ᠪᠢᠳᠡᠨ᠎ᠤ ᠮᠠᠩᠯᠠᠢ᠎ᠳᠤᠨᠢ ᠭᠠᠷᠬᠤ ᠪᠠᠷ ᠮᠠᠷᠡᠢᠬᠦ ᠡᠷᠴᠢ ᠵᠣᠷᠢᠬ
2023-01-15 18:53:45
ᠵᠣᠬᠢᠶᠠᠭ᠍ᠴᠢ᠄
ᠰᠢᠣᠸᠠᠢ ᠯᠠᠢ
ᠣᠩᠱᠢᠭ᠍ᠰᠠᠨ ᠣᠳᠠᠭ᠎ᠠ᠄
★★★☆☆

ᠬᠦᠬᠡᠭᠡ ᠡᠪᠦᠯ᠎ᠤᠨ ᠬᠦᠢᠲᠡᠨ ᠲᠡᠰ ᠨᠢᠰ᠃ ᠭᠡᠪᠡᠴᠦ ᠥᠪᠥᠷ ᠮᠣᠩᠭᠣᠯ᠎ᠤᠨ ᠡᠬᠡ ᠭᠠᠵᠠᠷ ᠲᠦ᠍ ᠦᠷᠨᠢᠬᠦᠨ ᠬᠦᠭᠵᠢᠩᠬᠦᠢ ᠪᠠᠢᠳᠠᠯ ᠢᠯᠡᠷᠡᠵᠦ᠍᠂ ᠠᠵᠢᠯ ᠬᠢᠵᠦ᠍ ᠦᠢᠯᠡᠰ ᠪᠤᠰᠭᠠᠬᠤ ᠬᠠᠯᠠᠭᠤᠨ ᠥᠷᠨᠢᠯᠲᠡ ᠲᠣᠯᠬᠢᠶᠠᠯᠠᠨ᠎ᠠ᠃ 1 ᠰᠠᠷ᠎ᠠ᠎ᠶ᠋ᠢᠨ 12 ᠎ᠤ᠋ᠨ ᠡᠳᠦᠷ᠎ᠦᠨ ᠦᠳᠡ᠎ᠶ᠋ᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠡᠬᠢᠯᠡᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠰᠡᠳᠬᠢᠯ ᠲᠤᠭᠳᠤᠯᠤᠭᠤᠯᠤᠮ᠎ᠠ ᠠᠮᠵᠢᠯᠲᠠ᠎ᠨᠢ ᠬᠥᠮᠦᠰ᠎ᠢ ᠵᠣᠷᠢᠭ᠍ᠵᠢᠭᠤᠯᠵᠦ ᠪᠠᠢᠯ᠎ᠠ —

ᠨᠢᠭᠡ ᠵᠢᠯ᠎ᠦᠨ ᠲᠤᠷᠰᠢ ᠂ ᠪᠥᠬᠥ᠌ ᠣᠷᠣᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ 15% ᠎ᠡᠴᠡ ᠳᠡᠭᠡᠭ᠌ᠰᠢ ᠨᠡᠮᠡᠭ᠌ᠳᠡᠵᠦ᠍᠂ ᠪᠥᠬᠥ᠌ ᠤᠯᠤᠰ᠎ᠲᠤ ᠲᠡᠷᠢᠭᠦᠯᠡᠵᠦ᠍᠂ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ 20.2%  ᠶ᠋ᠢᠡᠷ ᠨᠡᠮᠡᠭ᠌ᠳᠡᠵᠦ᠍᠂ ᠪᠥᠬᠥ᠌ ᠤᠯᠤᠰ᠎ᠤᠨ ᠬᠣᠶᠠᠳᠤᠭᠠᠷ᠎ᠲᠤ ᠵᠢᠬᠰᠠᠵᠦ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ 8%  ᠡᠴᠡ ᠳᠡᠭᠡᠭ᠌ᠰᠢ ᠨᠡᠮᠡᠭ᠌ᠳᠡᠵᠦ᠍᠂ ᠪᠥᠬᠥ᠌ ᠤᠯᠤᠰ᠎ᠤᠨ ᠭᠤᠷᠪᠠᠳᠤᠭᠠᠷ᠎ᠲᠤ ᠣᠷᠣᠪᠠ;

ᠨᠢᠭᠡ ᠵᠢᠯ᠎ᠦᠨ ᠲᠤᠷᠰᠢ᠂ ᠪᠦᠬᠦ᠌ ᠣᠷᠣᠨ᠎ᠤ ᠨᠡᠭᠦᠷᠡᠰᠦᠨ᠎ᠦ ᠭᠠᠷᠤᠯᠲᠠ 12.2 ᠳ᠋ᠦᠩᠱᠢᠭᠤᠷ ᠲᠣᠨ᠎ᠳᠤ ᠬᠦᠷᠴᠦ᠍ ᠂ ᠴᠠᠬᠢᠯᠭᠠᠨ ᠭᠠᠷᠭᠠᠭ᠍ᠰᠠᠨ ᠬᠡᠮᠵᠢᠶ᠎ᠡ 6465 ᠳ᠋ᠦᠩᠱᠢᠭᠤᠷ ᠭᠷᠡᠳᠦᠢ᠍ᠰ᠎ᠲᠤ ᠬᠦᠷᠴᠦ᠍ ᠂ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ 9.45 ᠳ᠋ᠦᠩᠱᠢᠭᠤᠷ ᠲᠣᠨ ᠪᠡᠶᠡᠯᠡᠭᠦᠯᠵᠦ᠍᠂ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ 2640 ᠳ᠋ᠦᠩᠱᠢᠭᠤᠷ ᠭᠷᠡᠳᠦᠢ᠍ᠰ᠎ᠲᠤ ᠬᠦᠷᠴᠦ᠍᠂ ᠴᠥᠮ ᠪᠦᠬᠦ᠌ ᠤᠯᠤᠰ ᠲᠦ᠍ ᠲᠦᠷᠦᠬᠦᠯᠡᠪᠡ;

ᠨᠢᠭᠡ ᠵᠢᠯ᠎ᠦᠨ ᠲᠤᠷᠰᠢ᠂ ᠪᠦᠬᠦ᠌ ᠣᠷᠣᠨ 400 ᠲᠦᠮᠡᠨ ᠮᠦ᠍᠎ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢᠭᠤᠯᠬᠤ ᠪᠠ ᠱᠢᠷ᠎ᠠ ᠪᠤᠷᠴᠠᠭ᠎ᠤᠨ ᠲᠣᠰᠣᠯᠢᠭ ᠵᠦᠢᠯ᠎ᠢ ᠥᠷᠭᠡᠳᠭᠡᠨ ᠲᠠᠷᠢᠬᠤ ᠡᠭᠦᠷᠭᠡ᠎ᠶ᠋ᠢ ᠪᠡᠶᠡᠯᠡᠭᠦᠯᠵᠦ᠍᠂ ᠠᠮᠤ ᠪᠤᠳᠠᠭᠠᠨ᠎ᠤ ᠤᠨᠠᠯᠲᠠ 780 ᠳ᠋ᠦᠩᠱᠢᠭᠤᠷ ᠵᠢᠩ ᠂ ᠦᠨᠢᠶᠡᠨ ᠰᠦ᠎ᠶ᠋ᠢᠨ ᠭᠠᠷᠤᠯᠲᠠ 720 ᠲᠦᠮᠡᠨ ᠲᠣᠨ ᠂ ᠮᠢᠬᠠᠨ᠎ᠤ ᠲᠥᠷᠥᠯ᠎ᠦᠨ ᠭᠠᠷᠤᠯᠲᠠ 282 ᠲᠦᠮᠡᠨ ᠲᠣᠨ ᠪᠠᠢᠵᠤ᠂ ᠪᠦᠷ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ ;

ᠨᠢᠭᠡ ᠵᠢᠯ᠎ᠦᠨ ᠲᠤᠷᠰᠢ ᠂ ᠪᠥᠬᠥ᠌ ᠣᠷᠣᠨ 《 12345 》 ᠬᠠᠯᠠᠮᠱᠢᠯ ᠤᠲᠠᠰᠤ᠎ᠶ᠋ᠢ ᠨᠡᠪᠲᠡᠷᠡᠭᠦᠯᠵᠦ᠍᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌᠂ ᠪᠠᠷᠢᠯᠭ᠎ᠠ᠎ᠶ᠋ᠢᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠪᠠ 《ᠭᠡᠷᠡᠴᠢ ᠦᠨᠡᠮᠯᠡᠯ᠎ᠢ ᠰᠠᠯᠭᠠᠬᠤ》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠥᠬᠡᠬᠣᠲᠠ ᠪᠤᠭᠤᠲᠤ ᠣᠷᠳᠣᠰ ᠦᠬᠠᠶ᠎ᠳᠤ 38 ᠵᠦᠶ᠋ᠯ᠎ᠦᠨ ᠵᠠᠰᠠᠭ ᠵᠠᠬᠢᠷᠭᠠᠨ᠎ᠤ ᠡᠷᠬᠡ᠎ᠶ᠋ᠢᠨ ᠵᠦᠶ᠋ᠯᠡᠰ᠎ᠢ ᠳᠣᠷᠣᠭ᠍ᠰᠢ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠷᠬᠡ᠎ᠶ᠋ᠢᠨ ᠵᠦᠶ᠋ᠯᠡᠰ᠎ᠤᠨ 72 ᠵᠦᠶ᠋ᠯ᠎ᠢ ᠬᠦᠴᠦᠨ ᠥᠬᠡᠶ ᠪᠣᠯᠭᠠᠵᠤ ᠂ 679 ᠵᠦᠶ᠋ᠯ᠎ᠢ ᠳᠣᠷᠣᠭ᠍ᠰᠢ ᠪᠠᠭᠤᠯᠭᠠᠵᠤ᠂ ᠠᠵᠢᠯ ᠭᠦᠶ᠋ᠴᠡᠳᠭᠡᠬᠦ᠌ ᠴᠠᠭ᠎ᠤᠨ ᠬᠢᠵᠠᠭᠠᠷ᠎ᠢ 49.4% ᠪᠠᠭᠠᠰᠭᠠᠪᠠ ᠁

ᠥᠪᠥᠷ ᠮᠣᠩᠭᠣᠯ᠎ᠤᠨ ᠮᠠᠩᠯᠠᠢ᠎ᠳᠤᠨᠢ ᠭᠠᠷᠬᠤ ᠪᠠᠷ ᠮᠡᠷᠡᠢᠬᠦ ᠡᠷᠴᠢ ᠵᠣᠷᠢᠭ ᠬᠠᠮᠢᠭ᠎ᠠ᠎ᠠᠴᠠ ᠢᠷᠡᠭᠰᠡᠨ ᠪᠤᠢ ? ᠬᠠᠷᠢᠭᠤᠯᠲᠠ ᠨᠢ ᠮᠠᠰᠢ ᠲᠦᠬᠦᠮᠬᠡᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠂ ᠢᠯᠠᠩᠭᠤᠶ᠎ᠠ ᠡᠯ᠎ᠡ ᠱᠠᠲᠤᠨ᠎ᠤ ᠤᠳᠤᠷᠢᠳᠭᠤ ᠺᠠᠳ᠋ᠷ ᠳᠠᠩᠰᠠ ᠮᠡᠳᠡᠭᠦᠯᠬᠦ᠌ ᠤᠬᠠᠮᠰᠠᠷ᠂ ᠦᠷ᠎ᠡ ᠪᠦᠲᠦᠭᠡᠯ᠎ᠦᠨ ᠤᠬᠠᠮᠰᠠᠷ᠎ᠢᠶᠠᠨ ᠴᠢᠩᠭᠠᠳᠭᠠᠵᠤ᠂ ᠬᠡᠯᠡᠪᠡᠯ ᠬᠢᠵᠦ᠍᠂ ᠳᠠᠷᠤᠢᠬᠠᠨ ᠬᠦᠢᠴᠡᠳᠭᠡᠵᠦ᠂ ᠰᠠᠢᠲᠤᠷ ᠬᠢᠬᠦ᠌ ᠬᠡᠷᠡᠭ᠌ᠲᠡᠢ ᠃ ᠤᠴᠢᠷ ᠶᠠᠪᠤᠳᠠᠯ ᠲᠣᠬᠢᠶᠠᠯᠲᠣᠪᠠᠯ ᠱᠢᠯᠲᠠᠭ ᠡᠷᠢᠬᠦ᠌ ᠦᠭᠡᠢ᠂ ᠢᠯᠡᠭᠦᠬᠡᠨ ᠠᠷᠭ᠎ᠠ ᠪᠤᠳᠤᠵᠤ᠂  ᠬᠤᠷᠳᠤᠨ ᠮᠤᠷᠢᠨ᠎ᠳᠤ ᠲᠠᠱᠢᠭᠤᠷ ᠨᠡᠮᠡᠬᠦ᠌ ᠪᠣᠰᠢᠭᠤ ᠱᠠᠯᠠᠮᠠᠭᠠᠢ ᠣᠪᠣᠷ ᠰᠤᠷᠲᠠᠯ᠎ᠢᠶᠠᠷ ᠠᠵᠢᠯ ᠬᠢᠵᠦ᠍ ᠦᠢᠯᠡᠰ ᠪᠤᠰᠭᠠᠬᠤ ᠬᠤᠷᠳᠤᠴᠠ᠎ᠶ᠋ᠢ ᠲᠦᠷᠭᠡᠳᠭᠡᠵᠦ᠍᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠨᠠᠮ᠎ᠤᠨ ᠭᠡᠱᠢᠭᠦᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠰᠢᠯᠢᠳᠡᠭ ᠲᠦᠷᠢ ᠲᠥᠷᠬᠦ᠌᠎ᠶ᠋ᠢ ᠱᠤᠭᠤᠬᠤ ᠬᠡᠷᠡᠭ᠌ᠲᠡᠢ ᠭᠡᠵᠦ᠍ ᠱᠠᠭᠠᠷᠳᠠᠭᠰᠠᠨ ᠡᠴᠡ ᠰᠠᠯᠵᠦ ᠴᠢᠳᠠᠰᠢ ᠦᠭᠡᠢ᠃

ᠪᠦᠬᠦ᠌ ᠣᠷᠣᠨ᠎ᠤ ᠡᠯ᠎ᠡ ᠭᠠᠵᠠᠷ᠎ᠤᠨ ᠮᠠᠩᠯᠠᠢᠯᠠᠬᠤ ᠪᠠᠷ ᠮᠡᠷᠡᠢᠭᠰᠡᠨ ᠡᠷᠴᠢ ᠵᠣᠷᠢᠭ ᠲᠡᠭᠦᠯᠳᠡᠷ —

《ᠥᠩᠭᠡᠷᠡᠭ᠌ᠰᠡᠨ᠎ᠳᠦ ᠡᠵᠡᠩᠨᠡᠯᠲᠡ᠎ᠶ᠋ᠢᠨ ᠦᠨᠡᠮᠯᠡᠯ ᠠᠪᠬᠤ᠎ᠳᠤ ᠠᠳᠠᠭ᠎ᠲᠠᠭᠠᠨ ᠨᠢᠭᠡ ᠭᠠᠷᠠᠭ ᠬᠡᠷᠡᠭ᠌ᠰᠡᠨ᠎ᠡ᠃ ᠣᠳᠣ ᠨᠢᠭᠡ ᠤᠳᠠᠭ᠎ᠠ ᠳ᠋ᠦ ᠰᠢᠢᠳᠪᠦᠷᠢᠯᠡᠴᠢᠬᠡᠨ᠎ᠡ᠂ ᠠᠵᠢᠯ᠎ᠠᠴᠠ ᠪᠠᠭᠤᠬᠤ ᠴᠠᠭ ᠪᠠᠢᠬᠰᠠᠨ ᠪᠣᠯᠪᠠᠴᠦ ᠠᠵᠢᠯᠲᠠᠨ ᠴᠠᠭ᠎ᠢ ᠠᠮᠵᠢᠨ ᠪᠢᠳᠡᠨ᠎ᠳᠦ ᠭᠦᠶ᠋ᠴᠡᠳᠭᠡᠵᠦ᠍ ᠥᠭ᠌ᠪᠡ᠂ ᠮᠠᠰᠢ ᠲᠠᠯᠠᠷᠬᠠᠵᠤ ᠪᠠᠢᠨ᠎ᠠ》ᠭᠡᠵᠦ ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠲᠦᠴᠢᠦᠸᠠᠨ ᠪᠠᠯᠭᠠᠰᠤᠨ᠎ᠤ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ ᠹᠠᠩ ᠴᠢ ᠵᠦ᠍ ᠰᠤᠷᠪᠤᠯᠵᠢᠯᠠᠭ᠍ᠴᠢ᠎ᠳᠤ ᠪᠠᠶᠠᠷ᠎ᠲᠠᠶ ᠶᠠᠷᠢᠨ᠎ᠠ᠃

ᠬᠥᠬᠡᠬᠣᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠳᠤ ᠠᠯᠬᠣᠨ ᠣᠷᠣᠪᠠᠯ ᠬᠠᠨ᠎ᠠ ᠳᠡᠭᠡᠷᠡᠬᠢ 《ᠨᠢᠭᠡᠯᠡ ᠤᠳᠠᠭ᠎ᠠ᠎ᠳᠤ ᠭᠦᠶ᠋ᠴᠡᠳᠭᠡᠵᠦ᠍ ᠂ ᠳᠡᠯᠭᠡᠭᠦᠷ᠎ᠦᠨ ᠵᠠᠷᠤᠴᠠ ᠪᠣᠯᠬᠤ᠎ᠪᠠᠷ ᠴᠢᠷᠮᠠᠢᠨ᠎ᠠ》 ᠭᠡᠰᠡᠨ ᠨᠢᠭᠡ ᠮᠦᠷ ᠥᠰᠥᠭ ᠬᠠᠷᠠᠭᠠᠨ᠎ᠳᠤ ᠢᠯᠡ ᠲᠣᠰᠣᠨ᠎ᠠ᠃ 2019 ᠣᠨ᠎ᠳᠤ᠂ ᠬᠥᠬᠡᠬᠣᠲᠠ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠦᠨᠡᠯᠡᠯᠲᠡ ᠪᠥᠬᠥ᠌ ᠣᠷᠣᠨ᠎ᠤ ᠠᠲᠠᠬ ᠲᠦ᠍ ᠵᠢᠬᠰᠠᠭᠠᠵᠦ ᠪᠠᠢᠪᠠ᠃ ᠣᠲᠣ ᠡᠨᠳᠡᠬᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠨᠢᠭᠡᠨᠲᠡ ᠪᠦᠬᠦ᠌ ᠣᠷᠣᠨ᠎ᠤ ᠬᠣᠶᠠᠳᠤᠭᠠᠷ᠎ᠲᠤ ᠣᠷᠣᠪᠠ᠃

《ᠮᠠᠨ᠎ᠤ ᠣᠷᠣᠨ᠎ᠤ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ ᠪᠠ ᠬᠢᠨᠠᠨ ᠵᠥᠪᠱᠢᠶᠡᠷᠡᠬᠦ᠌ ᠵᠡᠷᠭᠡ ᠲᠠᠯ᠎ᠠ᠎ᠪᠠᠷ᠎ᠬᠢ 〈ᠲᠠᠯᠪᠢᠬᠤ ᠬᠠᠮᠢᠶᠠᠷᠬᠤ ᠦᠶ᠋ᠯᠡᠴᠢᠯᠡᠬᠦ᠌〉 ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠤᠯᠪᠠ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠵᠠᠩ ᠾᠧ ᠬᠡᠯᠡᠵᠦ ᠪᠠᠢᠯ᠎ᠠ᠃ 《 ᠪᠢᠳᠡ 〈 ᠡᠭᠦᠳᠡᠨ ᠳ᠋ᠣᠨᠢ ᠭᠦᠶ᠋ᠴᠡᠳᠭᠡᠬᠦ᠌ 〉 〈 ᠴᠠᠭᠠᠰᠤ ᠬᠡᠷᠡᠭᠰᠡᠬᠦ ᠥᠬᠡᠶ᠎ᠪᠡᠷ ᠭᠦᠶ᠋ᠴᠡᠳᠭᠡᠬᠦ᠌ 〉 〈 ᠨᠢᠭᠡᠯᠡ ᠤᠳᠠᠭ᠎ᠠ᠎ᠳᠤ ᠭᠦᠶ᠋ᠴᠡᠳᠭᠡᠬᠦ᠌ 〉 ᠎ᠪᠠᠷ ᠳᠠᠮᠵᠢᠭᠤᠯᠤᠨ ᠂ 〈 ᠬᠣᠶᠠᠷ ᠱᠢᠯᠢᠳᠡᠭ 〉 ᠲᠤᠰᠭᠠᠶ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠨᠡᠢᠲᠡ 631 ᠭᠤᠶᠤᠴᠢᠯᠠᠯ᠎ᠤᠨ ᠮᠠᠲ᠋ᠧᠷᠢᠶᠠᠯ᠎ᠢ ᠴᠣᠮᠬᠠᠳᠭᠠᠵᠤ᠂ 290 ᠭᠣᠭ᠍ᠴᠣᠭ᠎ᠠ᠎ᠶ᠋ᠢ ᠴᠣᠮᠬᠠᠳᠭᠠᠵᠤ ᠂ ᠳᠠᠷᠤᠶ ᠳ᠋ᠣᠨᠢ ᠭᠦᠶ᠋ᠴᠡᠳᠭᠡᠬᠦ᠌ ᠵᠦᠶ᠋ᠯᠡᠰ᠎ᠢ 50  ᠪᠣᠯᠲᠠᠯ᠎ᠠ ᠥᠷᠭᠡᠳᠭᠡᠵᠦ᠍᠂ ᠨᠡᠢᠲᠡ 1898 ᠠᠵᠢᠯ᠎ᠤᠨ ᠡᠳᠦᠷ᠎ᠢ ᠪᠣᠭᠣᠨᠢᠰᠭᠠᠵᠤ᠂ 2 ᠵᠦᠶ᠋ᠯᠡᠰ᠎ᠢ ᠪᠥᠬᠥ᠌ ᠤᠯᠤᠰ᠎ᠲᠤ ᠲᠦᠷᠦᠬᠦᠯᠡᠨ 〈 ᠮᠠᠲ᠋ᠧᠷᠢᠶᠠᠯ ᠥᠬᠡᠶ 〉 ᠭᠦᠶ᠋ᠴᠡᠳᠭᠡᠬᠦ᠌᠎ᠶ᠋ᠢ ᠪᠡᠶᠡᠯᠡᠭᠦᠯᠦᠭᠰᠡᠨ ᠪᠠᠢᠨ᠎ᠠ᠃ ᠬᠣᠢᠱᠢᠳᠠ ᠪᠢᠳᠡ ᠳᠠᠩᠰᠠ ᠮᠡᠳᠡᠭᠦᠯᠬᠦ᠌ ᠤᠬᠠᠮᠰᠠᠷ᠂ ᠳᠠᠩᠰᠠ ᠲᠤᠱᠢᠶᠠᠬᠤ ᠤᠬᠠᠮᠰᠠᠷ᠂ ᠦᠷ᠎ᠡ ᠪᠦᠲᠦᠭᠡᠯ᠎ᠦᠨ ᠤᠬᠠᠮᠰᠠᠷ᠎ᠢᠶᠠᠨ ᠴᠢᠨᠠᠬᠰᠢᠲᠠ ᠴᠢᠩᠭᠠᠳᠭᠠᠵᠤ᠂ ᠠᠵᠤ ᠠᠬᠤᠢᠯᠠᠯ ᠪᠠ ᠠᠵᠢᠯ ᠶᠠᠪᠤᠳᠠᠯ ᠭᠦᠢᠴᠡᠳᠭᠡᠬᠦ᠌ ᠣᠯᠠᠨ ᠲᠦᠮᠡᠨ᠎ᠦ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠬᠦᠴᠦᠨ ᠨᠡᠮᠡᠷᠢᠯᠡᠨ᠎ᠡ》 ᠭᠡᠵᠦ ᠵᠠᠩ ᠾᠸ ᠶᠠᠷᠢᠨ᠎ᠠ᠃

