ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠦᠨ᠎ᠠ — ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠱᠢᠭᠤᠳ ᠬᠠᠷᠢᠶ᠎ᠠ ᠲᠢᠩᠬᠢᠮ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠦᠨᠳᠦᠰᠦᠲᠡᠨ᠎ᠨᠦᠭᠦᠳ᠎ᠦᠨ ᠺᠠᠳ᠋ᠷ ᠠᠵᠢᠯᠲᠠᠨ᠎ᠤ ᠳᠤᠮᠳᠠ ᠴᠢᠩᠭ᠎ᠠ ᠲᠤᠰᠭᠠᠯ ᠭᠠᠷᠪᠠ
2023-01-16 10:48:16
ᠵᠣᠬᠢᠶᠠᠭ᠍ᠴᠢ᠄
ᠮᠧᠶ ᠭᠠᠩ ᠯᠢᠦ ᡁᠢ ᠱᠢᠶᠠᠨ ᠪᠠᠶ ᠯᠢᠶᠠᠨ ᠵᠣᠣ ᠰᠢ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠡᠳᠦᠷ᠎ᠲᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠥᠷᠭᠡᠨ ᠣᠯᠠᠨ ᠺᠠᠳ᠋ᠷ ᠠᠵᠢᠯᠲᠠᠨ᠎ᠤ ᠳᠤᠮᠳᠠ ᠴᠢᠩᠭ᠎ᠠ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠵᠤ᠂ ᠬᠣᠢᠱᠢᠳᠠ᠎ᠶ᠋ᠢᠨ ᠠᠵᠢᠯ᠎ᠤᠨ ᠴᠢᠭ᠌ᠯᠡᠯ᠎ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠵᠤ᠂ ᠬᠥᠳᠡᠯᠭᠡᠬᠦ᠌ ᠬᠦᠴᠦᠨ ᠨᠡᠮᠡᠷᠢᠯᠡᠪᠡ ᠭᠡᠵᠤ ᠢᠯᠡᠳᠭᠡᠵᠡᠭᠡᠪᠡ᠃

ᠦᠵᠦ᠍ ᠲᠥᠯᠥᠪᠯᠡᠭᠡ ᠪᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠬᠥᠲᠥᠯᠥᠨ ᠳᠠᠭᠠᠭᠤᠯᠤᠨ᠎ᠠ

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠪᠣᠭᠣᠮᠲᠠ ᠱᠢᠪᠲᠤᠯᠬᠤ ᠠᠷᠭ᠎ᠠ ᠬᠡᠮᠵᠢᠶ᠎ᠡ᠎ᠪᠡᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠤᠯᠭᠠᠭᠤᠷᠢᠯᠠᠯ᠎ᠢ ᠲᠠᠰᠤᠷᠠᠯᠲᠠ ᠥᠬᠡᠶ ᠴᠢᠩᠭᠠᠳᠭᠠᠬᠤ ᠬᠡᠷᠡᠭ᠌ᠲᠡᠶ ᠭᠡᠵᠤ ᠵᠢᠭᠠᠵᠤ ᠭᠠᠷᠭᠠᠵᠠᠢ᠃ ᠡᠷᠬᠡᠪᠰᠢ ᠱᠢᠨᠵᠢᠯᠡᠬᠦ᠌ ᠤᠬᠠᠭᠠᠨ  ᠰᠤᠷᠭᠠᠨ ᠬᠥᠮᠦᠵᠢᠯ᠎ᠦᠨ ᠴᠢᠳᠠᠪᠤᠷᠢᠲᠠᠨ᠎ᠢ ᠵᠡᠷᠭᠡ ᠪᠡᠷ ᠠᠳᠭᠤᠬᠤ᠎ᠶ᠋ᠢ ᠪᠠᠷᠢᠮᠲᠠᠯᠠᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠦᠭᠵᠢᠯᠳᠡ ᠵᠢᠨ ᠪᠠᠢᠯᠳᠤᠬᠤ ᠪᠤᠳᠤᠯᠭ᠎ᠠ᠎ᠶ᠋ᠢ ᠰᠠᠢᠲᠤᠷ ᠬᠡᠷᠡᠭ᠌ᠵᠢᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠬᠢᠭᠡᠳ ᠬᠢᠨᠠᠯᠲᠠ ᠲᠠᠯᠪᠢᠬᠤ ᠭᠠᠵᠠᠷ᠎ᠤᠨ ᠳᠡᠳ᠋ ᠳᠠᠷᠤᠭ᠎ᠠ ᠵᠠᠩ ᠱᠢᠶᠤᠤ ᠶᠢᠩ᠂ 2023 ᠣᠨ᠎ᠳᠤ᠂ ᠪᠢᠳᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠷᠥ᠎ᠶ᠋ᠢᠨ ᠪᠣᠳᠣᠯᠭ᠎ᠠ᠎ᠶ᠋ᠢᠨ ᠦᠵᠦ ᠲᠥᠯᠥᠪᠯᠡᠭᠡ᠎ᠶ᠋ᠢ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢᠨ ᠲᠠᠯ᠎ᠠ᠎ᠪᠠᠷ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠪᠠᠬᠢ ᠲᠦᠷᠢᠮ᠎ᠦᠨ ᠪᠠᠲᠤᠯᠠᠭ᠎ᠠ ᠪᠠ ᠲᠥᠷᠥ᠎ᠶ᠋ᠢᠨ ᠪᠣᠳᠣᠯᠭ᠎ᠠ᠎ᠶ᠋ᠢᠨ ᠲᠤᠯᠭᠠᠭᠤᠷᠢᠯᠠᠯ ᠬᠠᠩᠭᠠᠨ᠎ᠠ ᠭᠡᠵᠤ ᠢᠯᠡᠳᠭᠡᠵᠡᠢ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠳᠡᠭᠡᠳᠦ ᠱᠢᠨ᠎ᠡ ᠮᠡᠷᠭᠡᠵᠢᠯ᠎ᠦᠨ ᠭᠠᠵᠠᠷ᠎ᠤᠨ ᠳᠡᠳ᠋ ᠳᠠᠷᠤᠭ᠎ᠠ ᠲᠦᠩ ᠶᠦᠩ ᠱᠢᠩ᠄《ᠪᠢᠳᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠪᠠᠢᠷᠢᠯᠠᠭᠤᠯᠤᠯᠲᠠ ᠶᠣᠰᠣᠭᠠᠷ᠂ ᠲᠠᠪᠤᠨ ᠶᠡᠬᠡ ᠡᠭᠦᠷᠭᠡ᠎ᠶ᠋ᠢᠨ ᠲᠣᠭᠣᠷᠢᠨ᠎ᠳᠤ᠂ ᠡᠨᠧᠷᠭᠢ᠂ ᠬᠣᠪᠣᠷ ᠱᠢᠷᠣᠶ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠨᠢᠭᠡ ᠪᠦᠯᠦᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠬᠤᠯᠠ ᠶᠡᠬᠡ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠦᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠲᠦᠷᠭᠡᠳᠭᠡᠨ ᠳᠡᠭᠡᠭ᠌ᠰᠢᠯᠡᠭᠦᠯᠦᠨ᠎ᠡ᠃ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ 〈ᠬᠣᠶᠠᠷ ᠢ᠋ ᠳᠠᠬᠢᠨ᠎ᠢᠶᠠᠷ ᠨᠡᠮᠡᠭ᠌ᠳᠡᠭᠦᠯᠬᠦ᠌ 〉 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠤ᠋ ᠰᠤᠳᠤᠯᠭᠠᠳᠠᠨ ᠢ᠋ ᠬᠦᠳᠦᠯᠦᠨ ᠵᠢᠯᠤᠭᠤᠳᠴᠤ ᠠᠵᠤ ᠠᠬᠤᠢᠯᠠᠯ᠎ᠳᠤ ᠱᠢᠨ᠎ᠡ᠎ᠶ᠋ᠢ ᠡᠭᠦᠳᠬᠦ᠌ ᠦᠢᠯᠡᠴᠢᠯᠡᠭᠡ ᠬᠠᠩᠭᠠᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠲᠦᠷᠭᠡᠳᠭᠡᠨ ᠳᠡᠭᠡᠭ᠌ᠰᠢᠯᠡᠭᠦᠯᠦᠨ᠎ᠡ》 ᠭᠡᠪᠡ᠃

ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠶ ᠶᠢᠩ ᠵᠢᠶᠦ᠋ᠨ᠂ ᠠᠷᠭ᠎ᠠ ᠪᠦᠬᠦᠨ᠎ᠢ ᠰᠦᠪᠡᠭ᠌ᠴᠢᠯᠡᠨ ᠬᠥᠭ᠌ᠵᠢᠯᠲᠡ᠎ᠶ᠋ᠢ ᠠᠬᠢᠭᠤᠯᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠶ᠋ᠢ ᠭᠦᠶ᠋ᠴᠡᠳ ᠪᠠᠳᠠᠷᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠲᠠᠪᠤᠨ ᠶᠡᠬᠡ ᠡᠭᠦᠷᠭᠡ᠎ᠶ᠋ᠢᠨ ᠪᠥᠲᠥᠭᠡᠨ ᠪᠠᠢᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠭᠤᠤᠯᠯᠠᠬᠤ ᠠᠵᠤ ᠦᠶ᠋ᠯᠡᠰ ᠂ ᠳᠠᠪᠠᠭᠤᠯᠢᠭ ᠠᠵᠤ ᠦᠶ᠋ᠯᠡᠰ ᠂ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠴᠢᠳᠠᠪᠤᠷᠢᠲᠠᠨ᠎ᠤ ᠬᠡᠷᠡᠭ᠌ᠴᠡᠭᠡ᠎ᠲᠠᠶ ᠨᠢᠭ᠍ᠲᠠ ᠤᠶᠠᠯᠳᠤᠭᠤᠯᠤᠨ᠂ ᠴᠢᠳᠠᠪᠤᠷᠢᠲᠠᠨ ᠵᠢᠡᠷ ᠠᠵᠤ ᠠᠬᠤᠶ᠎ᠶ᠋ᠢᠨ ᠬᠥᠭ᠌ᠵᠢᠯᠲᠡ᠎ᠳᠦ ᠦᠶ᠋ᠯᠡᠴᠢᠯᠡᠬᠦ᠌ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠠ ᠭᠡᠵᠤ ᠢᠯᠡᠳᠭᠡᠪᠡ᠃

ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠪᠣᠯ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠬᠢᠭᠡᠳ ᠨᠠᠰᠤᠨ᠎ᠳᠤ ᠬᠦᠷᠦᠭ᠌ᠰᠡᠳ᠎ᠦᠨ ᠰᠤᠷᠭᠠᠨ ᠬᠥᠮᠦᠵᠢᠯ᠎ᠦᠨ ᠭᠠᠵᠠᠷ᠎ᠤᠨ ᠳᠡᠳ᠋ ᠳᠠᠷᠤᠭ᠎ᠠ ᠴᠧᠨ ᠬᠣᠩ ᠯᠢ᠎ᠶ᠋ᠢᠨ ᠠᠩᠬᠠᠷᠴᠤ᠌ ᠪᠠᠢᠭ᠎ᠠ ᠭᠣᠣᠯᠳᠠᠯᠭ᠎ᠠ᠎ᠲᠠᠶ ᠬᠦᠷᠢᠶ᠎ᠡ ᠪᠣᠯᠤᠨ᠎ᠠ᠃ ᠴᠧᠨ ᠬᠣᠩ ᠯᠢ ᠄ 《 ᠪᠦᠬᠦ᠌ ᠣᠷᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠹᠷᠣᠨᠲ ᠤ᠋ᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠲᠤᠬᠠᠢ ᠪᠠᠢᠷᠢᠯᠠᠭᠤᠯᠤᠯᠲᠠ ᠲᠤᠬᠢᠷᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 〈 ᠶᠠᠰᠤ ᠴᠢᠨᠠᠷ᠎ᠢ ᠳᠡᠭᠡᠭ᠌ᠰᠢᠯᠡᠭᠦᠯᠵᠦ᠍ ᠱᠢᠯᠢᠳᠡᠭ᠎ᠢ ᠬᠥᠮᠦᠵᠢᠭᠦᠯᠬᠦ᠌ 〉 〈 ᠬᠣᠶᠠᠷ ᠥᠨᠳᠥᠷ ᠬᠣᠶᠠᠷ ᠱᠢᠯᠢᠳᠡᠭ 〉 ᠤ᠋ᠨ ᠪᠠᠢᠭᠤᠯᠤᠯᠲᠠ᠎ᠶ᠋ᠢ ᠠᠬᠢᠭᠤᠯᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠭᠣᠣᠯᠯᠠᠭ᠍ᠴᠢ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ》 ᠭᠡᠵᠠᠢ᠃

ᠠᠵᠢᠯ ᠤᠯᠭᠤᠵᠤ ᠦᠢᠯᠡᠰ ᠪᠤᠰᠬᠠᠬᠤ ᠵᠢ ᠪᠦᠬᠦ᠌ ᠬᠦᠴᠦᠨ᠎ᠢᠶᠡᠷ ᠠᠬᠢᠭᠤᠯᠵᠤ᠂ ᠠᠷᠠᠳ᠎ᠤᠨ ᠠᠮᠢᠳᠤᠷᠠᠯ ᠲᠦᠭᠡᠮᠡᠯ ᠬᠠᠷᠠᠭᠠᠯᠵᠠᠯ ᠲᠠᠢ᠂ ᠠᠷᠠᠳ᠎ᠤᠨ ᠰᠡᠳᠭᠢᠯ ᠵᠢᠷᠭᠠᠯ᠎ᠢᠶᠡᠷ ᠲᠦᠭᠦᠷᠡᠩ ᠪᠤᠯᠭᠠᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠷᠠᠳ᠎ᠤᠨ ᠵᠣᠪᠠᠭᠤᠷᠢ᠎ᠶ᠋ᠢ ᠠᠷᠢᠯᠭᠠᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠣᠳᠠᠲᠤ ᠶᠠᠪᠤᠳᠠᠯ ᠰᠠᠢᠨ ᠶᠠᠪᠤᠳᠠᠯ᠎ᠢ ᠰᠠᠢᠲᠤᠷ ᠬᠢᠵᠦ᠍᠂ ᠠᠷᠠᠳ ᠲᠦᠮᠡᠨ᠎ᠦ ᠠᠮᠢᠳᠤᠷᠠᠯ᠎ᠢ ᠨᠠᠩ ᠰᠠᠢᠨ ᠪᠣᠯᠭᠠᠬᠤ᠎ᠪᠠᠷ ᠴᠢᠷᠮᠠᠢᠨ᠎ᠠ ᠭᠡᠵᠦ᠍ ᠳᠤᠷᠠᠳᠪᠠ᠃ ᠵᠠᠶ ᠶᠢᠩ ᠵᠢᠶᠦ᠋ᠨ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠪᠣᠳᠠᠲᠠᠶ ᠲᠥᠷᠥ᠎ᠶ᠋ᠢᠨ ᠪᠣᠳᠣᠯᠭ᠎ᠠ᠂ ᠪᠣᠳᠠᠲᠠᠶ ᠠᠵᠢᠯᠯᠠᠭ᠎ᠠ ᠳᠡᠭᠡᠷ᠎ᠡ᠎ᠪᠡᠨ ᠢᠯᠡᠷᠡᠭᠦᠯᠬᠦ᠌ ᠪᠣᠯᠤᠨ᠎ᠠ᠃ ᠪᠦᠬᠦ᠌ ᠬᠦᠴᠦᠨ᠎ᠢᠶᠡᠷ᠎ᠢᠶᠡᠨ ᠠᠵᠢᠯ ᠣᠯᠭᠣᠯᠲᠠ᠎ᠶ᠋ᠢ ᠲᠤᠭᠳᠠᠭᠤᠨ ᠪᠠᠢᠯᠭᠠᠬᠤ᠂ ᠠᠵᠢᠯ ᠣᠯᠭᠣᠯᠲᠠ᠎ᠶ᠋ᠢ ᠤᠷᠢᠳ᠎ᠢᠶᠠᠷ ᠪᠣᠳᠣᠯᠬᠢᠯᠠᠬᠤ ᠲᠦᠷᠦ᠍᠎ᠶ᠋ᠢᠨ ᠪᠤᠳᠤᠯᠭ᠎ᠠ᠂ 《ᠤᠷ᠎ᠠ ᠮᠡᠷᠭᠡᠵᠢᠯ᠎ᠦᠨ ᠥᠪᠥᠷ ᠮᠣᠩᠭᠣᠯ》 ᠵᠡᠷᠭᠡ ᠲᠠᠪᠤᠨ ᠶᠡᠬᠡ ᠠᠵᠢᠯᠯᠠᠭ᠎ᠠ᠎ᠶ᠋ᠢ ᠴᠢᠩᠭᠠᠳᠭᠠᠵᠤ᠂ ᠤᠯᠠᠨ ᠨᠡᠢᠲᠡ᠎ᠶ᠋ᠢᠨ ᠠᠵᠢᠯ ᠣᠯᠭᠣᠬᠤ ᠦᠢᠯᠡᠰ ᠪᠤᠰᠭᠠᠬᠤ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠬᠤᠳᠠ ᠪᠠᠯᠭᠠᠰᠤᠨ᠎ᠤ ᠱᠢᠨ᠎ᠡ᠎ᠪᠡᠷ ᠨᠡᠮᠡᠭ᠌ᠳᠡᠭ᠌ᠰᠡᠨ ᠠᠵᠢᠯ ᠣᠯᠭᠣᠯᠲᠠ᠎ᠶ᠋ᠢ 20 ᠲᠦᠮᠡ᠎ᠡᠴᠡ ᠳᠡᠭᠡᠭ᠌ᠰᠢ᠎ᠳᠦ ᠬᠦᠷᠭᠡᠨ᠎ᠡ ᠭᠡᠵᠤ ᠬᠡᠯᠡᠪᠡ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠨᠠᠷᠢᠨ ᠬᠢᠨᠠᠮᠠᠭᠠᠢ ᠰᠤᠳᠤᠯᠤᠨ ᠤᠩᠱᠢᠭ᠍ᠰᠠᠨ᠎ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠲᠦᠷᠦ᠍᠎ᠶ᠋ᠢᠨ ᠪᠤᠳᠤᠯᠭ᠎ᠠ ᠬᠠᠤᠯᠢ ᠲᠦᠷᠢᠮ᠎ᠦᠨ ᠭᠠᠵᠠᠷ (ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠠᠯᠪᠠᠨ ᠭᠡᠷ)  ᠤ᠋ᠨ ᠭᠠᠵᠠᠷ᠎ᠤᠨ ᠳᠠᠷᠤᠭ᠎ᠠ (ᠡᠷᠬᠢᠯᠡᠭ᠌ᠴᠢ) ᠵᠢᠶᠠᠩ ᠢᠦᠢ ᠫᠸᠩ ᠲᠤᠢᠯ ᠵᠢᠡᠷ ᠰᠡᠳᠭᠢᠯ ᠳᠣᠭ᠍ᠳᠣᠯᠵᠤ ᠪᠠᠢᠯ᠎ᠠ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 2023 ᠣᠨ᠎ᠳᠤ ᠰᠤᠷᠭᠠᠭᠤᠯᠢ᠎ᠲᠡᠭᠦᠰᠴᠦ ᠠᠵᠢᠯ ᠣᠯᠤᠭᠠᠳᠤᠶ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠢ ᠦᠨᠡᠨ ᠨᠡᠷ᠎ᠡ᠎ᠶ᠋ᠢᠨ ᠲᠦᠷᠢᠮ᠎ᠢᠶᠡᠷ ᠬᠠᠪᠰᠤᠷᠤᠨ ᠲᠡᠳᠬᠦᠬᠦ᠌ ᠠᠵᠢᠯᠯᠠᠭ᠎ᠠ ᠵᠢᠴᠢ ᠬᠡᠦᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ᠎ᠶ᠋ᠢ ᠱᠢᠨ᠎ᠡ᠎ᠪᠡᠷ ᠪᠠᠢᠭᠤᠯᠬᠤ ᠥᠭᠡᠷᠡᠴᠢᠯᠡᠨ ᠪᠠᠢᠭᠤᠯᠬᠤ ᠥᠷᠭᠡᠳᠭᠡᠨ ᠪᠠᠢᠭᠤᠯᠵᠤ᠂ ᠱᠢᠨ᠎ᠡ᠎ᠪᠡᠷ 6.9 ᠲᠦᠮᠡᠨ ᠡᠷᠳᠡᠮ᠎ᠦᠨ ᠴᠣᠯᠠ ᠨᠡᠮᠡᠭ᠌ᠳᠡᠭᠦᠯᠬᠦ᠌ ᠵᠡᠷᠭᠡ᠎ᠶ᠋ᠢ ᠲᠤᠷᠠᠳᠴᠤ ᠂ ᠦᠭᠡ ᠥᠭᠦᠯᠡᠪᠦᠷᠢ ᠪᠣᠯᠭᠠᠨ᠎ᠳᠤ ᠠᠷᠠᠳ ᠲᠦᠮᠡᠨ᠎ᠢᠶᠡᠷ ᠭᠤᠤᠯ ᠪᠣᠯᠭᠠᠬᠤ ᠲᠥᠷᠥ᠍ ᠪᠠᠷᠢᠬᠤ ᠣᠢᠯᠠᠭᠠᠭ᠍ᠳᠠᠬᠤᠨ᠎ᠢ ᠢᠯᠡᠷᠡᠭᠦᠯᠪᠡ》᠃ ᠵᠢᠶᠠᠩ ᠢᠦᠶ ᠫᠧᠩ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ᠎ᠳᠤ ᠱᠢᠨ᠎ᠡ ᠴᠠᠭ ᠦᠶ᠎ᠡ᠎ᠶ᠋ᠢᠨ ᠰᠤᠷᠭᠠᠨ ᠬᠥᠮᠦᠵᠢᠯ᠎ᠦᠨ ᠦᠨᠡᠯᠡᠯᠲᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠵᠢᠯᠣᠭᠣᠳᠤᠮᠵᠢ ᠪᠣᠯᠭᠠᠵᠤ᠂ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠤᠯᠤᠰ ᠤ᠋ᠨ ᠨᠢᠭᠡᠳᠤᠯᠳᠠᠢ ᠱᠢᠯᠭᠠᠯᠲᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠪᠡᠷ ᠭᠤᠤᠯᠳᠠᠯᠭ᠎ᠠ ᠪᠣᠯᠭᠠᠭ᠍ᠰᠠᠨ ᠡᠯ᠎ᠡ ᠵᠦᠶ᠋ᠯ᠎ᠦᠨ ᠥᠭᠡᠷᠡᠴᠢᠯᠡᠯᠲᠡ᠎ᠶ᠋ᠢ ᠨᠢᠭᠡᠳᠦᠯᠲᠡᠶ ᠲᠥᠯᠥᠪᠵᠢᠬᠦᠯᠤᠨ ᠠᠬᠢᠭᠤᠯᠬᠤ ᠬᠡᠷᠡᠭ᠌ᠲᠡᠶ᠃ ᠬᠠᠤᠯᠢ ᠪᠡᠷ ᠰᠤᠷᠭᠠᠭᠤᠯᠢ᠎ᠶ᠋ᠢ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠰᠤᠷᠭᠠᠭᠤᠯᠢ᠎ᠶ᠋ᠢᠨ ᠳᠦᠷᠢᠮ᠎ᠢᠶᠡᠷ ᠭᠣᠣᠯ ᠪᠣᠯᠭᠠᠭ᠍ᠰᠠᠨ ᠳᠦᠷᠢᠮ ᠤ᠋ᠨ ᠱᠢᠰᠲ᠋ᠧᠮ᠎ᠢ ᠲᠡᠭᠦᠯᠳᠡᠷᠵᠢᠭᠦᠯᠬᠦ ᠭᠡᠷᠡᠭᠳᠠᠢ ᠭᠡᠵᠤ ᠢᠯᠡᠳᠭᠡᠪᠡ᠃

ᠨᠡᠢᠭᠡᠮ᠎ᠦᠨ ᠪᠠᠲᠤᠯᠠᠭ᠎ᠠ᠎ᠶ᠋ᠢ ᠰᠡᠳᠭᠢᠯ ᠲᠠᠯᠪᠢᠨ ᠬᠠᠢᠷ᠎ᠠ ᠰᠡᠳᠬᠢᠯᠭᠡ ᠲᠠᠢ ᠪᠡᠷ ᠴᠢᠨᠭᠭᠠᠳᠬᠠᠨ᠎ᠠ

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠨᠡᠢᠭᠡᠮ᠎ᠦᠨ ᠪᠠᠲᠤᠯᠠᠭ᠎ᠠ᠎ᠶ᠋ᠢ ᠬᠦᠴᠦᠯᠡᠨ ᠴᠢᠩᠭᠠᠳᠭᠠᠨ᠎ᠠ ᠭᠡᠵᠤ ᠲᠤᠷᠠᠳᠪᠠ᠃ ᠵᠠᠶ ᠶᠢᠩ ᠵᠢᠶᠦ᠋ᠨ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠠᠷᠠᠳ᠎ᠤᠨ ᠠᠮᠢᠳᠤᠷᠠᠯ᠎ᠢ ᠪᠠᠲᠤᠯᠠᠵᠤ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠪᠥᠬᠥ᠌ ᠤᠯᠤᠰ᠎ᠲᠤ ᠨᠢᠭᠡᠳᠦᠯᠲᠡᠶ ᠲᠥᠯᠥᠪᠵᠢᠬᠦᠯᠬᠦ᠎ᠶ᠋ᠢ ᠨᠠᠢᠳᠠᠪᠤᠷᠢᠵᠢᠭᠤᠯᠤᠨ᠂ ᠬᠤᠪᠢ ᠬᠥᠮᠦᠨ᠎ᠦ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠶ᠋ᠢᠨ ᠲᠦᠷᠢᠮ᠎ᠢ ᠤᠷᠢᠳ᠎ᠢᠶᠠᠷ ᠬᠡᠷᠡᠭ᠌ᠵᠢᠭᠦᠯᠬᠦ᠌ ᠠᠵᠢᠯ᠎ᠢ ᠯᠠᠪᠳᠠᠭᠤᠨ᠎ᠢᠶᠠᠷ ᠠᠬᠢᠭᠤᠯᠵᠤ᠂ ᠡᠯ᠎ᠡ ᠵᠦᠶ᠋ᠯ᠎ᠦᠨ ᠨᠡᠢᠭᠡᠮ᠎ᠦᠨ ᠳᠠᠭᠠᠳᠭᠠᠯ᠎ᠤᠨ ᠬᠠᠷᠠᠭᠠᠯᠵᠠᠯ᠎ᠢ ᠴᠠᠭ ᠲᠤᠬᠠᠶ᠎ᠳᠤᠨᠢ ᠲᠣᠭ᠎ᠠ ᠶᠣᠰᠣᠭᠠᠷ ᠣᠯᠭᠣᠬᠤ᠎ᠶ᠋ᠢ ᠦᠨᠡᠨ ᠬᠦ᠌ ᠪᠠᠲᠤᠯᠠᠨ᠂ ᠳᠠᠭᠠᠳᠭᠠᠯ᠎ᠳᠤ ᠣᠷᠣᠯᠴᠠᠬᠤ ᠬᠠᠮᠤᠷᠬᠤ ᠬᠡᠪᠴᠢᠶ᠎ᠡ᠎ᠶ᠋ᠢ ᠤᠯᠠᠮ ᠴᠢᠨᠠᠬᠰᠢᠳᠠ ᠥᠷᠭᠡᠳᠭᠡᠵᠦ᠍᠂ ᠵᠢᠯ᠎ᠦᠨ ᠡᠴᠦᠰ᠎ᠡᠴᠡ ᠡᠮᠦᠨ᠎ᠡ ᠨᠠᠰᠤᠵᠢᠯ᠎ᠤᠨ ᠠᠰᠠᠷᠠᠮᠵᠢ᠎ᠶ᠋ᠢᠨ ᠦᠨᠳᠦᠰᠦᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ᠎ᠶ᠋ᠢ 1733 ᠲᠦᠮᠡ᠎ᠳᠦ ᠬᠦᠷᠭᠡᠬᠦ᠌᠎ᠶ᠋ᠢ ᠦᠨᠡᠨ ᠬᠦ᠌ ᠪᠠᠲᠤᠯᠠᠨ᠎ᠠ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠡᠢᠭᠡᠮ᠎ᠦᠨ ᠠᠪᠤᠷᠠᠨ ᠲᠤᠰᠠᠯᠠᠬᠤ ᠭᠠᠵᠠᠷ᠎ᠤᠨ ᠳᠠᠷᠤᠭ᠎ᠠ ᠯᠢ ᠸᠧᠶ᠂ ᠪᠢᠳᠡ ᠨᠡᠢᠭᠡᠮ᠎ᠦᠨ ᠠᠪᠤᠷᠠᠨ ᠲᠤᠰᠠᠯᠠᠬᠤ ᠱᠢᠰᠲ᠋ᠧᠮ᠎ᠢ ᠭᠦᠨᠵᠡᠭᠡᠶ ᠪᠠᠢᠭᠤᠯᠵᠤ᠂ ᠱᠢᠰᠲ᠋ᠧᠮ ᠪᠠᠢᠭᠤᠯᠵᠤ ᠬᠣᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠬᠤ᠂ ᠲᠣᠭ᠍ᠲᠠᠴᠠ ᠪᠠᠢᠭᠤᠯᠵᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ᠂ ᠬᠡᠪ ᠴᠢᠨᠠᠷ᠎ᠢ ᠳᠡᠭᠡᠭ᠌ᠰᠢᠯᠡᠬᠦᠯᠵᠤ ᠦᠢᠯᠡᠴᠢᠯᠡᠭᠡ ᠵᠢ ᠰᠢᠯᠢᠳᠡᠭᠵᠢᠬᠦᠯᠬᠦ ᠳᠡᠭᠡᠷ᠎ᠡ ᠬᠦᠴᠦ᠍ ᠲᠠᠯᠪᠢᠵᠤ᠂ ᠬᠣᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠤᠯᠠᠮ ᠴᠢᠨᠠᠬᠰᠢᠳᠠ ᠳᠡᠭᠡᠭ᠌ᠰᠢᠯᠡᠭᠦᠯᠵᠦ᠍᠂ ᠨᠡᠮᠡᠭ᠌ᠳᠡᠯ᠎ᠦᠨ ᠬᠡᠮᠵᠢᠶ᠎ᠡ᠎ᠶ᠋ᠢ 5 % ᠡᠴᠡ ᠳᠤᠤᠷ᠎ᠠ ᠪᠠᠢᠯᠭᠠᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠨ᠎ᠠ ᠭᠡᠵᠤ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠭᠠᠵᠠᠷ᠎ᠤᠨ ᠳᠡᠳ᠋ ᠳᠠᠷᠤᠭ᠎ᠠ ᠸᠠᠩ ᠲᠢᠶᠠᠨ ᠵᠢᠶᠦ᠋ᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 《ᠨᠠᠰᠤᠳᠠᠢᠴᠤᠳ ᠭᠡᠤᠭᠡᠳ》 ᠢ᠋ ᠰᠡᠳᠭᠢᠯ ᠳᠡᠯᠪᠢᠨ ᠬᠠᠮᠠᠭᠠᠯᠠᠨ᠎ᠠ ᠭᠡᠵᠤ ᠲᠤᠷᠠᠳᠪᠠ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠌᠂ ᠬᠡᠷ᠎ᠲᠡᠬᠡᠨ ᠰᠠᠭᠤᠵᠤ ᠨᠡᠢᠭᠡᠮ ᠲᠣᠭᠣᠷᠢᠭ᠎ᠲᠤ ᠰᠠᠭᠤᠵᠤ ᠪᠠᠢᠭ᠎ᠠ ᠨᠠᠰᠤᠲᠠᠢᠴᠤᠳ᠎ᠢ ᠠᠰᠠᠷᠠᠬᠤ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠨᠠᠰᠤᠵᠢᠯ᠎ᠤᠨ ᠠᠰᠠᠷᠠᠮᠵᠢ᠎ᠶ᠋ᠢᠨ ᠠᠵᠤ ᠦᠶ᠋ᠯᠡᠰ ᠪᠠ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠰ᠎ᠢ ᠲᠦᠷᠭᠡᠳᠭᠡᠨ ᠬᠠᠮᠵᠢᠯᠴᠠᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠵᠢᠯ᠎ᠦᠨ ᠳᠣᠲᠣᠷ᠎ᠠ ᠣᠨᠴᠠ ᠬᠦᠴᠢᠷᠳᠡᠯᠲᠡᠶ ᠨᠠᠰᠤᠲᠠᠢᠴᠤᠳ᠎ᠤᠨ ᠬᠡᠷ ᠪᠦᠯᠢ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠥᠭᠡᠷᠡᠴᠢᠯᠡᠯᠲᠡ᠎ᠶ᠋ᠢ 2.6 ᠲᠦᠮᠡᠨ ᠡᠷᠦᠬᠡ ᠪᠡᠶᠡᠯᠡᠭᠦᠯᠵᠦ᠍᠂ ᠱᠢᠶᠠᠩ ᠪᠠᠯᠭᠠᠰᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ᠎ᠢ 350᠂ ᠲᠣᠰᠭᠣᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠥᠷᠲᠡᠭᠡ᠎ᠶ᠋ᠢ 2000 ᠱᠢᠨ᠎ᠡ᠎ᠪᠡᠷ ᠪᠠᠢᠭᠤᠯᠵᠤ᠂ ᠨᠠᠰᠤᠲᠠᠢᠴᠤᠳ᠎ᠤᠨ ᠣᠯᠠᠨ ᠲᠠᠰ ᠳᠠᠪᠬᠤᠷᠭ᠎ᠠ ᠣᠯᠠᠨ ᠶᠠᠩᠵᠤᠴᠢᠯᠠᠬᠰᠡᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠬᠠᠩᠭᠠᠨ᠎ᠠ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号