᠤᠷ ᠲᠦᠪᠱᠢᠨ᠎ᠢ ᠬᠠᠮᠠᠭᠠᠯᠠᠨ᠎ᠠ ᠭᠡᠵᠦ᠍ ᠬᠡᠯᠡᠪᠡ᠃ ᠪᠢᠳᠡ ᠦᠨᠳᠦᠰᠦᠨ ᠱᠠᠲᠤᠨ᠎ᠤ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ《ᠹᠸᠩ ᠴᠢᠶᠣᠤ᠎ᠶ᠋ᠢᠨ ᠲᠤᠷᠱᠢᠯᠭ᠎ᠠ》 ᠎ᠶ᠋ᠢ ᠪᠠᠷᠢᠮᠲᠠᠯᠠᠨ ᠬᠥᠭ᠌ᠵᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠣᠯᠠᠨ ᠡᠱᠢᠴᠢᠯᠡᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠪᠣᠭᠣᠮᠲᠠ᠎ᠶ᠋ᠢ ᠡᠮᠦᠨᠡᠰᠢᠯᠡᠭᠦᠯᠬᠦ᠂ ᠭᠤᠤᠯᠳᠠᠯᠭ᠎ᠠ᠎ᠶ᠋ᠢ ᠳᠣᠷᠣᠭ᠍ᠰᠢ ᠱᠢᠯᠵᠢᠭᠦᠯᠬᠦ᠌᠂ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠪᠠᠷᠢᠮᠲᠠᠯᠠᠨ᠂ ᠦᠨᠳᠦᠰᠦᠨ ᠱᠠᠲᠤᠨ᠎ᠤ ᠴᠠᠭ᠍ᠳᠠᠭᠠᠨ᠎ᠤ ᠶᠠᠪᠤᠳᠠᠯ᠎ᠤᠨ ᠱᠢᠨ᠎ᠡ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠶᠡᠬᠡ᠎ᠪᠡᠷ ᠠᠬᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢ ᠨᠠᠩ ᠬᠠᠢᠷ᠎ᠠ ᠰᠡᠳᠭᠢᠯᠭᠡ᠎ᠲᠡᠶ ᠪᠣᠯᠭᠠᠵᠤ᠂ ᠠᠷᠠᠳ ᠲᠦᠮᠡᠨ᠎ᠦ ᠵᠣᠯ ᠵᠢᠷᠭᠠᠯ᠎ᠢ ᠨᠠᠩ ᠴᠢᠨᠠᠷ ᠰᠠᠢᠲᠠᠶ ᠪᠣᠯᠭᠠᠨ᠎ᠠ ᠬᠡᠵᠤ ᠬᠡᠯᠡᠪᠠ᠃

ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠪᠥᠬᠥ᠌ ᠠᠷᠠᠳ᠎ᠤᠨ ᠲᠤᠰᠠᠯᠠᠬᠤ ᠴᠠᠭ᠍ᠳᠠᠭ᠎ᠠ᠎ᠶ᠋ᠢ ᠵᠣᠬᠢᠶᠠᠨ ᠪᠠᠢᠭᠤᠯᠵᠤ ᠡᠯ᠎ᠡ ᠵᠦᠶ᠋ᠯ᠎ᠦᠨ ᠬᠡᠯᠪᠡᠷᠢ᠎ᠪᠡᠷ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠦᠪᠡᠳᠡᠭ᠌ᠰᠢ ᠪᠠᠢᠳᠠᠯ᠎ᠢ ᠭᠥᠯᠢᠶᠡᠨ ᠠᠪᠴᠤ᠌ ᠦᠵᠡᠵᠦ᠍᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠤᠯᠭᠠᠵᠠᠢ᠃ ᠤᠯᠠᠨ᠎ᠢᠶᠠᠷ᠎ᠢᠶᠠᠨ᠂ ᠦᠨᠡᠨᠴᠢ ᠱᠢᠳᠤᠷᠭᠤ᠎ᠪᠠᠷ ᠬᠠᠷᠢᠭᠤᠴᠠᠯᠭ᠎ᠠ᠎ᠪᠠᠨ ᠭᠦᠢᠴᠡᠳᠭᠡᠨ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠵᠠᠮ ᠬᠠᠷᠢᠯᠴᠠᠭᠠᠨ᠎ᠤ ᠡᠨᠳᠡᠯ᠎ᠢ ᠤᠷᠢᠳᠴᠢᠯᠠᠨ ᠰᠡᠷᠭᠡᠢᠯᠡᠬᠦ᠌᠎ᠶ᠋ᠢ ᠢᠳᠡᠪᠬᠢᠲᠡᠢ ᠠᠬᠢᠭᠤᠯᠤᠨ᠂ ᠵᠠᠮ ᠬᠠᠷᠢᠯᠴᠠᠭᠠᠨ᠎ᠤ ᠬᠠᠮᠢᠶᠠᠷᠤᠨ ᠡᠵᠡᠮᠳᠡᠬᠦ᠌ ᠴᠢᠳᠠᠪᠤᠷᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠬᠦᠨᠳᠦ ᠣᠨᠴᠠ ᠶᠡᠬᠡ ᠵᠠᠮ ᠬᠠᠷᠢᠯᠴᠠᠭᠠᠨ᠎ᠤ ᠡᠨᠳᠡᠯ ᠭᠠᠷᠬᠤ᠎ᠶ᠋ᠢ ᠡᠷᠡᠰ ᠰᠡᠷᠭᠡᠢᠯᠡᠵᠦ᠍᠂ ᠠᠮᠤᠷ ᠲᠦᠪᠱᠢᠨ ᠲᠣᠭ᠍ᠲᠠᠭᠤᠨ ᠵᠠᠮ ᠬᠠᠷᠢᠯᠴᠠᠭᠠᠨ᠎ᠤ ᠣᠷᠴᠢᠨ᠎ᠢ ᠡᠭᠦᠳᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠬᠠᠤᠯᠢ ᠶᠣᠰᠣᠭᠠᠷ ᠵᠠᠰᠠᠭ ᠶᠠᠪᠤᠭᠤᠯᠵᠤ ᠠᠷᠠᠳ᠎ᠤᠨ ᠲᠦᠯᠤᠬᠡ ᠬᠠᠤᠯᠢ ᠪᠠᠷᠢᠵᠤ ᠠᠷᠠᠳ ᠣᠯᠠᠨ᠎ᠤ ᠬᠠᠤᠯᠢ ᠶᠣᠰᠣᠨ᠎ᠤ ᠠᠱᠢᠭ ᠲᠤᠰᠠ᠎ᠶ᠋ᠢ ᠪᠦᠬᠦ᠌ ᠬᠦᠴᠦ᠍᠎ᠪᠡᠷ᠎ᠢᠶᠡᠨ ᠪᠠᠲᠤᠯᠠᠨ᠎ᠠ

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠶ ᠬᠡᠵᠤ ᠲᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠵᠣᠬᠢᠴᠠᠭᠤᠯᠤᠨ ᠬᠢᠨᠠᠯᠲᠠ ᠲᠠᠯᠪᠢᠬᠤ ᠭᠠᠵᠠᠷ᠎ᠤᠨ ᠳᠡᠳ᠋ ᠳᠠᠷᠤᠭ᠎ᠠ ᠯᠢᠦ ᠵᠢᠶᠠᠨ ᠷᠦᠢ᠄《ᠪᠢᠳᠡ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ ᠲᠦᠷᠢᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠪᠣᠳᠠᠲᠠᠶ ᠠᠵᠢᠯ᠎ᠤᠨ ᠬᠡᠷᠡᠭ᠌ᠴᠡᠭᠡ ᠱᠠᠭᠠᠷᠳᠠᠯᠭ᠎ᠠ ᠶᠣᠰᠣᠭᠠᠷ᠂〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠦᠨᠡᠮᠯᠡᠯ᠎ᠦᠨ ᠬᠠᠮᠢᠶᠠᠷᠤᠯᠲᠠ᠎ᠶ᠋ᠢᠨ ᠠᠷᠭ᠎ᠠ〉᠎ᠳ᠋ᠤ ᠵᠠᠰᠠᠪᠤᠷᠢ ᠣᠷᠣᠭᠤᠯᠵᠤ᠂ ᠬᠠᠤᠯᠢ ᠬᠡᠷᠡᠭ᠌ᠵᠢᠭᠦᠯᠬᠦ᠌ ᠠᠵᠢᠯᠲᠠᠨ᠎ᠤ ᠬᠢᠷᠢ ᠬᠡᠮ᠎ᠢ ᠭᠡᠷᠡᠴᠢᠯᠡᠵᠦ᠍ ᠬᠢᠨᠠᠨ ᠵᠥᠪᠱᠢᠶᠡᠷᠡᠬᠦ᠌ ᠶᠠᠪᠤᠴᠠ᠎ᠶᠢ ᠱᠢᠯᠢᠳᠡᠭ᠌ᠵᠢᠭᠦᠯᠵᠦ᠍᠂ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠡᠯ᠎ᠡ ᠠᠢᠮᠠᠭ ᠬᠣᠲᠠ᠎ᠶ᠋ᠢᠨ ᠬᠠᠤᠯᠢ ᠬᠡᠷᠡᠭ᠌ᠵᠢᠭᠦᠯᠬᠦ᠌ ᠭᠤᠤᠯ ᠴᠣᠭ᠍ᠴᠠ ᠪᠣᠯᠤᠨ ᠬᠠᠤᠯᠢ ᠬᠡᠷᠡᠭ᠌ᠵᠢᠭᠦᠯᠬᠦ᠌ ᠠᠵᠢᠯᠲᠠᠨ᠎ᠢ ᠬᠢᠨᠠᠨ ᠬᠠᠷᠭᠤᠭᠤᠯᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠎ᠠ᠃

ᠡᠯᠧᠺᠲ᠋ᠷᠣᠨ ᠦᠨᠡᠮᠯᠡᠯ᠎ᠦᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠤᠯᠢ ᠬᠡᠷᠡᠭ᠌ᠵᠢᠭᠦᠯᠦᠯᠲᠡ᠎ᠶ᠋ᠢ ᠳᠥᠭᠥᠮᠴᠢᠯᠡᠬᠦ᠌᠎ᠶ᠋ᠢ  ᠠᠬᠢᠭᠤᠯᠤᠨ᠎ᠠ᠃ ᠡᠭᠦᠨ᠎ᠦ ᠬᠠᠮᠲᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ 《ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠵᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠵᠢᠷᠤᠮᠵᠢᠭ᠍ᠰᠠᠨ ᠲᠦᠪᠱᠢᠨ᠎ᠢ ᠳᠡᠭᠡᠭ᠌ᠰᠢᠯᠡᠭᠦᠯᠬᠦ᠌ 》 ᠲᠤᠰᠭᠠᠶ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠦᠨ᠎ᠡ; ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ 《ᠭᠤᠷᠪᠠᠨ ᠵᠦᠢᠯ᠎ᠦᠨ ᠳᠦᠷᠢᠮ 》ᠢ᠋ ᠨᠠᠢᠳᠠᠪᠤᠷᠢᠵᠢᠭᠤᠯᠤᠨ᠎ᠠ; ᠬᠠᠤᠯᠢ ᠬᠡᠷᠡᠭ᠌ᠵᠢᠭᠦᠯᠬᠦ᠌ ᠠᠷᠭ᠎ᠠ ᠬᠡᠯᠪᠡᠷᠢ᠎ᠶ᠋ᠢ ᠰᠠᠢᠵᠢᠷᠠᠭᠤᠯᠵᠤ ᠂ ᠰᠢᠢᠳᠭᠡᠯ ᠲᠤᠷᠭᠠᠭᠤᠯᠢ ᠡᠴᠡ  ᠭᠡᠯᠳᠦᠷᠢᠭᠦᠯᠬᠦ᠌᠂  ᠬᠥᠩᠭᠡᠨ ᠲᠣᠷᠭᠠᠬᠤ ᠨᠠᠷᠢᠨ ᠲᠠᠩᠰᠠ᠎ᠶ᠋ᠢ ᠬᠡᠷᠡᠭ᠌ᠵᠢᠭᠦᠯᠵᠦ᠍ ᠂ ᠬᠠᠤᠯᠢ ᠬᠡᠷᠡᠭ᠌ᠵᠢᠭᠦᠯᠦᠯᠲᠡ᠎ᠶ᠋ᠢ ᠨᠠᠩ 《ᠬᠦᠮᠦᠨᠴᠢ》 ᠪᠣᠯᠭᠠᠨ᠎ᠠ; ᠠᠷᠠᠳ ᠣᠯᠠᠨ᠎ᠤ ᠠᠩᠬᠠᠷᠴᠤ᠌ ᠪᠠᠢᠭ᠎ᠠ ᠭᠤᠤᠯᠳᠠᠯᠭ᠎ᠠ᠎ᠲᠠᠶ ᠬᠠᠤᠯᠢ ᠬᠡᠷᠡᠭ᠌ᠵᠢᠭᠦᠯᠬᠦ᠌ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷᠡᠭ᠎ᠢ ᠦᠨᠡᠯᠡᠨ ᠪᠠᠢᠴᠠᠭᠠᠬᠤ ᠪᠠ ᠣᠨᠴᠠᠭᠠᠶ ᠬᠡᠷᠡᠭ᠎ᠲᠦ ᠬᠢᠨᠠᠯᠲᠠ ᠲᠠᠯᠪᠢᠬᠤ ᠠᠵᠢᠯ᠎ᠢ ᠰᠠᠢᠲᠤᠷ ᠬᠢᠵᠦ᠍ ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ᠎ᠢᠶᠠᠷ ᠬᠠᠤᠯᠢ ᠬᠡᠷᠡᠭ᠌ᠵᠢᠭᠦᠯᠬᠦ᠌᠎ᠶ᠋ᠢ ᠠᠬᠢᠭᠤᠯᠵᠤ ᠂ ᠠᠷᠠᠳ ᠣᠯᠠᠨ᠎ᠤ ᠬᠠᠤᠯᠢ ᠶᠣᠰᠣᠨ᠎ᠤ ᠠᠱᠢᠭ ᠲᠤᠰᠠ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠨ᠎ᠠ᠃

ᠬᠠᠤᠯᠢ᠎ᠪᠠᠷ ᠵᠠᠰᠠᠬᠤ ᠪᠣᠯ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠮᠥᠨ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠂ ᠠᠷᠠᠳ᠎ᠤᠨ ᠵᠣᠪᠠᠭᠤᠷᠢ᠎ᠶ᠋ᠢ ᠠᠷᠢᠯᠭᠠᠵᠤ ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠣᠳᠠᠲᠤ ᠶᠠᠪᠤᠳᠠᠯ ᠰᠠᠢᠨ ᠶᠠᠪᠤᠳᠠᠯ᠎ᠢ ᠰᠠᠢᠲᠤᠷ ᠬᠢᠵᠦ᠍ ᠂ ᠠᠷᠠᠳ ᠲᠦᠮᠡᠨ᠎ᠦ ᠠᠮᠢᠳᠤᠷᠠᠯ᠎ᠢ ᠨᠠᠩ ᠰᠠᠢᠨ ᠰᠠᠢᠬᠠᠨ ᠪᠣᠯᠭᠠᠬᠤ᠎ᠪᠠᠷ ᠴᠢᠷᠮᠠᠢᠨ᠎ᠠ ᠭᠡᠵᠦ᠍ ᠳᠤᠷᠠᠳᠪᠠ᠃ ᠡᠭᠦᠨ᠎ᠳᠦ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶᠠᠨ᠎ᠤ ᠳᠡᠳ᠋ ᠪᠠᠢᠴᠠᠭᠠᠬᠤ ᠳᠠᠷᠤᠭ᠎ᠠ ᠵᠢᠶᠠᠨ ᠱᠢᠶᠤᠤ ᠸᠸᠨ ᠂ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ᠎ᠶ᠋ᠢᠨ ᠬᠢᠨ ᠠᠷᠠᠳ᠎ᠤᠨ ᠲᠥᠯᠥᠭᠡ ᠬᠠᠤᠯᠢ ᠪᠠᠷᠢᠬᠤ᠎ᠪᠠᠷ ᠵᠣᠷᠢᠯᠲᠠ ᠪᠠ ᠲᠤᠰᠤᠯᠳᠠ ᠪᠣᠯᠭᠠᠬᠤ᠎ᠶ᠋ᠢ ᠪᠠᠷᠢᠮᠲᠠᠯᠠᠵᠤ ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠲᠠᠰᠤᠷᠠᠯᠳᠠ ᠦᠭᠡᠢ ᠱᠢᠢᠳᠪᠦᠷᠢᠯᠡᠵᠦ᠍ ᠂ ᠴᠢᠨᠠᠷ ᠰᠠᠢᠲᠠᠢ ᠬᠠᠤᠯᠢ ᠴᠠᠭᠠᠵᠠ᠎ᠶ᠋ᠢᠨ ᠬᠢᠨᠠᠯᠲᠠ᠎ᠪᠠᠷ ᠠᠷᠠᠳ ᠲᠦᠮᠡᠨ᠎ᠦ ᠠᠮᠤᠷ ᠲᠤᠭᠲᠠᠭᠤᠨ ᠠᠵᠤ ᠲᠦᠷᠦᠭᠦ᠎ᠶ᠋ᠢ ᠪᠠᠲᠤᠯᠠᠨ᠎ᠠ ᠭᠡᠵᠦ᠍ ᠢᠯᠡᠳᠭᠡᠪᠡ; ᠵᠣᠷᠢᠭ᠍ᠲᠠᠢ᠎ᠪᠠᠷ ᠬᠢᠨᠠᠯᠲᠠ ᠲᠠᠯᠪᠢᠬᠤ ᠂ ᠴᠢᠳᠠᠮᠠᠭᠠᠢ᠎ᠪᠠᠷ ᠬᠢᠨᠠᠯᠲᠠ ᠲᠠᠯᠪᠢᠬᠤ ᠂ ᠥᠪᠡᠷ᠎ᠦᠨ ᠪᠡᠶ᠎ᠡ᠎ᠳᠡᠭᠡᠨ ᠵᠣᠷᠢᠭ᠍ᠲᠠᠢ᠎ᠪᠠᠷ ᠬᠢᠨᠠᠯᠲᠠ ᠲᠠᠯᠪᠢᠬᠤ᠎ᠶ᠋ᠢ ᠥᠷᠨᠢᠭᠦᠯᠬᠦ ᠎ᠶ᠋ᠢ  ᠪᠠᠷᠢᠮᠲᠠᠯᠠᠵᠤ  ᠂ ᠬᠠᠤᠯᠢ ᠴᠠᠭᠠᠵᠠ ᠵᠢᠨ ᠬᠡᠷᠡᠭ ᠪᠦᠷᠢ᠎ᠡᠴᠡ ᠲᠥᠪ ᠭᠣᠣᠯᠴᠢ ᠱᠢᠳᠤᠷᠭᠤ ᠶᠣᠰᠣ᠎ᠶ᠋ᠢ ᠠᠷᠠᠳ ᠤᠯᠠᠨ᠎ᠳᠤ ᠮᠡᠳᠡᠷᠡᠭᠦᠯᠬᠦ᠌᠎ᠪᠡᠷ ᠴᠢᠷᠮᠠᠢᠪᠠ᠃ ᠵᠢᠶᠠᠨ ᠱᠢᠶᠤᠤ ᠸᠸᠨ᠄《ᠪᠢᠳᠡ ᠠᠷᠠᠳ᠎ᠤᠨ ᠠᠮᠢᠳᠤᠷᠠᠯ᠎ᠤᠨ ᠬᠠᠤᠯᠢ ᠴᠠᠭᠠᠵᠠ᠎ᠶ᠋ᠢᠨ ᠪᠠᠲᠤᠯᠠᠭ᠎ᠠ᠎ᠶ᠋ᠢ ᠨᠠᠩ ᠶᠡᠬᠡ ᠡᠷᠴᠢᠮ᠎ᠢᠶᠡᠷ ᠴᠢᠩᠭᠠᠳᠭᠠᠵᠤ ᠂ ᠨᠠᠰᠤᠨ᠎ᠳᠤ ᠥᠯᠥ᠍ ᠭᠦᠷᠦᠭ᠌ᠰᠡᠳ᠎ᠦᠨ ᠶᠡᠷᠦᠩᠬᠡᠢᠯᠡᠭ᠌ᠰᠡᠨ ᠬᠠᠤᠯᠢ ᠴᠠᠭᠠᠵᠠ᠎ᠶ᠋ᠢᠨ ᠬᠠᠮᠠᠭᠠᠯᠠᠯᠲᠠ ᠂ ᠨᠠᠰᠤᠵᠢᠯ᠎ᠤᠨ ᠠᠰᠠᠷᠠᠮᠵᠢ᠎ᠶ᠋ᠢᠨ ᠮᠡᠬᠡᠯᠡᠯ᠎ᠳᠦ ᠴᠣᠬᠢᠯᠲᠠ ᠥᠭ᠌ᠴᠦ ᠴᠡᠭ᠌ᠴᠡᠯᠡᠨ ᠵᠠᠰᠠᠬᠤ ᠵᠡᠷᠭᠡ ᠠᠵᠢᠯ᠎ᠢ ᠦᠷᠭᠦᠯᠵᠢᠯᠡᠨ ᠪᠣᠳᠠᠲᠠᠶ ᠠᠳᠭᠤᠵᠤ ᠂ ᠢᠯᠡ᠎ᠪᠡᠷ ᠭᠡᠷᠡᠴᠢᠯᠡᠭᠡ ᠰᠣᠨᠣᠰᠭᠤ ᠂ ᠵᠠᠭᠠᠯᠳᠤᠯᠭ᠎ᠠ ᠬᠢᠬᠦ᠌᠎ᠶ᠋ᠢ ᠳᠡᠮᠵᠢᠬᠦ᠌ ᠂ ᠬᠠᠤᠯᠢ ᠴᠠᠭᠠᠵᠠ᠎ᠶ᠋ᠢᠨ ᠲᠤᠰᠠᠯᠠᠮᠵᠢ ᠦᠵᠡᠭᠦᠯᠬᠦ᠌ ᠵᠡᠷᠭᠡ ᠠᠷᠠᠳ ᠲᠦ᠍ ᠠᠰᠢᠭ ᠬᠦᠷᠳᠡᠬᠡᠬᠦ ᠪᠣᠳᠠᠲᠤ ᠶᠠᠪᠤᠳᠠᠯ᠎ᠢ ᠤᠯᠠᠮ  ᠰᠠᠢᠲᠤᠷ ᠬᠢᠨ᠎ᠠ》 ᠬᠡᠵᠦ ᠶᠠᠷᠢᠪᠠ᠃

ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠦᠶ᠋ᠯᠡᠴᠢᠯᠡᠭᠡ᠎ᠪᠡᠨ ᠲᠠᠰ ᠳᠡᠪᠱᠢᠭᠦᠯᠵᠦ᠍ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠥᠳᠡᠯᠭᠡᠬᠦ᠌ ᠬᠦᠴᠦᠨ ᠨᠡᠮᠡᠷᠢᠯᠡᠨ᠎ᠠ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠣᠷᠣᠨ ᠲᠤᠭ᠎ᠠ ᠵᠢᠨ ᠵᠥᠪᠯᠡᠯ᠎ᠦᠨ ᠠᠯᠪᠠᠨ ᠬᠡᠷ᠎ᠦᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ  ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠥᠪᠥᠷ ᠮᠣᠩᠭᠣᠯ᠎ᠤᠨ ᠲᠠᠯᠠᠷᠬᠠᠯ᠎ᠤᠨ ᠰᠡᠳᠬᠢᠯᠭᠡ ᠪᠡᠷ ᠡᠷᠡᠯᠬᠡᠭ᠌ᠯᠡᠨ ᠤᠷᠤᠭ᠍ᠰᠢᠯᠠᠬᠤ ᠠᠮᠢᠳᠤᠯᠢᠭ ᠦᠶ᠋ᠯᠡᠳᠦᠯᠭᠡ᠎ᠶ᠋ᠢ ᠭᠦᠶ᠋ᠴᠡᠳ ᠢᠯᠡᠷᠡᠭᠦᠯᠪᠡ ᠭᠡᠵᠤ ᠰᠠᠨᠠᠯ ᠨᠢᠭᠡᠲᠡᠶ ᠦᠵᠡᠪᠠ ᠃ ᠤᠯᠠᠨ᠎ᠢᠶᠠᠷ᠎ᠢᠶᠠᠨ ᠂ 《ᠬᠣᠶᠠᠷ᠎ᠢ ᠲᠣᠭ᠍ᠲᠠᠭᠠᠭᠰᠠᠨ》 ᠎ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ ᠂ 《ᠬᠣᠶᠠᠷ᠎ᠢ ᠬᠠᠮᠠᠭᠠᠯᠠᠬᠤ》 ᠵᠢ ᠨᠡᠩ ᠡᠷᠡᠰ ᠪᠠᠲᠤ ᠤᠬᠠᠮᠰᠠᠷ᠎ᠠᠴᠠ᠎ᠪᠠᠨ ᠪᠡᠶᠡᠯᠡᠭᠦᠯᠵᠦ᠍ ᠂ ᠪᠠᠢᠭᠤᠯᠤᠮᠵᠢ᠎ᠶᠢᠨ ᠣᠷᠣᠨ ᠲᠣᠭ᠎ᠠ᠎ᠶ᠋ᠢᠨ ᠠᠵᠢᠯ᠎ᠳᠠᠬᠢ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠂ ᠪᠠᠢᠭᠤᠯᠤᠮᠵᠢ᠎ᠶᠢᠨ ᠣᠷᠣᠨ ᠲᠣᠭ᠎ᠠ᠎ᠶ᠋ᠢᠨ ᠰᠠᠯᠠᠭ᠎ᠠ ᠮᠥᠴᠢᠷ᠎ᠦᠨ ᠡᠭᠦᠷᠭᠡ ᠴᠢᠳᠠᠪᠬᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ ᠂ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠂ ᠣᠷᠣᠨ ᠲᠣᠭ᠎ᠠ᠎ᠶ᠋ᠢ ᠨᠢᠭᠡᠳᠦᠯᠲᠡᠢ ᠲᠥᠯᠥᠪᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠪᠠᠢᠭᠤᠯᠤᠮᠵᠢ ᠲᠣᠭ᠍ᠲᠠᠴᠠ ᠪᠣᠯᠤᠨ ᠪᠠᠢᠭᠤᠯᠤᠮᠵᠢ᠎ᠶᠢᠨ ᠣᠷᠣᠨ ᠲᠣᠭ᠎ᠠ᠎ᠶ᠋ᠢᠨ ᠪᠠᠲᠤᠯᠠᠭ᠎ᠠ ᠬᠠᠩᠭᠠᠨ᠎ᠠ ᠭᠡᠵᠦ᠍ ᠢᠯᠡᠳᠭᠡᠵᠡᠭᠡᠪᠡ᠃

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 〈ᠲᠠᠯᠪᠢᠬᠤ ᠬᠠᠮᠢᠶᠠᠷᠬᠤ ᠦᠢᠯᠡᠴᠢᠯᠡᠬᠦ᠌〉 ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠬᠤ᠎ᠲᠤᠬᠠᠢ ᠱᠠᠭᠠᠷᠳᠠᠯᠭ᠎ᠠ ᠳᠤᠷᠠᠳᠴᠠᠢ᠃ ᠲᠠᠷᠠᠭᠠᠴᠢ᠎ᠶ᠋ᠢᠨ ᠠᠯᠬᠤᠮ᠎ᠳᠤ ᠂ ᠪᠥᠬᠥ᠌ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠱᠢᠰᠲ᠋ᠧᠮ ᠎ᠤᠨ ᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠪᠥᠬᠥ᠌ ᠲᠠᠯ᠎ᠠ᠎ᠪᠠᠷ ᠰᠠᠢᠲᠤᠷ ᠠᠳᠭᠤᠵᠤ ᠂ ᠠᠵᠤ ᠠᠬᠤᠢᠯᠠᠯ ᠪᠠ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠬᠠᠩᠭᠠᠬᠤ᠎ᠪᠠᠷ ᠬᠠᠷᠠᠯᠲᠠ ᠪᠣᠯᠭᠠᠬᠤ᠎ᠶ᠋ᠢ ᠪᠠᠷᠢᠮᠲᠠᠯᠠᠵᠤ ᠂ ᠠᠵᠤ ᠠᠬᠤᠢᠯᠠᠯ ᠪᠠ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌ ᠪᠠ  ᠠᠵᠢᠯ ᠶᠠᠪᠤᠳᠠᠯ᠎ᠢ ᠰᠠᠭᠠᠲᠠᠭᠠᠬᠤ ᠥᠬᠡᠶ ᠪᠠᠢᠬᠤ᠎ᠶ᠋ᠢ ᠪᠠᠲᠤᠯᠠᠨ᠎ᠠ》᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠳᠠᠷᠤᠭ᠎ᠠ ᠪᠦᠦ ᠵᠢᠶᠠᠨ ᠵᠥᠩ ᠢᠯᠡᠷᠬᠡᠢᠯᠡᠬᠦ᠌᠎ᠳᠡᠭᠡᠨ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪᠯᠡᠷᠡᠯ ᠎ᠤᠨ  ᠲᠦᠪᠱᠢᠨ᠎ᠢ ᠶᠡᠬᠡ᠎ᠪᠡᠷ ᠳᠡᠭᠡᠭ᠌ᠰᠢᠯᠡᠭᠦᠯᠵᠦ᠍᠂ ᠨᠠᠷᠢᠨ ᠲᠠᠩᠰᠠ᠎ᠶ᠋ᠢᠨ ᠵᠦᠶ᠋ᠯᠡᠰ᠎ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ  ᠠᠬᠢᠭᠤᠯᠵᠤ᠂ 《ᠨᠢᠭᠡ ᠲᠠᠩᠰᠠ᠎ᠪᠠᠷ ᠪᠦᠬᠦᠨ᠎ᠢ ᠵᠢᠭ᠍ᠰᠠᠭᠠᠬᠤ》 ᠶ᠋ᠢ  ᠪᠡᠶᠡᠯᠡᠭᠦᠯᠵᠦ᠍᠂ ᠠᠵᠤ ᠠᠬᠤᠢᠯᠠᠯ ᠪᠠ ᠣᠯᠠᠨ ᠲᠦᠮᠡᠨ᠎ᠳᠦ ᠦᠨᠡᠨ ᠬᠦ᠌ ᠲᠥᠬᠥᠮ ᠦᠵᠡᠭᠦᠯᠵᠦ᠍ ᠂ ᠪᠣᠳᠠᠲᠤ ᠠᠱᠢᠭ ᠬᠦᠷᠲᠡᠭᠡᠬᠦ᠌ ᠬᠡᠷᠡᠭ᠌ᠲᠡᠶ ᠃ 《12345》 ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ᠎ᠶ᠋ᠢᠨ 《ᠨᠢᠭᠡ ᠤᠳᠠᠰᠤ ᠪᠡᠷ ᠰᠠᠭᠠᠳ ᠦᠭᠡᠢ ᠨᠡᠪᠲᠡᠷᠡᠭᠦᠯᠬᠦ᠌ 》 ᠎ᠶ᠋ᠢ ᠪᠥᠬᠥ᠌ ᠬᠦᠴᠦᠨ᠎ᠢᠶᠡᠷ ᠠᠬᠢᠭᠤᠯᠵᠤ ᠂ ᠣᠯᠠᠨ ᠲᠦᠮᠡᠨ᠎ᠦ ᠠᠮᠤᠷ ᠲᠦᠪᠱᠢᠨ ᠠᠶᠤᠯ ᠲᠦᠭ᠌ᠰᠢᠭᠦᠷᠢ ᠵᠤᠪᠠᠭᠤᠷᠢ ᠵᠦᠳᠡᠭᠦᠷᠢ᠎ᠶᠢ ᠬᠠᠯᠠᠮᠵᠢᠯᠠᠵᠦ ᠬᠠᠮᠢᠶᠠᠷᠬᠤ ᠬᠥᠮᠦᠨ᠎ᠲᠡᠶ ᠪᠣᠯᠭᠠᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠵᠤ ᠠᠬᠤᠢᠯᠠᠯ ᠣᠯᠠᠨ ᠲᠦᠮᠡᠨ᠎ᠳᠦ ᠨᠠᠩ ᠣᠯᠠᠨ ᠨᠠᠩ ᠡᠷᠬᠡ ᠲᠡᠭ᠌ᠰᠢ᠎ᠪᠡᠷ ᠬᠦᠷᠲᠡᠭᠡᠨ᠎ᠡ ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号