ᠠᠣᠭ᠎ᠠ ᠲᠥᠰᠦᠪ᠎ᠢ ᠠᠬᠤᠶ ᠪᠣᠯᠭᠠᠨ ᠬᠤᠪᠢᠷᠠᠭᠤᠯᠬᠤ ᠳ᠋ᠦ ᠠᠵᠠ ᠲᠣᠬᠢᠶᠠᠯ ᠪᠠ ᠥᠷᠢᠰᠥᠯᠳᠦᠭᠡᠨ ᠳᠦᠭᠦᠷᠡᠩ᠃ ᠪᠦᠬᠦ᠌ ᠣᠷᠣᠨ᠎ᠤ ᠨᠠᠮ᠎ᠤᠨ ᠭᠡᠱᠢᠭᠦᠨ ᠺᠠᠳ᠋ᠷᠴᠣᠳ ᠪᠣᠳᠠᠲᠠᠢ᠎ᠶ᠋ᠢ ᠲᠡᠷᠢᠭᠦᠨ᠎ᠳᠦ ᠲᠠᠯᠪᠢᠵᠤ ᠂ ᠪᠣᠳᠠᠲᠠᠢ ᠬᠢᠬᠦ᠌᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠬᠠᠭᠤᠴᠢᠨ ᠦᠵᠡᠯ ᠰᠠᠨᠠᠭ᠎ᠠ ᠪᠠᠨ ᠡᠪᠳᠡᠵᠦ᠍ ᠂ ᠬᠣᠴᠣᠷᠤᠩᠭᠤᠢ ᠠᠷᠭ᠎ᠠ᠎ᠶ᠋ᠢ ᠰᠠᠢᠵᠢᠷᠠᠭᠤᠯᠵᠤ᠂ ᠮᠡᠳᠡᠯᠭᠡ᠎ᠶ᠋ᠢᠨ ᠨᠥᠭᠡᠴᠡ᠎ᠪᠡᠨ ᠱᠢᠨᠡᠳᠭᠡᠵᠦ᠍᠂ ᠬᠥᠭ᠌ᠵᠢᠯᠲᠡ᠎ᠶ᠋ᠢᠨ ᠬᠠᠷᠠᠭ᠎ᠠ᠎ᠪᠠᠨ ᠥᠷᠭᠡᠳᠭᠡᠵᠦ᠍᠂ ᠦᠵᠡᠭ᠌ᠳᠡᠵᠦ ᠬᠠᠷᠠᠭᠲᠠᠮ᠎ᠠ ᠬᠤᠪᠢᠷᠠᠯᠲᠠ᠎ᠪᠠᠷ ᠨᠡᠢᠭᠡᠮ᠎ᠦᠨ ᠡᠯ᠎ᠡ ᠡᠲᠡᠭᠡᠳ᠎ᠦᠨ ᠬᠦᠰᠡᠯ ᠡᠷᠡᠮᠡᠯᠵᠡᠯ᠎ᠳᠦ ᠬᠠᠷᠢᠭᠤᠯᠲᠠ ᠥᠭ᠌ᠪᠡ᠃

ᠰᠠᠶᠢᠬᠠᠨ ᠨᠡᠪᠲᠡᠷᠡᠭᠰᠡᠨ ᠬᠥᠯᠥᠨ ᠪᠤᠢ᠌ᠷ ᠬᠤᠳᠠ᠎ᠶ᠋ᠢᠨ ᠬᠠᠢᠯᠠᠷ ᠲᠣᠭᠣᠷᠢᠭ᠎ᠤᠨ ᠵᠢᠶᠠᠨ ᠬᠤᠸᠠ ᠵᠠᠮ ᠥᠷᠭᠡᠨ ᠳᠠᠷᠳᠠᠩ᠂ ᠨᠠᠭᠠᠰᠢ ᠴᠠᠭᠠᠰᠢ ᠲᠡᠷᠭᠡ ᠬᠥᠰᠭᠡ ᠣᠰᠣᠨ ᠣᠷᠣᠰᠬᠠᠯ ᠮᠡᠲᠦ ᠴᠤᠪᠤᠷᠠᠨ᠎ᠠ᠃ 《 ᠵᠠᠮ ᠨᠡᠪᠲᠡᠷᠡᠭ᠌ᠰᠡᠨ᠎ᠦ ᠳᠠᠷᠠᠭ᠎ᠠ ᠮᠠᠰᠢ ᠲᠥᠬᠥᠮ ᠪᠣᠯᠤᠭ᠍ᠰᠠᠨ᠎ᠢᠶᠠᠷ ᠪᠠᠷᠠᠬᠤ ᠥᠬᠡᠶ ᠰᠠᠭᠤᠭᠠᠯᠢ ᠠᠷᠠᠳ᠎ᠤᠨ ᠲᠣᠭᠣᠷᠢᠭ᠎ᠤᠨ ᠡᠭᠦᠳᠡᠨ᠎ᠳᠦ ᠵᠢᠵᠢᠭ ᠴᠡᠴᠡᠷᠯᠢᠭ ᠪᠠᠢᠭᠤᠯᠵᠤ᠂ ᠠᠮᠢᠳᠤᠷᠠᠯ᠎ᠤᠨ ᠶᠠᠰᠤ ᠴᠢᠨᠠᠷ ᠦᠳᠲᠡᠷ ᠲᠦᠷᠭᠡᠨ ᠨᠢᠭᠡ ᠲᠠᠰ ᠳᠡᠪᠱᠢᠪᠡ》 ᠭᠡᠵᠦ ᠬᠠᠢᠯᠠᠷ ᠲᠣᠭᠣᠷᠢᠭ᠎ᠤᠨ ᠵᠢᠨ ᠳ᠋ᠢ ᠬᠤᠸᠠ ᠶᠤᠸᠠᠨ ᠲᠣᠭᠣᠷᠢᠭ᠎ᠤᠨ ᠸᠠᠩ ᠠᠪᠤᠭᠠᠢ ᠪᠠᠶᠠᠷᠲᠠᠶ ᠦᠬᠦᠯᠡᠨ᠎ᠡ᠃ ᠡᠨᠡ ᠬᠦ᠌ ᠵᠠᠮ᠎ᠢ ᠨᠡᠪᠲᠡᠷᠡᠬᠦᠯᠬᠦ᠎ᠶᠢᠨ ᠲᠥᠯᠥᠭᠡ ᠂ ᠲᠤᠬᠠᠶ᠎ᠶ᠋ᠢᠨ ᠭᠠᠵᠠᠷ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠬᠡᠯᠡᠭ᠌ᠰᠡᠨ᠎ᠳᠡᠭᠡᠨ ᠬᠦᠷᠴᠦ᠂ ᠵᠥᠪᠬᠡᠨ 2 ᠰᠠᠷ᠎ᠠ᠎ᠶ᠋ᠢᠨ ᠬᠤᠭᠤᠴᠠᠭᠠᠨ᠎ᠳᠤ 5 ᠵᠢᠯ᠎ᠦᠨ ᠳᠣᠲᠣᠷ᠎ᠠ ᠪᠡᠶᠡᠯᠡᠭᠦᠯᠵᠦ᠍ ᠳᠡᠢᠯᠦᠭ᠌ᠰᠡᠨ ᠦᠭᠡᠢ ᠲᠠᠲᠠᠪᠤᠷᠢᠯᠠᠨ ᠨᠤᠷᠠᠭᠠᠵᠤ ᠨᠡᠭᠦᠯᠭᠡᠬᠦ᠌ ᠡᠭᠦᠷᠭᠡ᠎ᠶ᠋ᠢ ᠪᠡᠶᠡᠯᠡᠭᠦᠯᠪᠡ᠃

ᠨᠢᠭᠡ ᠵᠢᠯ᠎ᠦᠨ ᠲᠤᠷᠰᠢ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠶᠡᠬᠡ᠎ᠪᠡᠷ ᠠᠵᠢᠯᠯᠠᠵᠤ ᠲᠦᠷᠭᠡᠨ ᠳᠡᠪᠱᠢᠵᠦ᠍᠂ ᠱᠢᠨ᠎ᠡ ᠲᠥᠷᠥᠯ ᠵᠦᠶ᠋ᠯ᠎ᠢ ᠵᠠᠯᠭᠠᠭ᠎ᠠ᠎ᠪᠠᠷ ᠨᠠᠢᠳᠠᠪᠤᠷᠢᠵᠢᠭᠤᠯᠵᠤ ᠂ 《 ᠬᠠᠭᠠᠰ ᠳᠤᠲᠠᠭᠤ ᠢᠨᠵᠧᠨᠧᠷᠢᠩ 》 ᠎ᠢ᠋ ᠢᠳᠡᠭ ᠢᠳᠡᠭ᠎ᠢᠶᠠᠷ ᠠᠮᠢᠯᠠᠭᠤᠯᠵᠤ᠂ ᠭᠠᠵᠠᠷ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠳᠠᠢᠴᠢᠯᠠᠭ᠍ᠰᠠᠨ᠎ᠢᠶᠠᠷ ᠪᠠᠷᠠᠬᠤ ᠥᠬᠡᠶ  ᠠᠷᠠᠳ ᠣᠯᠠᠨ ᠳ᠋ᠦ ᠦᠯᠡᠮᠵᠢ ᠠᠱᠢᠭ ᠭᠥᠷᠳᠡᠭᠡᠪᠡ᠃ ᠡᠨᠡ ᠪᠦᠬᠦᠨ ᠨᠢ ᠴᠢᠪ ᠬᠡᠮᠡᠨ ᠪᠦᠬᠦ᠌ ᠣᠷᠣᠨ᠎ᠤ ᠺᠠᠳ᠋ᠷᠴᠤᠳ᠎ᠤᠨ ᠠᠵᠢᠯ ᠬᠢᠵᠦ᠍ ᠦᠢᠯᠡᠰ ᠪᠤᠰᠭᠠᠬᠤ᠂ ᠲᠡᠷᠢᠭᠦᠨ᠎ᠤ ᠬᠢ ᠪᠣᠯᠬᠣ᠎ᠪᠠᠷ ᠡᠷᠡᠯᠬᠡᠭ᠌ᠯᠡᠨ ᠲᠡᠮᠡᠴᠡᠭ᠌ᠰᠡᠨ ᠠᠮᠢᠳᠤᠯᠢᠭ ᠵᠢᠷᠤᠭ᠍ᠯᠠᠯ ᠪᠠᠢᠵᠤ᠂ ᠬᠠᠨᠲᠣᠯᠭ᠎ᠠ ᠵᠣᠷᠢᠯᠭ᠎ᠠ ᠨᠢ ᠬᠠᠮᠣᠬ ᠡᠴᠦᠰ᠎ᠲᠡᠬᠡᠨ ᠠᠷᠠᠳ ᠲᠦᠮᠡᠨ᠎ᠳᠦ ᠦᠢᠯᠡᠴᠢᠯᠡᠬᠦ᠌ ᠶᠠᠪᠣᠲᠠᠯ ᠪᠣᠯᠤᠨ᠎ᠠ᠃

ᠬᠦᠢᠲᠡᠨ ᠰᠠᠯᠬᠢ  ᠬᠠᠪᠢᠷᠭ᠎ᠠ ᠨᠡᠪᠲᠡᠯᠦᠮ᠎ᠡ ᠬᠠᠣᠬᠢᠨ ᠱᠣᠣᠬᠢᠨ᠎ᠠ᠃ ᠡᠩ᠎ᠤᠨ ᠴᠠᠬ ᠲᠦ᠍ ᠡᠨᠡ ᠦᠶ᠎ᠡ ᠪᠣᠯ ᠪᠣᠷᠣᠲᠣᠬᠣᠢ ᠣᠷᠣᠨ᠎ᠤ ᠡᠪᠦᠯ᠎ᠦᠨ ᠰᠡᠯᠡᠭᠦᠦ ᠴᠠᠭ᠃ ᠭᠡᠪᠡᠴᠦ ᠥᠨᠥᠳᠦᠷ ᠪᠠᠶᠠᠨᠨᠠᠭᠤᠷ ᠬᠣᠲᠠ᠎ᠶ᠋ᠢᠨ ᠬᠠᠩᠭᠢᠨ ᠬᠣᠢᠲᠤ ᠬᠣᠱᠢᠭᠤᠨ᠎ᠤ ᠱᠠᠮᠪᠠ ᠪᠠᠯᠭᠠᠰᠤᠨ᠎ᠤ ᠲᠦᠮᠡᠨ ᠮᠥ᠍ ᠴᠢᠬᠢ ᠮᠣᠳᠣ ᠪᠣᠢᠵᠢᠭᠤᠯᠬᠤ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠲᠤ 200 ᠭᠠᠷᠤᠶ ᠠᠵᠢᠯᠴᠢᠨ ᠥᠨᠳᠥᠷ ᠪᠠᠷᠢᠮᠵᠢᠶᠠᠲᠤ ᠴᠢᠬᠢ ᠮᠣᠳᠣ ᠪᠣᠢᠵᠢᠭᠤᠯᠬᠤ ᠬᠦᠯᠡᠮᠵᠢ ᠳ᠋ᠦ ᠶᠠᠭᠠᠷᠠᠯᠲᠠᠢ ᠠᠵᠢᠯᠯᠠᠵᠦ᠂ ᠡᠷᠭᠢᠯᠳᠦᠭᠦᠯᠦᠨ ᠳᠠᠷᠢᠬᠤ ᠮᠠᠱᠢᠨ᠂ ᠴᠠᠬᠢᠯᠭᠠᠨ ᠭᠠᠩᠨᠠᠭᠤᠷ ᠮᠠᠱᠢᠨ᠂ ᠬᠡᠷᠴᠢᠬᠦ᠌ ᠮᠠᠱᠢᠨ᠎ᠤ ᠬᠦᠩᠭᠢᠨᠡᠮ᠎ᠡ ᠲᠠᠭᠤᠨ ᠬᠥᠭ ᠠᠢᠵᠠᠮ ᠲᠠᠭᠠᠷᠠᠵᠦ᠂ ᠮᠦᠷᠯᠡᠨ ᠵᠢᠭ᠍ᠰᠠᠭ᠍ᠰᠠᠨ ᠲᠣᠮᠣ ᠰᠠᠷᠠᠪᠴᠢ᠎ᠶ᠋ᠢᠨ ᠭᠤᠯᠳᠤᠩ ᠵᠢᠶᠠᠰᠠ ᠨᠡᠷᠡᠨ᠎ᠦ ᠬᠡᠷᠡᠯ᠎ᠳᠦ ᠭᠢᠯᠠᠯᠵᠠᠨ᠎ᠠ᠃

《 ᠪᠥᠬᠥ᠌ ᠣᠷᠣᠨ᠎ᠢᠶᠠᠷ᠎ᠢᠶᠠᠨ ᠨᠢᠭᠡ ᠬᠥᠯᠭᠡ ᠱᠢᠲᠠᠷ᠎ᠠ ᠪᠣᠯᠬᠤ᠎ᠶ᠋ᠢ ᠪᠠᠷᠢᠮᠲᠠᠯᠠᠵᠤ ᠂ ᠳᠠᠪᠠᠭᠤᠯᠢᠭ ᠣᠨᠴᠠᠯᠢᠭ᠎ᠲᠠᠭᠠᠨ ᠰᠠᠭᠤᠷᠢᠯᠠᠨ᠂ ᠬᠡᠯᠬᠢᠶ᠎ᠡ ᠮᠠᠶᠢᠭ᠎ᠤᠨ ᠰᠡᠳᠭᠢᠬᠦᠶ᠎ᠪᠡᠷ ᠠᠵᠤ ᠦᠶ᠋ᠯᠡᠰ᠎ᠢ ᠠᠳᠭᠤᠵᠤ ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌ ᠂ ᠬᠡᠷᠡᠭ᠌ᠯᠡᠭᠡ᠎ᠶ᠋ᠢ ᠰᠡᠷᠭᠦᠭᠡᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠳᠭᠤᠬᠣ ᠬᠡᠷᠡᠭᠲᠡᠢ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠠᠶᠠᠨᠨᠠᠭᠤᠷ ᠬᠣᠲᠠ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ ᠂ ᠬᠣᠲᠠ᠎ᠶ᠋ᠢᠨ ᠳᠠᠷᠤᠭ᠎ᠠ ᠸᠠᠩ ᡁᠢ ᠫᠢᠩ ᠢᠲᠡᠭᠡᠯ ᠲᠡᠭᠦᠯᠳᠡᠷ᠎ᠢᠶᠡᠷ ᠄ 《 ᠬᠦᠴᠦ᠍᠎ᠪᠡᠨ ᠲᠥᠪᠯᠡᠷᠡᠭᠦᠯᠦᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠤᠵᠠᠭᠠᠢᠷᠠᠭᠤᠯᠵᠤ ᠂ ᠣᠲᠣ ᠦᠶ᠎ᠡ᠎ᠶ᠋ᠢᠨ ᠲᠠᠷᠢᠶᠠᠯᠠᠩ᠎ᠢ ᠨᠠᠷᠢᠯᠢᠭ᠍ᠵᠢᠭᠤᠯᠵᠤ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠪᠣᠳᠠᠲᠠᠢᠵᠢᠭᠤᠯᠵᠤ᠂ ᠭᠠᠳᠠᠭᠠᠳᠤ ᠨᠡᠭᠡᠭᠡᠯᠲᠡ᠎ᠶ᠋ᠢ ᠬᠦᠴᠦᠷᠬᠡᠭ᠌ᠵᠢᠭᠦᠯᠵᠦ᠍ ᠂ ᠰᠡᠳᠭᠢᠯ᠎ᠢ ᠳᠤᠯᠠᠭᠠᠴᠠᠭᠤᠯᠬᠤ ᠪᠣᠳᠠᠲᠤ ᠶᠠᠪᠤᠳᠠᠯ᠎ᠢ ᠰᠠᠢᠲᠤᠷ ᠬᠢᠵᠦ᠍ ᠂ ᠮᠠᠨ᠎ᠤ ᠣᠷᠣᠨ᠎ᠤ ᠠᠵᠤ ᠠᠬᠤᠶ᠎ᠶ᠋ᠢᠨ 〈 ᠲᠠᠰ ᠳᠡᠪᠱᠢᠬᠦ᠌ 〉 ᠎ᠶ᠋ᠢ ᠠᠬᠢᠭᠤᠯᠵᠤ ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠴᠢᠷᠮᠠᠢᠨ ᠪᠡᠶᠡᠯᠡᠭᠦᠯᠬᠦ᠌ ᠳᠤᠮᠳᠠ ᠱᠢᠨ᠎ᠡ ᠬᠤᠪᠢ ᠨᠡᠮᠡᠷᠢ ᠦᠵᠡᠭᠦᠯᠦᠨ᠎ᠡ》ᠭᠡᠵᠦ ᠶᠠᠷᠢᠨ᠎ᠠ᠃

