(2023 ᠣᠨ᠎ᠤ 1 ᠰᠠᠷ᠎ᠠ᠎ᠶᠢᠨ 15᠎ᠤ᠋ ᠡᠳᠦᠷ ᠤᠯᠤᠰ ᠲᠥᠷᠥ᠍᠎ᠶᠢᠨ ᠵᠥᠪᠯᠡᠯᠭᠡᠨ᠎ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠠᠩᠬᠠᠳᠤᠭᠠᠷ ᠬᠤᠷᠠᠯ ᠡᠴᠡ ᠬᠢᠨᠠᠨ ᠵᠦᠪᠯᠡᠵᠦ ᠪᠠᠲᠤᠯᠠᠪᠠ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠬᠤᠭᠤᠴᠠᠭᠠᠨ᠎ᠳᠤ ᠂ ᠤᠯᠤᠰ ᠲᠥᠷᠥ᠍᠎ᠶᠢᠨ ᠵᠥᠪᠯᠡᠯᠭᠡᠨ᠎ᠦ ᠭᠡᠰᠢᠭᠦᠳ ᠂ ᠤᠯᠤᠰ ᠲᠥᠷᠥ᠍᠎ᠶᠢᠨ ᠵᠥᠪᠯᠡᠯᠭᠡᠨ᠎ᠤ ᠡᠯ᠎ᠡ ᠣᠷᠣᠯᠴᠠᠬᠴᠢ ᠨᠢᠭᠡᠴᠢ ᠪᠠ ᠡᠯ᠎ᠡ ᠲᠤᠰᠬᠠᠢ ᠵᠥᠪᠯᠡᠯ᠎ᠦᠨ ᠬᠢᠨ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠳᠥᠷᠪᠡᠳᠦᠭᠡᠷ ᠂ ᠲᠠᠪᠤᠳᠤᠭᠠᠷ ᠤᠳᠠᠭᠠᠨ᠎ᠤ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠪᠦᠯᠬᠦᠮᠳᠡᠯ ᠪᠠ ᠠᠷᠠᠳᠴᠢᠯᠠᠯ᠎ᠤᠨ ᠬᠣᠶᠠᠷ ᠶᠡᠬᠡ ᠭᠣᠣᠯ ᠰᠡᠳᠦᠪ᠎ᠢ ᠪᠠᠲᠤ ᠡᠵᠡᠮᠳᠡᠨ ᠂ ᠳᠡᠭᠡᠳᠦ ᠬᠡᠮᠵᠢᠶᠡᠨ᠎ᠦ ᠤᠯᠤᠰ ᠲᠥᠷᠥ᠍᠎ᠶᠢᠨ ᠤᠬᠠᠮᠰᠠᠷ ᠂ ᠦᠵᠡᠯ ᠰᠠᠨᠠᠭᠠᠨ᠎ᠤ ᠤᠬᠠᠮᠰᠠᠷ ᠪᠠ ᠦᠶ᠋ᠯᠡ ᠠᠵᠢᠯᠯᠠᠭ᠎ᠠ᠎ᠶᠢᠨ ᠤᠬᠠᠮᠰᠠᠷ᠎ᠢᠶᠠᠷ ᠰᠠᠨᠠᠯ ᠳᠤᠷᠠᠳᠤᠯᠭ᠎ᠠ᠎ᠶᠢ ᠢᠳᠡᠪᠬᠢᠲᠡᠢ ᠠᠰᠢᠬᠯᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠂ ᠰᠠᠨᠠᠯ ᠰᠠᠨᠠᠭᠤᠯᠭ᠎ᠠ ᠭᠠᠷᠭᠠᠨ ᠵᠠᠰᠠᠭ ᠲᠸ᠋ ᠲᠤᠰᠠᠯᠠᠪᠠ᠃
1 ᠰᠠᠷ᠎ᠠ᠎ᠶᠢᠨ 13᠎ᠤ᠋ ᠡᠳᠦᠷ᠎ᠦᠨ 18 ᠴᠠᠭ ᠪᠣᠯᠲᠠᠯ᠎ᠠ ᠂ ᠨᠡᠶ᠋ᠢᠲᠡ 895 ᠬᠤᠪᠢ ᠰᠠᠨᠠᠯ ᠳᠤᠷᠠᠳᠤᠯᠭ᠎ᠠ ᠲᠤᠰ᠎ᠤᠨ ᠤᠯᠵᠠᠢ ᠂ 《 ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠰᠠᠨᠠᠯ ᠳᠤᠷᠠᠳᠤᠯᠭ᠎ᠠ᠎ᠶᠢᠨ ᠠᠵᠢᠯ᠎ᠤᠨ ᠳᠦᠷᠢᠮ》᠎ᠢ᠋ ᠦᠨᠳᠦᠰᠦᠯᠡᠨ ᠂ ᠠᠩᠬ᠎ᠠ ᠠᠯᠬᠤᠮ ᠬᠢᠨᠠᠨ ᠪᠠᠢᠴᠠᠭᠠᠬᠤ ᠪᠡᠷ ᠲᠠᠮᠵᠢᠨ᠂ 135 ᠬᠤᠪᠢ ᠰᠠᠨᠠᠯ ᠳᠤᠷᠠᠳᠤᠯᠭ᠎ᠠ᠎ᠶᠢ ᠨᠡᠢᠳᠭᠡᠨ ᠰᠢᠢᠳᠪᠦᠷᠢᠯᠡᠵᠦ ᠂ 79 ᠬᠤᠪᠢ ᠮᠡᠳᠡᠭᠡ ᠵᠠᠩᠭᠢ ᠪᠠ ᠰᠠᠨᠠᠯ ᠰᠠᠨᠠᠭᠤᠯᠭ᠎ᠠ᠎ᠶᠢ ᠰᠢᠯᠵᠢᠭᠦᠯᠦᠨ ᠂ 816 ᠬᠤᠪᠢ᠎ᠶᠢ ᠨᠢ ᠰᠠᠨᠠᠯ ᠲᠤᠷᠠᠳᠤᠯᠭ᠎ᠠ ᠪᠣᠯᠭᠠᠨ ᠳᠡᠩᠰᠡᠯᠡᠬᠤ᠎ᠪᠡᠷ ᠪᠤᠯᠵᠠᠢ᠃ ᠰᠠᠨᠠᠯ ᠲᠤᠷᠠᠳᠤᠯᠭ᠎ᠠ ᠳᠠᠩᠰᠠᠯᠠᠬᠤ᠎ᠪᠠᠷ ᠪᠠᠢᠭ᠎ᠠ ᠰᠠᠨᠠᠯ ᠳᠤᠷᠠᠳᠤᠯᠭ᠎ᠠ᠎ᠶᠢᠨ ᠳᠣᠲᠣᠷ᠎ᠠ᠂ ᠭᠡᠰᠢᠭᠦᠨ᠎ᠤ ᠬᠤᠪᠢ ᠬᠥᠮᠥᠨ᠎ᠤ ᠰᠠᠨᠠᠯ ᠲᠤᠷᠠᠳᠤᠯᠭ᠎ᠠ ᠪᠠ ᠨᠡᠷ᠎ᠠ ᠬᠤᠯᠪᠤᠭᠠᠯᠠᠬᠰᠠᠨ ᠰᠠᠨᠠᠯ ᠲᠤᠷᠠᠳᠤᠯᠭ᠎ᠠ 557 ᠬᠤᠪᠢ ᠪᠠᠢᠵᠦ ᠂ 68.26% ᠶ᠋ᠢ ᠡᠵᠡᠯᠡᠨ᠎ᠡ;ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ᠎ᠤᠨ ᠪᠦᠯᠬᠦᠮ ᠂ ᠤᠯᠤᠰ ᠲᠦᠷᠦ᠎ᠶᠢᠨ ᠵᠥᠪᠯᠡᠯᠭᠡᠨ᠎ᠦ ᠲᠤᠰᠬᠠᠢ ᠵᠦᠪᠯᠡᠯ ᠪᠠ ᠡᠲᠡᠭᠡᠳ ᠢᠯᠭᠠᠯ᠎ᠤᠨ ᠳᠤᠷᠠᠳᠤᠭᠰᠠᠨ ᠰᠠᠨᠠᠯ ᠳᠤᠷᠠᠳᠤᠯᠭ᠎ᠠ 259 ᠬᠤᠪᠢ ᠪᠠᠢᠵᠤ ᠂ 31.74%᠎ᠶᠢ ᠡᠵᠡᠯᠡᠪᠡ᠃ ᠡᠭᠦᠨ᠎ᠳᠤ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 355 ᠬᠤᠪᠢ ᠪᠠᠢᠵᠤ᠂ 43.50% ᠶ᠋ᠢ ᠡᠵᠡᠯᠡᠨ᠎ᠡ;ᠤᠯᠤᠰ ᠲᠦᠷᠦ᠎ᠶᠢᠨ ᠪᠠᠢᠭᠤᠯᠤᠯᠲᠠ᠎ᠶᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 68 ᠬᠤᠪᠢ ᠪᠠᠢᠵᠤ ᠂ 8.34% ᠶ᠋ᠢ ᠡᠵᠡᠯᠡᠨ᠎ᠡ;ᠰᠣᠶᠣᠯ᠎ᠤᠨ ᠪᠠᠢᠭᠤᠯᠤᠯᠲᠠ᠎ᠶᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 63 ᠬᠤᠪᠢ ᠪᠠᠢᠵᠤ ᠂ 7.72%᠎ᠢ ᠡᠵᠡᠯᠡᠪᠡ;ᠨᠡᠢᠭᠡᠮ᠎ᠦᠨ ᠪᠠᠢᠭᠤᠯᠤᠯᠲᠠ᠎ᠶᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 263 ᠬᠤᠪᠢ ᠪᠠᠢᠵᠤ ᠂ 32.23% ᠶ᠋ᠢ ᠡᠵᠡᠯᠡᠨ᠎ᠡ;ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 67 ᠬᠤᠪᠢ ᠪᠠᠢᠵᠤ ᠂ 8.21% ᠶ᠋ᠢ ᠡᠵᠡᠯᠡᠪᠡ᠃
ᠶᠡᠷᠦᠩᠬᠡᠢ ᠳ᠋ᠦ᠍ᠨᠢ ᠠᠪᠴᠤ ᠦᠵᠡᠪᠡᠯ ᠂ ᠲᠣᠰ ᠤᠳᠠᠭᠠᠨ᠎ᠤ ᠶᠡᠬᠡ ᠬᠤᠷᠠᠯ᠎ᠤᠨ ᠰᠠᠨᠠᠯ ᠳᠤᠷᠠᠳᠤᠯᠭ᠎ᠠ ᠢ᠋ᠢᠨ ᠰᠡᠲᠦᠪ ᠰᠤᠩᠭᠤᠯᠲᠠ ᠨᠡᠩ ᠤᠨᠤᠪᠴᠢᠲᠠᠢ᠂ ᠪᠣᠳᠣᠯᠬᠢᠯᠠᠯ ᠨᠠᠩ ᠭᠦᠨᠵᠡᠭᠡᠢ ᠂ ᠰᠠᠨᠠᠭᠤᠯᠭ᠎ᠠ ᠨᠠᠩ ᠪᠣᠳᠠᠲᠠᠢ ᠪᠠᠢᠵᠦ ᠂ ᠴᠢᠨᠠᠷ ᠴᠢᠨᠰᠠᠭ᠎ᠠ ᠨᠢ ᠢᠯᠡᠳᠲᠡ ᠳᠡᠭᠡᠭᠰᠢᠯᠡᠪᠡ ᠃ ᠨᠢᠭᠡ᠎ᠳᠦ ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠵᠦ᠂ ᠭᠣᠣᠯᠳᠠᠯᠭ᠎ᠠ ᠢ᠋ᠢᠨ ᠲᠤᠭᠤᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ ᠦᠨᠳᠦᠷᠴᠡ ᠲᠠᠢ᠃ ᠥᠷᠭᠡᠨ ᠤᠯᠠᠨ ᠭᠡᠰᠢᠭᠦᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠨᠠᠯ ᠳᠤᠷᠠᠳᠤᠯᠭ᠎ᠠ᠎ᠶᠢᠨ ᠭᠣᠣᠯ ᠰᠡᠳᠦᠪ ᠭᠣᠣᠯ ᠱᠤᠭᠤᠮ ᠪᠣᠯᠭᠠᠵᠤ ᠂ ᠶᠡᠷᠦᠩᠬᠡᠢ ᠱᠦᠵᠢ ᠰᠢ᠎ᠶᠢᠨ ᠫᠢᠩ ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠲᠠᠢ ᠨᠢᠭ᠍ᠲᠠ ᠤᠶᠠᠯᠳᠤᠭᠤᠯᠤᠨ ᠨᠠᠷᠢᠨ ᠨᠢᠮᠪᠠᠢ ᠰᠡᠳᠦᠪ ᠰᠣᠩᠭᠣᠵᠤ ᠂ ᠮᠠᠰᠢ ᠤᠯᠠᠨ ᠴᠢᠨᠠᠷ ᠰᠠᠢᠲᠠᠢ ᠰᠠᠨᠠᠯ ᠳᠤᠷᠠᠳᠤᠯᠭ᠎ᠠ᠎ᠶᠢ ᠳᠤᠷᠠᠳᠴᠤ ᠂ ᠰᠠᠨᠠᠯ ᠳᠤᠷᠠᠳᠤᠯᠭ᠎ᠠ ᠨᠢ 《ᠴᠢᠬᠤᠯᠠ ᠵᠢᠭ᠍ᠰᠠᠭᠠᠯ᠎ᠤᠨ ᠭᠠᠵᠠᠷ ᠂ ᠴᠢᠬᠤᠯᠠ ᠲᠠᠪᠴᠠᠩ᠂ ᠴᠢᠬᠤᠯᠠ ᠠᠷᠭ᠎ᠠ ᠵᠠᠮ 》᠎ᠤ᠋ᠨ ᠦᠢᠯᠡᠳᠦᠯ᠎ᠢ ᠪᠠᠳᠠᠷᠠᠭᠤᠯᠵᠤ ᠪᠠᠢᠬᠤ᠎ᠶᠢ ᠢᠯᠡᠷᠡᠭᠦᠯᠪᠡ᠃ ᠬᠣᠶᠠᠷ᠎ᠲᠤ ᠂ ᠠᠷᠠᠳ᠎ᠤᠨ ᠲᠦᠯᠦᠭᠡ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠬᠠᠢᠷ᠎ᠠ ᠰᠡᠳᠬᠢᠯᠭᠡ᠎ᠶᠢ ᠡᠷᠬᠢᠮᠯᠡᠵᠦ ᠂ ᠰᠠᠨᠠᠯ ᠰᠠᠨᠠᠭᠤᠯᠭ᠎ᠠ ᠭᠠᠷᠭᠠᠨ ᠵᠠᠰᠠᠭ᠎ᠲᠤ ᠲᠤᠰᠠᠯᠠᠬᠤ ᠲᠠᠯ᠎ᠠ᠎ᠪᠠᠷ ᠬᠠᠮᠲᠤ᠎ᠶᠢᠨ ᠲᠠᠨᠢᠯᠲᠠ᠎ᠶᠢ ᠭᠦᠨᠵᠡᠭᠡᠢ ᠨᠢᠭ᠍ᠲᠠᠷᠠᠭᠤᠯᠵᠦ ᠬᠦᠨᠴᠡ ᠲᠠᠢ᠃ ᠥᠷᠭᠡᠨ ᠤᠯᠠᠨ ᠭᠡᠰᠢᠭᠦᠳ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠭᠣᠣᠯ ᠠᠵᠢᠯ ᠪᠠ ᠠᠷᠠᠳ ᠤᠯᠠᠨ᠎ᠤ ᠨᠡᠢᠳᠡᠮ ᠠᠩᠬᠠᠷᠴᠤ ᠪᠠᠢᠭ᠎ᠠ ᠬᠠᠯᠠᠮᠰᠢᠯ ᠠᠰᠠᠭᠤᠳᠠᠯ᠎ᠲᠠᠢ ᠨᠢᠭ᠍ᠲᠠ ᠤᠶᠠᠯᠳᠤᠭᠤᠯᠤᠨ ᠰᠠᠨᠠᠯ ᠲᠤᠷᠠᠳᠤᠯᠭ᠎ᠠ ᠳᠤᠷᠠᠳᠴᠤ ᠂ ᠠᠷᠠᠳ ᠲᠦᠮᠡᠨ᠎ᠢ ᠳᠡᠭᠡᠳᠦᠯᠡᠬᠦ᠎ᠶᠢ ᠢᠮᠠᠭᠲᠠ ᠪᠠᠷᠢᠮᠲᠠᠯᠠᠵᠤ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠪᠡᠶᠡᠯᠡᠭᠦᠯᠬᠦ᠎ᠪᠡᠷ ᠢᠮᠠᠭᠲᠠ ᠵᠤᠷᠢᠯᠲᠠ ᠪᠠ ᠲᠤᠰᠤᠯᠲᠠ ᠪᠠᠨ ᠪᠣᠯᠭᠠᠵᠤ ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠨᠢ ᠲᠤᠰᠬᠠᠢ ᠵᠥᠪᠯᠡᠬᠦ ᠪᠠᠢᠭᠤᠯᠤᠮᠵᠢ ᠪᠣᠯᠬᠤ ᠦᠢᠯᠡᠳᠦᠯ᠎ᠢ ᠢᠯᠡᠷᠡᠭᠦᠯᠪᠡ᠃ ᠭᠤᠷᠪᠠ᠎ᠳᠤ ᠂ ᠢᠳᠡᠪᠬᠢᠲᠡᠢ᠎ᠪᠡᠷ ᠵᠢᠳᠬᠦᠯ ᠴᠢᠷᠮᠠᠢᠯᠭ᠎ᠠ ᠭᠠᠷᠭᠠᠨ ᠬᠠᠷᠢᠭᠤᠴᠠᠯᠭ᠎ᠠ ᠡᠭᠦᠷᠭᠡᠯᠡᠬᠦ᠎ᠶᠢ ᠡᠷᠬᠢᠮᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ ᠡᠷᠴᠢᠮ᠎ᠲᠠᠢ᠃ ᠥᠷᠭᠡᠨ ᠤᠯᠠᠨ ᠭᠡᠰᠢᠭᠦᠳ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠤᠬᠠᠮᠰᠠᠷ ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠠ ᠴᠢᠳᠠᠮᠠᠭᠠᠢ᠎ᠪᠠᠷ ᠠᠷᠭ᠎ᠠ ᠤᠬᠠᠭᠠᠨ ᠭᠠᠷᠭᠠᠵᠤ ᠴᠢᠳᠠᠮᠠᠭᠠᠢ᠎ᠪᠠᠷ ᠠᠵᠢᠯᠯᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠰᠡᠳᠬᠢᠯᠭᠡ᠎ᠪᠡᠷ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠡᠪᠰᠢᠭᠦᠯᠵᠦ ᠂ ᠰᠠᠨᠠᠯ ᠲᠤᠷᠠᠳᠤᠯᠭ᠎ᠠ ᠢ᠋ᠢᠨ ᠠᠵᠢᠯ ᠪᠣᠯ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠤᠨ ᠠᠮᠢᠳᠤᠯᠢᠭ᠋ ᠦᠢᠯᠡᠳᠦᠯᠭᠡ ᠪᠣᠯᠬᠤ᠎ᠶᠢ ᠭᠦᠢᠴᠡᠳ ᠢᠯᠡᠷᠡᠭᠦᠯᠪᠡ᠃
ᠶᠡᠬᠡ ᠬᠤᠷᠠᠯ ᠲᠡᠭᠦᠰᠦᠭᠰᠡᠨ᠎ᠦ ᠲᠠᠷᠠᠭ᠎ᠠ ᠂ ᠪᠤᠢ ᠪᠦᠬᠦᠢ ᠰᠠᠨᠠᠯ ᠲᠤᠷᠠᠳᠤᠯᠭ᠎ᠠ ᠵᠢ ᠲᠠᠬᠢᠨ ᠬᠢᠨᠠᠬᠤ᠎ᠶᠢᠨ ᠬᠠᠮᠲᠤ ᠬᠠᠮᠤᠭ ᠡᠴᠦᠰ᠎ᠤᠨ ᠬᠢᠨᠠᠨ ᠪᠠᠢᠴᠠᠭᠠᠭᠰᠠᠨ ᠦᠷ᠎ᠡ ᠳ᠋ᠦᠩ᠎ᠢ ᠲᠣᠭᠲᠠᠭᠠᠨ᠎ᠠ᠃ ᠲᠤᠰ ᠤᠳᠠᠭ᠎ᠠ᠎ᠶᠢᠨ ᠬᠤᠷᠠᠯ᠎ᠤᠨ ᠬᠡᠷᠡᠭ ᠪᠣᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠲᠠᠢ ᠬᠠᠮᠲᠤᠷᠠᠨ ᠰᠠᠨᠠᠯ ᠳᠤᠷᠠᠳᠤᠯᠭ᠎ᠠ᠎ᠶᠢ ᠲᠤᠰᠢᠶᠠᠨ ᠰᠢᠢᠳᠪᠦᠷᠢᠯᠡᠭᠦᠯᠬᠦ ᠬᠤᠷᠠᠯ᠎ᠢ ᠬᠤᠷᠠᠯᠳᠤᠭᠤᠯᠵᠤ᠂ ᠡᠯ᠎ᠡ ᠳᠠᠭᠠᠭᠠᠨ ᠬᠦᠢᠴᠡᠳᠬᠡᠬᠦ ᠨᠢᠭᠡᠴᠢ᠎ᠳᠦ ᠬᠤᠪᠢᠶᠠᠨ ᠬᠦᠷᠭᠡᠵᠦ ᠰᠢᠢᠳᠪᠦᠷᠢᠯᠡᠭᠦᠯᠦᠨ᠎ᠡ᠃ ᠡᠭᠦᠨ᠎ᠦ ᠬᠠᠮᠲᠤ ᠂ ᠥᠪᠡᠷᠲᠡᠭᠡᠨ ᠵᠠᠰᠠᠬᠤ ᠣᠷᠣᠨ᠎ᠤ ᠣᠨ᠎ᠤ ᠤᠯᠤᠰ ᠲᠥᠷᠥ᠍᠎ᠶᠢᠨ ᠵᠥᠪᠯᠡᠯᠭᠡᠨ᠎ᠦ ᠵᠥᠪᠯᠡᠬᠦ ᠲᠥᠯᠥᠪᠯᠡᠭᠡ᠎ᠳᠡᠬᠢ ᠰᠠᠨᠠᠯ ᠳᠤᠷᠠᠳᠤᠯᠭ᠎ᠠ᠎ᠶᠢ ᠭᠦᠢᠴᠡᠳᠬᠡᠬᠦ ᠵᠥᠪᠯᠡᠬᠦ ᠰᠡᠳᠦᠪ᠎ᠢ ᠲᠣᠭᠲᠠᠭᠠᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠤᠳᠤᠷᠢᠳᠬᠤ ᠨᠥᠬᠥᠳ ᠂ ᠤᠯᠤᠰ ᠲᠥᠷᠥ᠍᠎ᠶᠢᠨ ᠵᠥᠪᠯᠡᠯᠭᠡᠨ᠎ᠦ ᠲᠡᠷᠢᠭᠦᠯᠡᠭᠴᠢᠳ᠎ᠦᠨ ᠬᠤᠷᠠᠯ᠎ᠤᠨ ᠪᠦᠷᠢᠯᠳᠦᠭᠦᠨ ᠪᠠ ᠡᠯ᠎ᠡ ᠲᠤᠰᠬᠠᠢ ᠵᠥᠪᠯᠡᠯ᠎ᠦᠨ ᠱᠠᠯᠠᠪᠳᠠᠭᠤᠯᠤᠨ ᠰᠢᠢᠳᠪᠦᠷᠢᠯᠡᠭᠦᠯᠬᠦ ᠭᠣᠣᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶᠢ ᠰᠢᠯᠢᠨ ᠰᠣᠩᠭᠣᠨ᠎ᠠ ᠃
ᠲᠤᠰ ᠤᠳᠠᠭᠠᠨ᠎ᠤ ᠬᠤᠷᠠᠯ᠎ᠤᠨ ᠰᠠᠨᠠᠯ ᠲᠤᠷᠠᠳᠤᠯᠭ᠎ᠠ ᠵᠢ ᠪᠦᠷᠢᠳᠬᠡᠬᠦ ᠴᠠᠬ᠎ᠤᠨ ᠬᠢᠵᠠᠭᠠᠷᠯᠠᠯ ᠡᠴᠡ ᠬᠤᠢᠰᠢ ᠬᠤᠷᠢᠶᠠᠬᠰᠠᠨ ᠰᠠᠨᠠᠯ ᠲᠤᠷᠠᠳᠤᠯᠭ᠎ᠠ᠎ᠶᠢ ᠬᠢᠨᠠᠨ ᠪᠠᠢᠴᠠᠭᠠᠭᠠᠳ ᠬᠡᠷᠡᠭ ᠪᠣᠯᠭᠠᠨ ᠳᠠᠩᠰᠠᠯᠠᠭᠰᠠᠨ᠎ᠤ ᠳᠠᠷᠠᠭ᠎ᠠ ᠡᠩ᠎ᠦᠨ ᠦᠶ᠎ᠡ᠎ᠶᠢᠨ ᠰᠠᠨᠠᠯ ᠲᠤᠷᠠᠳᠤᠯᠭ᠎ᠠ ᠪᠣᠯᠭᠠᠵᠤ ᠳᠠᠭᠠᠭᠠᠨ ᠬᠦᠢᠴᠡᠳᠬᠡᠬᠦ ᠨᠢᠭᠡᠴᠢ᠎ᠳᠦ ᠴᠠᠭ ᠲᠤᠬᠠᠢ ᠳ᠋ᠤᠨᠢ ᠲᠤᠰᠢᠶᠠᠵᠤ ᠬᠦᠢᠴᠡᠳᠭᠡᠯᠭᠡᠨᠡ᠃ ᠬᠡᠷᠡᠭ ᠪᠣᠯᠭᠠᠨ ᠳᠠᠩᠰᠠᠯᠠᠬᠰᠠᠨ ᠦᠭᠡᠢ ᠰᠠᠨᠠᠯ ᠲᠤᠷᠠᠳᠤᠯᠭ᠎ᠠ᠎ᠶᠢ ᠪᠠᠢᠳᠠᠯ᠎ᠢ ᠨᠢ ᠦᠵᠡᠵᠦ ᠪᠠᠢᠭᠠᠳ ᠨᠡᠢᠭᠡᠮ᠎ᠦᠨ ᠪᠠᠢᠳᠠᠯ ᠠᠷᠠᠳ᠎ᠤᠨ ᠰᠠᠨᠠᠭᠠᠨ᠎ᠤ ᠮᠡᠳᠡᠭᠡ ᠵᠠᠩᠭᠢ ᠵᠡᠷᠭᠡ ᠬᠡᠯᠪᠡᠷᠢ᠎ᠪᠡᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠦ ᠰᠢᠯᠵᠢᠭᠦᠯᠦᠨ ᠬᠦᠷᠭᠡᠵᠦ ᠯᠠᠪᠯᠠᠯᠲᠠ ᠪᠣᠯᠭᠠᠨ᠎ᠠ᠃