
ᠵᠠᠩ ᠸᠧᠨ ᠴᠢᠩ ᠭᠡᠱᠢᠭᠦᠨ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 〈ᠲᠣᠭᠠᠴᠢᠯᠠᠭ᠍ᠰᠠᠨ ᠠᠵᠤ ᠠᠬᠤᠶ᠎ᠶ᠋ᠢ ᠪᠤᠵᠠᠭᠠᠢᠷᠠᠭᠤᠯᠤᠨ᠎ᠠ〉 〈ᠲᠣᠭᠠᠴᠢᠯᠠᠭ᠍ᠰᠠᠨ ᠠᠵᠤ ᠠᠬᠤᠶ ᠬᠢᠭᠡᠳ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ〉 ᠭᠡᠵᠦ᠍ ᠵᠢᠭᠠᠵᠤ ᠭᠠᠷᠭᠠᠪᠠ᠂ ᠡᠨᠡ᠎ᠨᠢ ᠮᠠᠨ᠎ᠤ ᠣᠷᠣᠨ᠎ᠤ ᠲᠣᠭᠠᠴᠢᠯᠠᠭ᠍ᠰᠠᠨ ᠠᠵᠤ ᠠᠬᠤᠶ᠎ᠶ᠋ᠢ ᠲᠦᠷᠭᠡᠳᠭᠡᠨ ᠬᠥᠭ᠌ᠵᠢᠭᠦᠯᠬᠦ᠌ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠨᠦᠸᠸ ᠪᠸᠢ ᠡᠯ ᠰᠦᠯᠵᠢᠶᠡᠨ᠎ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠸᠸᠨ ᠴᠢᠩ ᠰᠤᠷᠪᠤᠯᠵᠢᠯᠠᠭ᠍ᠴᠢ᠎ᠳᠤ ᠬᠡᠯᠡᠪᠡ᠃ ᠢᠨᠲ᠋ᠸᠷ ᠰᠦᠯᠵᠢᠶᠡᠨ᠎ᠦ ᠠᠵᠢᠯ ᠲᠦᠷᠦᠯ᠎ᠦᠨ ᠠᠵᠢᠯᠳᠠᠨ ᠪᠣᠯᠤᠭ᠍ᠰᠠᠨ᠎ᠤ ᠬᠤᠪᠢ᠎ᠳᠤ ᠂ ᠵᠠᠩ ᠸᠸᠨ ᠴᠢᠩ ᠮᠠᠨ᠎ᠤ ᠣᠷᠣᠨ᠎ᠤ ᠲᠣᠭᠠᠴᠢᠯᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠎ᠳᠦ ᠭᠦᠨ ᠲᠦᠷᠦᠭᠳᠡᠯ ᠲᠠᠢ ᠂ ᠲᠡᠷᠡ᠄ 《 ᠤᠢ᠍ᠢᠷ᠎ᠠ᠎ᠶ᠋ᠢᠨ ᠵᠢᠯ᠎ᠡᠴᠡ ᠮᠠᠨ᠎ᠤ ᠣᠷᠣᠨ ᠲᠣᠭᠠᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠂ ᠲᠣᠭᠠᠴᠢᠯᠠᠭ᠍ᠰᠠᠨ ᠵᠠᠰᠠᠭ᠎ᠤᠨ ᠣᠷᠳᠣᠨ᠎ᠤ ᠪᠠᠢᠭᠤᠯᠤᠯᠲᠠ ᠵᠢᠴᠢ ᠤᠯᠠᠮᠵᠢᠯᠠᠯᠲᠤ ᠠᠵᠤ ᠦᠢᠯᠡᠰ᠎ᠦᠨ ᠲᠣᠭᠠᠴᠢᠯᠠᠭ᠍ᠰᠠᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠬᠤ ᠲᠠᠯ᠎ᠠ᠎ᠪᠠᠷ ᠮᠠᠰᠢ ᠤᠯᠠᠨ ᠴᠢᠷᠮᠠᠢᠯᠭ᠎ᠠ ᠭᠠᠷᠭᠠᠵᠤ ᠂ ᠲᠤᠮᠤ ᠳ᠋ᠠᠢᠲ᠋ᠠ᠂ ᠡᠭᠦᠯᠡᠨ ᠪᠤᠳᠤᠯᠳᠠ ᠵᠡᠷᠭᠡ ᠬᠦᠷᠢᠶᠡᠨ᠎ᠳᠦ ᠴᠦ᠍ ᠨᠡᠯᠢᠶᠡᠳ ᠲᠦᠷᠭᠡᠨ ᠬᠥᠭ᠌ᠵᠢᠪᠡ᠃ ᠭᠡᠪᠡᠴᠦ᠍᠂ ᠮᠠᠨ᠎ᠤ ᠣᠷᠣᠨ᠎ᠤ ᠴᠥᠷᠬᠡᠯᠡᠭᠡ ᠳ᠋ᠠᠢᠲ᠋ᠠ᠂ AI ᠵᠡᠷᠭᠡ ᠳᠡᠭᠡᠳᠦ ᠲᠠᠰ᠎ᠤᠨ ᠬᠦᠷᠢᠶᠡᠨ᠎ᠳᠡᠬᠢ ᠬᠥᠭ᠌ᠵᠢᠯᠲᠡ᠎ᠶ᠋ᠢᠨ ᠲᠦᠪᠱᠢᠨ ᠮᠥᠨ ᠬᠦ᠌ ᠳᠤᠤᠷ᠎ᠠ ᠪᠠᠢᠵᠤ ᠂ ᠲᠣᠭᠠᠴᠢᠯᠠᠭ᠍ᠰᠠᠨ ᠠᠵᠤ ᠠᠬᠤᠶ᠎ᠶ᠋ᠢᠨ ᠬᠥᠭ᠌ᠵᠢᠯᠲᠡ᠎ᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ ᠬᠦᠷᠦᠯᠴᠡᠬᠦ᠌ ᠥᠬᠡᠶ ᠂ ᠲᠣᠭᠠᠴᠢᠯᠠᠭ᠍ᠰᠠᠨ ᠴᠢᠳᠠᠪᠤᠷᠢᠲᠠᠨ᠎ᠤ ᠳᠤᠲᠠᠭᠤᠳᠠᠯ ᠶᠡᠬᠡ᠂ ᠲᠣᠭᠠᠴᠢᠯᠠᠭ᠍ᠰᠠᠨ ᠬᠡᠷᠡᠭ᠌ᠯᠡᠭᠡᠨ᠎ᠦ ᠬᠡᠮᠵᠢᠶ᠎ᠡ ᠥᠨᠳᠥᠷ ᠪᠢᠰᠢ ᠵᠡᠷᠭᠡ ᠠᠰᠠᠭᠤᠳᠠᠯ ᠣᠷᠣᠱᠢᠵᠤ ᠪᠠᠢᠨ᠎ᠠ》 ᠭᠡᠪᠡ᠃
ᠲᠡᠷᠡ᠂ ᠲᠣᠭᠠᠴᠢᠯᠠᠭ᠍ᠰᠠᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠌ ᠪᠠ ᠴᠤᠭᠯᠠᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠵᠤ᠂ ᠨᠢᠭᠡ ᠪᠦᠯᠦᠭ ᠲᠣᠭᠠᠴᠢᠯᠠᠭ᠍ᠰᠠᠨ ᠬᠦᠷᠢᠶᠡᠨ᠎ᠳᠦ ᠪᠠᠴᠢᠮ ᠬᠡᠷᠡᠭ᠌ᠰᠡᠬᠦ᠌᠂ ᠳᠤᠲᠠᠭ᠍ᠳᠠᠵᠤ ᠪᠠᠢᠭ᠎ᠠ ᠮᠡᠷᠭᠡᠵᠢᠯ᠎ᠦᠨ ᠳᠠᠭᠠᠭᠤᠯᠤᠭ᠍ᠴᠢ ᠴᠢᠳᠠᠪᠤᠷᠢᠲᠠᠨ᠂ ᠳᠡᠭᠡᠳᠦ ᠲᠠᠰ ᠳᠠᠪᠬᠤᠷᠭ᠎ᠠ᠎ᠶ᠋ᠢᠨ ᠬᠠᠮᠢᠶᠠᠷᠤᠯᠲᠠ᠎ᠶ᠋ᠢᠨ ᠴᠢᠳᠠᠪᠤᠷᠢᠲᠠᠨ ᠪᠠ ᠱᠢᠨ᠎ᠡ᠎ᠶ᠋ᠢ ᠡᠭᠦᠳᠦᠨ ᠦᠶ᠋ᠯᠡᠰ ᠪᠦᠳᠦᠭᠡᠬᠦ ᠪᠦᠯᠬᠦᠮ ᠨᠡᠢᠲᠡ᠎ᠶ᠋ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ᠌᠎ᠶ᠋ᠢ ᠲᠦᠷᠭᠡᠳᠭᠡᠨ᠎ᠡ᠃ ᠬᠡᠷᠡᠭ᠌ᠯᠡᠭᠡ᠎ᠪᠡᠷ ᠤᠳᠤᠷᠢᠳᠤᠮᠵᠢ ᠪᠣᠯᠭᠠᠵᠤ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠲᠣᠭᠣᠷᠢᠨ᠎ᠳᠤ ᠂ ᠲᠣᠮᠣ ᠳ᠋ᠠᠢᠲ᠋ᠠ ᠂ ᠡᠭᠦᠯᠡᠨ ᠪᠤᠳᠤᠯᠲᠠ ᠂ ᠵᠣᠬᠢᠶᠠᠮᠠᠯ ᠣᠶᠤᠨ ᠴᠢᠳᠠᠪᠤᠷᠢ ᠂ ᠴᠥᠷᠬᠡᠯᠡᠭᠡ ᠳ᠋ᠠᠢᠲ᠋ᠠ ᠵᠡᠷᠭᠡ ᠵᠠᠩᠭᠢᠯᠠᠭ᠎ᠠ᠎ᠶ᠋ᠢᠨ ᠬᠡᠷᠡᠭ᠌ᠯᠡᠭᠡᠨ᠎ᠦ ᠮᠡᠷᠭᠡᠵᠢᠯ ᠪᠠ ᠦᠶ᠋ᠯᠡᠳᠬᠦᠨ᠎ᠦ ᠰᠤᠳᠤᠯᠤᠨ ᠨᠡᠭᠡᠭᠡᠬᠦ᠌᠎ᠶ᠋ᠢ ᠴᠢᠩᠭᠠᠳᠭᠠᠨ᠎ᠠ᠃ ᠲᠣᠭᠠᠴᠢᠯᠠᠭ᠍ᠰᠠᠨ ᠠᠵᠤ ᠦᠢᠯᠡᠰᠵᠢᠯᠲᠡ ᠂ ᠠᠵᠤ ᠦᠶ᠋ᠯᠡᠰ᠎ᠦᠨ ᠲᠣᠭᠠᠴᠢᠯᠠᠯᠲᠠ᠎ᠶ᠋ᠢ ᠠᠬᠢᠭᠤᠯᠵᠤ ᠂ ᠲᠣᠮᠣ ᠳ᠋ᠠᠢᠲ᠋ᠠ ᠂ ᠪᠠᠷᠠᠭᠠᠨ᠎ᠤ ᠰᠦᠯᠵᠢᠶ᠎ᠡ ᠵᠡᠷᠭᠡ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠤᠯᠠᠮᠵᠢᠯᠠᠯᠲᠤ ᠠᠵᠤ ᠦᠶ᠋ᠯᠡᠰᠲᠡᠬᠢ ᠱᠢᠨ᠎ᠡ᠎ᠶ᠋ᠢ ᠡᠭᠦᠳᠬᠦ᠌ ᠬᠡᠷᠡᠭ᠌ᠯᠡᠯᠲᠡ᠎ᠶ᠋ᠢ ᠲᠦᠷᠭᠡᠳᠭᠡᠵᠦ᠍ ᠂ ᠲᠣᠭᠠᠴᠢᠯᠠᠭ᠍ᠰᠠᠨ ᠮᠡᠷᠭᠡᠵᠢᠯ᠎ᠢᠶᠡᠷ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠭᠦ ᠬᠡᠷᠡᠭᠳᠡᠢ ᠭᠡᠵᠦ ᠰᠠᠨᠠᠭᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号