《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠥᠮᠦᠰ᠎ᠦᠨ ᠰᠡᠳᠭᠢᠯ᠎ᠢ ᠤᠷᠮᠠᠰᠢᠭᠤᠯᠵᠦ ᠂ ᠡᠷᠴᠢ ᠵᠣᠷᠢᠭ᠎ᠢ ᠬᠥᠪᠴᠢᠯᠡᠪᠠ᠃ ᠢᠯᠠᠩᠭᠤᠶ᠎ᠠ ᠱᠢᠨ᠎ᠡ ᠡᠨᠧᠷᠭᠢ᠎ᠶ᠋ᠢᠨ ᠬᠦᠷᠢᠶᠡᠨ᠎ᠳᠦ 〈ᠠᠵᠤ ᠦᠶ᠋ᠯᠡᠳᠪᠦᠷᠢ᠎ᠶ᠋ᠢᠨ ᠥᠪᠥᠷ ᠮᠣᠩᠭᠣᠯ 〉 ᠢ᠋ ᠳᠠᠬᠢᠨ ᠪᠠᠢᠭᠤᠯᠬᠤ᠎ᠪᠠᠷ ᠴᠢᠷᠮᠠᠢᠬᠤ᠎ᠶ᠋ᠢ ᠳᠤᠷᠠᠳᠤᠭ᠍ᠰᠠᠨ᠎ᠨᠢ ᠨᠠᠳᠠ᠎ᠳᠤ ᠮᠠᠰᠢ ᠶᠡᠬᠡ ᠵᠣᠷᠢᠭ᠍ᠵᠢᠭᠤᠯᠤᠯ ᠪᠣᠯᠵᠠᠶ᠃ ᠬᠣᠷᠴᠢᠨ ᠵᠡᠭᠦᠨ ᠭᠠᠷᠤᠨ ᠬᠣᠢᠲᠤ ᠬᠣᠱᠢᠭᠤ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠣᠯᠵᠤ ᠂ ᠰᠡᠳᠭᠢᠴᠡ᠎ᠪᠡᠨ ᠲᠣᠳᠣᠷᠬᠠᠢ ᠪᠤᠯᠭᠠᠵᠤ ᠂ ᠡᠷᠡᠮᠡᠬᠡᠢᠯᠡᠨ ᠤᠷᠤᠭ᠍ᠰᠢᠯᠠᠵᠤ ᠂ ᠪᠥᠬᠥ᠌ ᠣᠷᠣᠨ᠎ᠤ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠥᠷᠭᠡᠳᠭᠡᠬᠦ᠌ ᠂ ᠤᠷᠤᠨ ᠪᠠᠢᠷᠢ ᠲᠡᠭᠡᠭᠰᠢᠯᠡᠵᠤ ᠲᠠᠰ ᠳᠡᠪᠱᠢᠭᠦ ᠳᠤᠮᠳᠠ ᠬᠦᠴᠦᠨ ᠴᠢᠳᠠᠯ᠎ᠢᠶᠠᠨ ᠡᠷᠭᠦᠪᠡᠯ ᠵᠣᠬᠢᠨ᠎ᠠ》ᠬᠡᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠭᠡ ᠬᠤᠷᠠᠯ᠎ᠦᠨ ᠲᠦᠯᠦᠭᠡᠯᠡᠭᠴᠢ ᠂ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠳᠠᠷᠤᠭ᠎ᠠ ᠭᠦᠸᠧ ᠲᠢᠶᠠᠨ ᠪᠦᠦ ᠬᠡᠯᠡᠪᠡ᠃