ᠬᠣᠯᠠ ᠭᠡᠮᠡᠨ ᠪᠣᠣ ᠴᠦᠬᠦ ᠶᠠᠪᠣᠪᠠᠰᠣ ᠬᠦᠷᠦᠶᠦ᠂ ᠬᠦᠨᠲᠦ ᠭᠡᠮᠡᠨ ᠪᠦᠦ ᠠᠶᠣ ᠡᠷᠬᠦᠪᠡᠰᠦ ᠲᠠᠭᠠᠶᠤ᠃ ᠪᠦᠬᠦ᠌ ᠣᠷᠣᠨ᠎ᠤ ᠡᠯ᠎ᠡ ᠱᠠᠲᠤᠨ᠎ᠤ ᠺᠠᠳ᠋ᠷᠴᠤᠳ ᠴᠠᠭ ᠮᠥᠴᠡ ᠲᠠᠢ ᠣᠷᠣᠯᠲᠣᠨ᠂ ᠥᠷᠯᠥᠭᠡ ᠦᠳᠡᠰᠢ᠎ᠶ᠋ᠢ ᠲᠡᠮᠡᠴᠡᠬᠦ᠌  ᠡᠷᠴᠢ ᠵᠣᠷᠢᠬ᠎ᠢᠶᠠᠷ ᠠᠵᠢᠯ᠎ᠳᠠᠭᠠᠨ ᠰᠢᠭᠣᠷᠬᠠᠢᠯᠠᠵᠦ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂  ᠭᠣᠭ᠍ᠴᠣᠭ᠎ᠠ᠎ᠰᠢᠵᠢᠮ ᠪᠦᠷᠢ᠎ᠶᠢ ᠴᠢᠩᠭ᠎ᠠ ᠠᠳᠭᠤᠨ᠂ ᠯᠠᠪᠳᠠᠭᠤᠨ ᠪᠠᠲᠤᠲᠠᠢ ᠠᠵᠢᠯᠯᠠᠵᠦ ᠂ ᠰᠤᠷᠤᠯᠴᠠᠯᠭ᠎ᠠ᠎ᠶᠢ ᠠᠲᠠᠯᠢᠳᠬᠠᠨ ᠳᠠᠪᠠᠬᠤ ᠪᠡᠷ ᠦᠷᠢᠰᠦᠯᠲᠦᠬᠦ ᠱᠢᠨ᠎ᠡ ᠰᠤᠷᠲᠠᠯ ᠭᠠᠵᠠᠷ ᠪᠣᠯᠭᠠᠨ ᠳ᠋ᠦ ᠪᠢᠯᠬᠠᠨ᠎ᠠ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠡᠬᠦᠪᠡᠯ ᠂ 2023 ᠣᠨ᠎ᠤ ᠪᠥᠬᠥ᠌ ᠣᠷᠣᠨ᠎ᠤ ᠭᠤᠤᠯᠳᠠᠯᠭ᠎ᠠ᠎ᠲᠠᠶ ᠠᠵᠢᠯ᠎ᠤᠨ ᠡᠭᠦᠷᠭᠡ ᠲᠣᠪ ᠲᠣᠳᠣᠷᠬᠠᠶ ᠪᠤᠯᠵᠦ ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠵᠢᠱ᠌ᠢᠭ᠌ᠰᠡᠨ ᠬᠠᠷᠠᠯᠲᠠ᠎ᠶ᠋ᠢ ᠨᠢᠭᠡᠨᠲᠡ ᠲᠣᠭ᠍ᠲᠠᠭᠠᠪᠠ᠃ ᠲᠥᠯᠥᠭᠡᠯᠡᠭ᠌ᠴᠢᠳ ᠭᠡᠱᠢᠭᠦᠳ᠂ ᠥᠪᠥᠷ ᠮᠣᠩᠭᠣᠯ᠎ᠳᠤ ᠮᠠᠰᠢ ᠰᠠᠢᠨ ᠬᠥᠭ᠌ᠵᠢᠯᠲᠡ᠎ᠶ᠋ᠢᠨ ᠰᠠᠭᠤᠷᠢ᠎ᠲᠠᠶ ᠪᠥᠭᠡᠳ ᠮᠠᠰᠢ ᠣᠯᠠᠨ ᠬᠥᠭ᠌ᠵᠢᠯᠲᠡ᠎ᠶ᠋ᠢᠨ ᠠᠵᠠ ᠲᠣᠬᠢᠶᠠᠯ ᠲᠤᠯᠭᠠᠷᠠᠵᠤ ᠪᠠᠢᠨ᠎ᠠ᠂ ᠠᠸ᠋ᠭ᠎ᠠ ᠰᠠᠨᠠᠭ᠎ᠠ ᠡᠷᠡᠯᠬᠡᠭ ᠵᠣᠷᠢᠭ᠎ᠢ ᠪᠣᠶ ᠪᠣᠯᠭᠠᠵᠤ᠂ ᠣᠶᠤᠨ ᠴᠢᠳᠠᠯ᠎ᠢᠶᠠᠨ ᠬᠥᠭ᠌ᠵᠢᠯᠲᠡ᠎ᠶ᠋ᠢ ᠲᠦᠷᠭᠡᠳᠭᠡᠬᠦ᠌ ᠳᠡᠭᠡᠷ᠎ᠡ ᠲᠥᠪᠯᠡᠷᠡᠭᠦᠯᠵᠦ᠍ ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠠᠢᠭᠠᠳ ᠮᠠᠨ᠎ᠤ ᠣᠷᠣᠨ᠎ᠤ ᠠᠵᠤ ᠠᠬᠤᠶ᠎ᠶ᠋ᠢᠨ《ᠪᠠᠢᠷᠢ ᠦᠭᠰᠦᠨ ᠲᠠᠰ ᠳᠡᠪᠱᠢᠬᠦ᠌ 》 ᠎ᠶ᠋ᠢ ᠠᠬᠢᠭᠤᠯᠬᠤ ᠬᠡᠷᠡᠭ᠌ᠲᠡᠶ ᠭᠡᠵᠦ᠍ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠦᠬᠠᠢ ᠬᠤᠳᠠ᠎ᠶ᠋ᠢᠨ ᠨᠠᠮ᠎ᠤᠨ ᠬᠣᠷᠢᠶᠠᠨ᠎ᠤ ᠱᠦᠵᠢ ᠲᠠᠩ ᠢ ᠄ 《ᠣᠳᠣᠬᠠᠨ᠎ᠳᠤ ᠂ ᠦᠬᠠᠢ ᠬᠤᠳᠠ ᠶᠠᠭ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠂ ᠲᠠᠪᠠᠭ᠎ᠠ ᠦᠭᠰᠦᠨ ᠬᠦᠴᠢᠷ᠎ᠢ ᠲᠤᠭᠤᠯᠬᠤ ᠬᠠᠮᠤᠭ᠎ᠤᠨ ᠬᠦᠴᠢᠷ ᠴᠠᠭ ᠦᠶ᠎ᠡ᠎ᠳᠦ ᠣᠷᠣᠱᠢᠵᠤ ᠪᠠᠢᠨ᠎ᠠ᠂ ᠮᠠᠰᠢ ᠤᠯᠠᠨ ᠬᠠᠲᠠᠭᠤ ᠳᠠᠢᠯᠠᠯᠳᠤᠭᠠᠨ ᠦᠷᠨᠢᠬᠦᠯᠵᠦ᠂ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠴᠢᠬᠤᠯᠠᠲᠠᠢ᠃ ᠪᠢᠳᠡ ᠡᠷᠬᠡᠪᠰᠢ ᠬᠥᠭ᠌ᠵᠢᠯᠲᠡ᠎ᠪᠡᠨ ᠲᠦᠷᠭᠡᠳᠭᠡᠨ᠂ ᠬᠥᠭ᠌ᠵᠢᠯᠲᠡ᠎ᠶ᠋ᠢ ᠶᠡᠬᠡ ᠪᠡᠷ ᠠᠳᠭᠤᠬᠤ ᠤᠢᠯᠠᠭᠠᠭᠳᠠᠬᠤᠨ᠎ᠢ ᠪᠠᠲᠤ ᠪᠡᠬᠢ ᠪᠣᠶ ᠪᠣᠯᠭᠠᠵᠤ᠂ ᠬᠥᠭ᠌ᠵᠢᠯᠲᠡ᠎ᠶ᠋ᠢᠨ ᠤᠢᠯᠠᠭᠠᠭᠳᠠᠬᠤᠨ᠎ᠢᠶᠠᠨ ᠡᠷᠡᠰ ᠪᠠᠲᠦ ᠲᠥᠪ ᠪᠣᠯᠭᠠᠨ  〈 ᠳᠣᠯᠣᠭ᠎ᠠ᠎ᠶ᠋ᠢ ᠲᠠᠶᠠᠭ᠍ᠳᠠᠬᠤ 〉 ᠎ᠶ᠋ᠢ ᠪᠡᠶᠡᠯᠡᠭᠦᠯᠵᠦ᠍᠂ ᠴᠠᠭ ᠮᠥᠴᠡ᠎ᠲᠡᠶ ᠤᠷᠤᠯᠳᠤᠨ ᠬᠤᠷᠳᠤᠨ ᠮᠣᠷᠢᠨ᠎ᠳᠤ ᠲᠠᠱᠢᠭᠤᠷ ᠨᠡᠮᠡᠵᠦ᠍ ᠂ 〈 ᠱᠢᠨ᠎ᠡ ᠵᠢᠯ ᠡᠬᠢᠯᠡᠮᠡᠭ᠌ᠴᠡ ᠶᠡᠬᠡ ᠪᠡᠷ ᠠᠵᠢᠯᠯᠠᠵᠤ᠂ ᠎ᠠᠵᠢᠯ ᠶ᠋ᠢᠡᠨ ᠦᠷᠨᠢᠬᠦᠯᠦᠮᠡᠭᠴᠡ ᠲᠦᠷᠭᠡᠳᠭᠡᠬᠦ᠌ 〉 ᠪᠠᠢᠳᠠᠯ᠎ᠢᠶᠠᠷ ᠵᠣᠷᠢᠭ᠍ᠲᠠᠶ᠎ᠪᠠᠷ ᠥᠨᠳᠥᠷ᠎ᠲᠦ ᠠᠪᠠᠷᠢᠨ ᠬᠦᠴᠦᠷᠬᠡᠭ᠎ᠢᠶᠡᠨ ᠠᠳᠠᠯᠢᠳᠭᠠᠵᠤ ᠂ ᠲᠡᠷᠢᠭᠦᠨ᠎ᠦ ᠬᠢ᠎ᠶ᠋ᠢ ᠴᠢᠷᠮᠠᠢᠨ ᠡᠭᠦᠳᠬᠦ᠌ ᠬᠡᠷᠡᠭ᠌ᠲᠡᠶ᠃ ᠦᠬᠠᠶ ᠬᠣᠲᠠ ᠥᠪᠥᠷ ᠮᠣᠩᠭᠣᠯ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠥᠬᠥ᠌ ᠤᠯᠤᠰ᠎ᠤᠨ ᠳᠤᠮᠳᠠ ᠲᠦᠪᠱᠢᠨ᠎ᠳᠦ ᠬᠦᠷᠭᠡᠬᠦ᠌᠎ᠳᠦ ᠬᠦᠴᠦᠨ ᠴᠢᠳᠠᠯ᠎ᠢᠶᠠᠨ ᠡᠷᠭᠦᠵᠦ᠍ ᠂ ᠦᠨᠡᠨ ᠬᠦ᠌ ᠨᠢᠭᠡ ᠣᠷᠣᠨ ᠪᠦᠰᠡ᠎ᠶ᠋ᠢᠨ ᠬᠠᠷᠢᠭᠤᠴᠠᠯᠭ᠎ᠠ ᠡᠭᠦᠷᠭᠡᠯᠡᠯ᠎ᠢᠶᠡᠷ ᠪᠥᠬᠥ᠌ ᠣᠷᠣᠨ᠎ᠤ ᠶᠡᠬᠡ ᠲᠠᠯ᠎ᠠ᠎ᠳᠤ ᠬᠡᠷᠡᠯ ᠭᠢᠯᠪᠠᠭ᠎ᠠ ᠨᠡᠮᠡᠷᠢᠯᠡᠬᠦ᠌ ᠢᠲᠡᠭᠡᠯ᠎ᠲᠡᠶ ᠪᠠᠢᠨ᠎ᠠ 》ᠭᠡᠵᠦ ᠢᠲᠡᠭᠡᠯ ᠲᠡᠬᠦᠯᠲᠡᠷ ᠶᠠᠷᠢᠨ᠎ᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠣᠣ ᠮᠠᠨ ᠪᠢᠨ ᠢᠯᠡᠷᠬᠡᠢᠯᠡᠬᠦ᠌᠎ᠳᠡᠭᠡᠨ ᠂《 ᠠᠵᠢᠯ ᠬᠢᠬᠦ᠌ 》 ᠲᠠᠯ᠎ᠠ᠎ᠪᠠᠷ ᠰᠡᠳᠭᠢᠯ ᠳᠡᠯᠪᠢᠨ ᠬᠦᠴᠦ᠍ ᠣᠷᠣᠭᠤᠯᠵᠤ᠂ 《 ᠠᠵᠢᠯ ᠬᠢᠵᠦ᠍ ᠳᠡᠢᠯᠬᠦ᠌ 》 ᠲᠠᠯ᠎ᠠ᠎ᠪᠠᠷ ᠡᠷᠡᠰ ᠱᠢᠭᠤᠷᠬᠠᠶ ᠪᠠᠢᠵᠤ ᠂ 《 ᠠᠵᠢᠯ ᠬᠢᠵᠦ᠍ ᠪᠦᠲᠦᠭᠡᠬᠦ᠌ 》 ᠲᠠᠯ᠎ᠠ᠎ᠪᠠᠷ ᠴᠢᠳᠠᠮᠠᠭᠠᠶ ᠠᠵᠢᠯᠯᠠᠵᠤ ᠂ 《 ᠬᠦᠴᠢᠷ᠎ᠪᠡᠷᠭᠡ ᠡᠴᠡ ᠠᠶᠤᠬᠤ ᠥᠬᠡᠶ᠂ ᠴᠤᠴᠠᠯᠲᠠ ᠥᠬᠡᠶ ᠤᠷᠤᠭ᠍ᠰᠢᠯᠠᠬᠤ᠂ ᠵᠣᠷᠢᠭ᠍ᠰᠠᠨ᠎ᠳᠠᠭᠠᠨ ᠬᠥᠷᠬᠥ ᠡᠴᠡ ᠪᠣᠴᠠᠬᠣ ᠥᠬᠡᠶ 》 ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠦᠨᠡᠨᠴᠢ ᠱᠢᠳᠤᠷᠭᠤ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠠᠷᠠᠳ ᠲᠦᠮᠡᠨ᠎ᠳᠦ ᠦᠨᠡᠨ ᠰᠡᠳᠭᠢᠯ᠎ᠡᠴᠡ᠎ᠪᠡᠨ ᠦᠶ᠋ᠯᠡᠴᠢᠯᠡᠬᠦ᠌ ᠂ ᠬᠠᠷᠠᠯᠲᠠ᠎ᠪᠠᠨ ᠲᠣᠭ᠍ᠲᠠᠭᠠᠨ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠨᠠᠢᠳᠠᠪᠤᠷᠢᠵᠢᠭᠤᠯᠤᠯᠲᠠ᠎ᠶ᠋ᠢ ᠵᠣᠷᠢᠭ᠍ᠲᠠᠶ ᠠᠳᠭᠤᠬᠤ᠂ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠦᠨ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠢᠯᠠᠯᠲᠠ ᠣᠯᠬᠣ ᠦᠭᠡᠢ ᠪᠣᠯ ᠶᠠᠷᠦ ᠡᠴᠡ ᠬᠣᠢᠰᠢ ᠣᠬᠣᠷᠢᠬᠣ ᠦᠭᠡᠢ  ᠭᠡᠪᠡ᠃

ᠴᠢᠭ᠌ᠯᠡᠯ ᠵᠥᠪ  ᠪᠣᠯ ᠰᠠᠶᠢ ᠯᠠᠪᠳᠠᠭᠤᠨ᠎ᠢᠶᠠᠷ ᠠᠯᠣᠰ᠎ᠢ ᠵᠣᠷᠢᠨ ᠠᠶᠠᠯᠠᠵᠤ ᠴᠢᠳᠠᠨ᠎ᠠ᠂ ᠭᠠᠭ᠍ᠴᠠ ᠬᠦ᠌ ᠠᠷᠠᠳ ᠲᠦᠮᠡᠨ᠎ᠢ ᠳᠡᠭᠡᠳᠦᠯᠡᠪᠡᠯ ᠰᠠᠶᠢ ᠬᠠᠨᠳᠤᠭ᠍ᠰᠠᠨ ᠵᠦᠭ᠎ᠲᠦ ᠢᠯᠠᠭ᠍ᠳᠠᠰᠢ ᠦᠭᠡᠢ ᠪᠠᠢᠵᠤ ᠴᠢᠳᠠᠨ᠎ᠠ ᠂ ᠭᠠᠭ᠍ᠴᠠ ᠬᠦ᠌ ᠮᠠᠩᠯᠠᠢ᠎ᠳᠤᠨᠢ ᠭᠠᠷᠬᠤ ᠪᠠᠷ  ᠮᠡᠷᠡᠢᠨ ᠴᠢᠷᠮᠠᠢᠪᠠᠯ ᠰᠠᠶᠢ ᠦᠭᠡᠷ᠎ᠡ ᠪᠣᠰᠣᠳ᠎ᠢ ᠭᠦᠢᠴᠡᠵᠦ᠍ ᠳᠠᠪᠠᠵᠤ ᠴᠢᠳᠠᠨ᠎ᠠ᠂ ᠭᠠᠭ᠍ᠴᠠ ᠬᠦ᠌ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠪᠠᠯ ᠰᠠᠶᠢ ᠭᠣᠢᠳᠠ ᠰᠠᠢᠬᠠᠨ ᠠᠮᠵᠢᠯᠲᠠ ᠪᠦᠲᠦᠮᠵᠢ ᠡᠬᠦᠳᠬᠦ ᠪᠣᠯᠣᠨ᠎ᠠ᠃ ᠪᠥᠬᠥ᠌ ᠣᠷᠣᠨ᠎ᠤ ᠳᠡᠭᠡᠳᠦ ᠳᠤᠤᠷᠠᠳᠤ ᠱᠠᠲᠤ᠎ᠪᠠᠷ᠎ᠢᠶᠠᠨ ᠠᠭᠤᠯᠠ ᠳᠠᠭᠠᠷᠠᠪᠠᠯ ᠵᠠᠮ ᠨᠡᠭᠡᠭᠡᠵᠦ᠍᠂ ᠤᠰᠤ ᠳᠠᠭᠠᠷᠠᠪᠠᠯ ᠬᠥᠭᠥᠷᠭᠡ ᠲᠠᠯᠪᠢᠬᠤ ᠡᠷᠴᠢ ᠵᠣᠷᠢᠭ᠎ᠢᠶᠠᠷ᠂ ᠶᠡᠬᠡ ᠪᠡᠷ ᠠᠵᠢᠯᠯᠠᠨ ᠲᠦᠷᠭᠡᠨ ᠤᠷᠤᠭ᠍ᠰᠢᠯᠠᠵᠤ᠂ ᠥᠷᠯᠥᠭᠡ ᠦᠳᠡᠰᠢ᠎ᠶ᠋ᠢ ᠲᠡᠮᠡᠴᠡᠨ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠰᠦᠭᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号