ᠭᠦᠸᠧ ᠲᠢᠶᠠᠨ ᠪᠦᠦ ᠄ 《 ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠬᠠᠷᠢᠶ᠎ᠠ ᠣᠷᠣᠨ᠎ᠤ ᠲᠠᠯᠠᠪᠠᠶ 11570 ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ ᠂ 500 ᠳ᠋ᠦᠩᠱᠢᠭᠤᠷ ᠭᠠᠷᠤᠶ ᠲᠣᠨ ᠴᠢᠨᠠᠷ ᠰᠠᠢᠳᠠᠢ ᠴᠠᠬᠢᠭᠤᠷᠳᠦ ᠡᠯᠡᠰᠦᠨ᠎ᠦ ᠡᠬᠢ ᠪᠠᠶᠠᠯᠢᠭ ᠪᠠ 104 ᠲᠦᠮᠡᠨ ᠮᠢᠬᠠᠨ ᠦᠬᠡᠷ᠎ᠦᠨ ᠠᠵᠤ ᠦᠶ᠋ᠯᠡᠰ᠎ᠦᠨ ᠰᠠᠭᠤᠷᠢ᠎ᠲᠠᠶ ᠂ ᠡᠬᠢ ᠪᠠᠶᠠᠯᠢᠭ ᠡᠯᠪᠡᠭ ᠂ ᠥᠩᠭᠡ ᠦᠵᠡᠮᠵᠢ ᠬᠢᠵᠠᠭᠠᠯᠠᠰᠢ ᠥᠬᠡᠶ ᠭᠡᠵᠦ᠍ ᠬᠡᠯᠡᠵᠦ᠍ ᠪᠣᠯᠤᠨ᠎ᠠ᠃ ᠡᠢᠮᠦ᠍᠎ᠡᠴᠡ ᠂ ᠪᠢᠳᠡᠨ᠎ᠳᠦ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠎ᠶ᠋ᠢ ᠨᠡᠮᠡᠭᠳᠡᠬᠦᠯᠬᠦ ᠢᠲᠡ ᠬᠦᠴᠦ ᠲᠠᠢ ᠂ ᠨᠥᠬᠥᠴᠡᠯ ᠲᠠᠢ᠂ ᠢᠲᠡᠭᠡᠯ ᠲᠠᠢ ᠪᠠᠢᠨ᠎ᠠ》ᠬᠡᠵᠤ ᠲᠠᠨᠢᠯᠴᠠᠭᠤᠯᠪᠠ᠃
ᠬᠡᠷᠬᠢᠨ ᠠᠵᠤ ᠠᠬᠤᠶ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍ ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠶ? ᠭᠦᠸᠧ ᠲᠢᠶᠠᠨ ᠪᠦᠦ ᠂ ᠬᠡᠯᠬᠢᠶᠡᠵᠢᠭᠦᠯᠬᠦ ᠮᠠᠶᠢᠭ᠎ᠤᠨ ᠰᠡᠳᠭᠢᠬᠦᠢ᠎ᠪᠡᠷ ᠠᠵᠤ ᠦᠢᠯᠡᠰ᠎ᠢ ᠠᠳᠭᠤᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠮᠢᠬᠠᠨ᠎ᠤ ᠦᠬᠡᠷ ᠂ ᠴᠠᠬᠢᠭᠤᠷᠲᠤ ᠡᠯᠡᠰᠦ ᠂ ᠱᠢᠨ᠎ᠡ ᠡᠨᠧᠷᠭᠢ ᠂ ᠡᠨᠧᠷᠭᠢ ᠬᠠᠳᠠᠭᠠᠯᠠᠬᠤ ᠳ᠋ᠢᠶᠠᠨ ᡂᠢ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠪᠣᠶ ᠪᠣᠯᠤᠭ᠍ᠰᠠᠨ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍ ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠳᠤᠤᠷᠠᠳᠤ ᠤᠷᠤᠰᠭᠠᠯ ᠲᠡᠢᠰᠢ ᠤᠷᠲᠤᠳᠭᠠᠬᠤ ᠂ ᠥᠷᠲᠡᠭ᠎ᠦᠨ ᠬᠡᠯᠬᠢᠶ᠎ᠡ᠎ᠶ᠋ᠢ ᠳᠤᠮᠳᠠ ᠳᠡᠭᠡᠳᠦ ᠲᠠᠰ ᠲᠡᠢᠰᠢ ᠳᠡᠭᠡᠭ᠌ᠰᠢᠯᠡᠭᠦᠯᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠤᠨ᠎ᠠ᠃ ᠡᠭᠦᠨ᠎ᠦ ᠬᠠᠮᠲᠤ ᠂ ᠦᠢᠯᠡᠳᠪᠦᠷᠢᠯᠡᠯ᠎ᠦᠨ ᠡᠯᠧᠮᠧᠨ᠋ᠲ᠎ᠦᠨ ᠪᠠᠲᠤᠯᠠᠭ᠎ᠠ᠎ᠶ᠋ᠢ ᠴᠢᠩᠭᠠᠳᠭᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠡᠬᠢ ᠪᠠᠶᠠᠯᠢᠭ᠎ᠢ ᠠᠷᠪᠢᠳᠠᠢ ᠡᠷᠴᠢᠮᠯᠢᠭ ᠂ ᠥᠨᠳᠥᠷ ᠪᠦᠲᠦᠮᠵᠢᠲᠡᠢ ᠪᠡᠷ ᠠᠱᠢᠭ᠍ᠯᠠᠬᠤ᠎ᠶ᠋ᠢ ᠲᠤᠪᠤᠢ᠌ᠯᠭᠠᠨ ᠂ ᠨᠡᠩ ᠤᠯᠠᠨ ᠲᠠᠭᠠᠭᠤᠯᠤᠬᠴᠢ ᠠᠵᠤ ᠠᠬᠤᠢᠯᠠᠯ᠎ᠤᠨ ᠰᠠᠭᠤᠷᠢᠰᠢᠬᠤ᠎ᠶ᠋ᠢ ᠲᠠᠲᠠᠵᠤ ᠂ ᠨᠡᠩ ᠤᠯᠠᠨ ᠨᠠᠷᠢᠯᠢᠭ ᠭᠦᠨᠵᠡᠭᠡᠢ ᠡᠳ᠋ᠱᠢᠭᠦᠯᠦᠨ ᠪᠣᠯᠪᠠᠰᠤᠷᠠᠭᠤᠯᠬᠤ ᠲᠦᠷᠦᠯ ᠵᠦᠢᠯ᠎ᠢ ᠪᠣᠳᠠᠲᠠᠢ᠎ᠳᠤ ᠨᠠᠢᠳᠠᠪᠤᠷᠢᠵᠢᠭᠤᠯᠵᠤ ᠂ ᠡᠬᠢ ᠪᠠᠶᠠᠯᠢᠭ᠎ᠢ ᠠᠵᠤ ᠦᠢᠯᠡᠰᠵᠢᠭᠦᠯᠦᠨ ᠨᠡᠭᠡᠭᠡᠨ ᠠᠱᠢᠭ᠍ᠯᠠᠬᠤ᠎ᠶ᠋ᠢ ᠬᠦᠴᠦᠯᠡᠨ ᠠᠬᠢᠭᠤᠯᠬᠤ ᠬᠡᠷᠡᠭ᠌ᠲᠡᠢ ᠬᠡᠵᠤ ᠢᠯᠡᠷᠭᠡᠢᠯᠡᠪᠡ᠃ 《ᠳᠠᠭᠠᠭᠠᠴᠠ᠎ᠪᠠᠷ ᠡᠨᠧᠷᠬᠢ ᠵᠢ ᠲᠣᠬᠢᠷᠠᠭᠤᠯᠬᠤ ᠂ ᠡᠨᠧᠷᠬᠢ᠎ᠪᠠᠷ ᠲᠤᠤᠷ᠎ᠢ ᠪᠠᠢᠭᠤᠯᠬᠤ ᠂ ᠲᠤᠤᠷ᠎ᠢᠶᠠᠷ ᠦᠨ᠎ᠡ᠎ᠶ᠋ᠢ ᠲᠣᠭ᠍ᠲᠠᠭᠠᠬᠤ ᠂ ᠦᠨ᠎ᠡ᠎ᠪᠡᠷ ᠬᠤᠳᠠᠯᠳᠤᠭᠠᠴᠢᠨ᠎ᠢ ᠲᠠᠲᠠᠬᠤ ᠂ ᠬᠡᠮᠵᠢᠶ᠎ᠡ᠎ᠶ᠋ᠢ᠎ᠨᠢ ᠨᠡᠮᠡᠭ᠌ᠳᠡᠭᠦᠯᠦᠨ ᠲᠤᠤᠷ᠎ᠢ ᠲᠣᠬᠢᠷᠠᠭᠤᠯᠬᠤ ᠂ ᠪᠣᠬᠢᠷᠲᠤᠯ ᠥᠬᠡᠶ ᠴᠠᠬᠢᠯᠭᠠᠨ᠎ᠢ ᠱᠢᠭᠤᠳ ᠬᠠᠩᠭᠠᠬᠤ ᠂ ᠲᠤᠬᠠᠶ᠎ᠶ᠋ᠢᠨ ᠭᠠᠵᠠᠷ᠎ᠲᠤᠨᠢ ᠰᠢᠩᠭᠡᠭᠡᠬᠦ᠂ ᠦᠯᠡᠳᠡᠪᠦᠷᠢ ᠴᠠᠬᠢᠯᠭᠠᠨ᠎ᠢ ᠲᠤᠤᠷ᠎ᠲᠤ ᠣᠷᠣᠭᠤᠯᠬᠤ》 ᠵᠠᠷᠴᠢᠮ᠎ᠢ ᠪᠠᠷᠢᠮᠲᠠᠯᠠᠨ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠵᠤ ᠂ ᠱᠢᠨ᠎ᠡ ᠡᠨᠧᠷᠭᠢ + ᠨᠡᠮᠡᠭ᠌ᠳᠡᠯ ᠬᠡᠮᠵᠢᠶ᠎ᠡ᠎ᠪᠡᠷ ᠴᠠᠬᠢᠯᠭᠠᠨ ᠲᠤᠤᠷ ᠲᠤᠬᠢᠷᠠᠭᠤᠯᠬᠤ + ᠣᠲᠣ ᠦᠶ᠎ᠡ᠎ᠶ᠋ᠢᠨ ᠠᠵᠤ ᠦᠶ᠋ᠯᠡᠰ᠎ᠦᠨ 《n + 1 + n》 ᠠᠵᠤ ᠦᠶ᠋ᠯᠡᠰ᠎ᠦᠨ ᠪᠦᠲᠦᠴᠡ᠎ᠶ᠋ᠢ ᠪᠠᠢᠭᠤᠯᠵᠤ ᠂ ᠦᠶ᠋ᠯᠡᠳᠪᠦᠷᠢᠯᠡᠯ᠎ᠦᠨ ᠡᠯᠧᠮᠧᠨ᠋ᠲ᠎ᠦᠨ ᠥᠪᠡᠷ᠎ᠦᠨ ᠥᠷᠲᠡᠭ᠎ᠦᠨ ᠴᠤᠬᠯᠠᠷᠠᠯ ᠭᠠᠵᠠᠷ᠎ᠢ ᠪᠠᠢᠭᠤᠯᠬᠤ ᠬᠡᠷᠡᠭ᠌ᠲᠡᠶ᠃《 ᠪᠢᠳᠡ ᠡᠷᠴᠢ ᠵᠣᠷᠢᠭ᠎ᠢᠶᠠᠨ ᠬᠥᠪᠴᠢᠯᠡᠵᠦ᠍ ᠂ ᠠᠸ᠋ᠭ᠎ᠠ ᠰᠠᠨᠠᠭ᠎ᠠ ᠡᠷᠡᠯᠬᠡᠭ ᠵᠣᠷᠢᠭ᠎ᠢ ᠪᠣᠶ ᠪᠣᠯᠭᠠᠨ ᠂ ᠬᠥᠭ᠌ᠵᠢᠯᠲᠡ᠎ᠶ᠋ᠢᠨ ᠢᠲᠡᠭᠡᠯ ᠵᠣᠷᠢᠭ᠎ᠢᠶᠠᠨ ᠪᠠᠲᠤᠳᠭᠠᠵᠤ ᠂ ᠶᠡᠷᠦᠩᠬᠡᠶ ᠬᠡᠮᠵᠢᠶ᠎ᠡ᠎ᠪᠡᠨ ᠪᠤᠵᠠᠭᠠᠢᠷᠠᠭᠤᠯᠤᠨ ᠂ ᠡᠳ᠋ ᠬᠥᠷᠥᠩᠭᠡ᠎ᠪᠡᠨ ᠭᠦᠶ᠋ᠴᠡᠳ ᠬᠤᠷᠠᠮᠳᠤᠭᠤᠯᠵᠤ ᠂ ᠲᠡᠷᠢᠭᠦᠨ᠎ᠦ᠎ᠬᠢ ᠪᠣᠯᠬᠤ᠎ᠪᠠᠷ ᠴᠢᠷᠮᠠᠢᠬᠤ ᠂ ᠳᠠᠪᠠᠵᠤ ᠬᠥᠭᠡᠭᠡᠵᠦ᠍ ᠭᠦᠶ᠋ᠴᠡᠬᠦ᠌ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠶ》 ᠭᠡᠵᠦ᠍ ᠭᠦᠸᠧ ᠲᠢᠶᠠᠨ ᠪᠦᠦ ᠬᠡᠯᠡᠪᠡ᠃