《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠭᠤᠤᠯᠳᠠᠯᠭ᠎ᠠ᠎ᠪᠠᠨ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠂ ᠲᠡᠷᠢᠭᠦᠨ᠎ᠦ ᠦᠶ᠋ᠯᠡᠳᠬᠦ᠌ ᠦᠶ᠋ᠯᠡᠰ᠂ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ ᠂ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ ᠪᠠ ᠣᠷᠣᠨ ᠪᠦᠰᠡ᠎ᠶ᠋ᠢᠨ ᠲᠥᠪ ᠬᠣᠲᠠ᠂ ᠰᠠᠭᠤᠷᠢ ᠲᠥᠬᠥᠭᠡᠷᠦᠮᠵᠢ᠎ᠶ᠋ᠢᠨ ᠲᠦᠯᠦᠪ ᠵᠢᠶᠠᠰᠠ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠳᠤᠲᠠᠭᠤᠳᠠᠯ᠎ᠤᠨ ᠬᠦᠷᠢᠶᠡᠨ᠎ᠳᠦ ᠵᠠᠷᠢᠮ ᠲᠣᠮᠣ ᠲᠥᠷᠥᠯ ᠵᠦᠶ᠋ᠯ᠂ ᠰᠠᠢᠨ ᠲᠥᠷᠥᠯ ᠵᠦᠶ᠋ᠯ᠎ᠢ ᠠᠳᠭᠤᠨ᠎ᠠ ᠭᠡᠵᠤ ᠲᠤᠷᠠᠳᠪᠠ᠃ ᠳᠤᠮᠳᠠᠳᠤ ᠤᠯᠤᠰ᠎ᠤᠨ ᠬᠣᠶᠠᠳᠤᠭᠠᠷ ᠲᠡᠮᠦᠷᠯᠢᠭ ᠬᠠᠢᠯᠤᠭᠤᠯᠬᠤ ᠪᠦᠯᠦᠭᠯᠡᠯ ᠤ᠋ᠨ ᠬᠢᠵᠠᠭᠠᠷᠳᠤ ᠺᠤᠮᠫᠠᠨᠢ ᠶᠡᠷᠦᠩᠬᠡᠢ ᠬᠡᠯᠲᠡᠰ ᠵᠢᠡᠨ ᠥᠪᠡᠷᠲᠡᠭᠡᠨ ᠵᠠᠰᠠᠬᠤ ᠣᠷᠣᠨ᠎ᠳᠤ ᠪᠠᠢᠭᠤᠯᠤᠭ᠍ᠰᠠᠨ ᠴᠤᠷ᠎ᠤᠨ ᠭᠠᠭ᠍ᠴᠠ ᠪᠠᠷᠢᠯᠭ᠎ᠠ᠎ᠶ᠋ᠢᠨ ᠲᠦᠷᠦᠯ᠎ᠦᠨ ᠲᠥᠪ᠎ᠤᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠪᠢᠳᠡ ᠬᠣᠯᠪᠣᠭ᠍ᠳᠠᠯ ᠪᠦᠬᠦᠢ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠣᠷᠣᠨ ᠨᠤᠲᠤᠭ᠎ᠤᠨ ᠠᠵᠤ ᠠᠬᠤᠢ᠎ᠶ᠋ᠢᠨ ᠬᠥᠭ᠌ᠵᠢᠯᠲᠡ᠎ᠳᠦ ᠬᠦᠴᠦᠨ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨ ᠬᠣᠶᠠᠳᠤᠭᠠᠷ ᠲᠡᠮᠦᠷᠯᠢᠭ ᠬᠠᠢᠯᠤᠭᠤᠯᠬᠤ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢ᠂ ᠶᠡᠷᠦᠩᠬᠡᠶ ᠳᠠᠭᠠᠭᠠᠮᠠᠯ᠂ ᠨᠠᠮ᠎ᠤᠨ ᠬᠣᠷᠢᠶᠠᠨ᠎ᠤ ᠳᠡᠳ᠋ ᠱᠦᠵᠢ ᠭᠧᠩ ᠶᠦᠩ ᠸᠠᠩ ᠬᠡᠯᠡᠪᠡ᠃

ᠳᠤᠮᠳᠠᠳᠤ ᠤᠯᠤᠰ᠎ᠤᠨ ᠬᠣᠶᠠᠳᠤᠭᠠᠷ ᠲᠡᠮᠦᠷᠯᠢᠭ ᠬᠠᠢᠯᠤᠭᠤᠯᠬᠤ ᠪᠦᠯᠦᠭᠯᠡᠯ ᠤ᠋ᠨ ᠬᠢᠵᠠᠭᠠᠷᠳᠤ ᠺᠣᠮᠫᠠᠨᠢ 60 ᠭᠠᠷᠤᠢ ᠵᠢᠯ᠎ᠦᠨ ᠬᠥᠭ᠌ᠵᠢᠯᠲᠡ᠎ᠶ᠋ᠢᠨ ᠶᠠᠪᠤᠴᠠ᠎ᠳᠠᠭᠠᠨ᠂ ᠲᠥᠪ᠎ᠤᠨ ᠠᠵᠤ ᠠᠬᠤᠢᠯᠠᠯ᠎ᠤᠨ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠵᠦ᠍᠂ ᠥᠪᠡᠷᠲᠡᠭᠡᠨ ᠵᠠᠰᠠᠬᠤ ᠣᠷᠣᠨ᠎ᠳᠤ ᠥᠪᠥᠷ ᠮᠣᠩᠭᠣᠯ᠎ᠤᠨ ᠨᠠᠮ ᠵᠠᠰᠠᠭ᠎ᠤᠨ ᠲᠤᠮᠤ ᠠᠰᠠᠷ᠂ ᠥᠪᠥᠷ ᠮᠣᠩᠭᠣᠯ᠎ᠤᠨ ᠦᠵᠡᠰᠭᠦᠯᠡᠩ᠎ᠦᠨ ᠣᠷᠳᠣᠨ᠂ ᠬᠥᠬᠡᠬᠣᠲᠠ᠎ᠶ᠋ᠢᠨ ᠴᠡᠯᠡᠭᠡᠷ ᠲᠠᠯ᠎ᠠ ᠲᠤᠮᠤ ᠬᠥᠭᠥᠷᠭᠡ᠂ ᠤᠷᠳᠤᠰ ᠮᠦᠽᠧᠢ ᠵᠡᠷᠭᠡ ᠭᠠᠵᠠᠷ᠎ᠤᠨ ᠪᠠᠷᠢᠮᠵᠢᠶᠠᠲᠤ ᠴᠢᠨᠠᠷᠲᠠᠢ ᠪᠠᠷᠢᠯᠭ᠎ᠠ᠎ᠶ᠋ᠢ ᠪᠠᠢᠭᠤᠯᠵᠤ ᠥᠭ᠌ᠴᠡᠢ᠃ ᠭᠸᠩ ᠶᠦᠩ ᠸᠠᠩ᠂ ᠲᠥᠪ᠎ᠤᠨ ᠠᠵᠤ ᠠᠬᠤᠢᠯᠠᠯ ᠡᠬᠢ ᠪᠠᠶᠠᠯᠢᠭ᠎ᠤᠨ ᠳᠠᠪᠠᠭᠤᠯᠢᠭ᠎ᠢᠶᠡᠨ ᠪᠠᠳᠠᠷᠠᠭᠤᠯᠤᠨ ᠬᠦᠳᠦᠯᠦᠨ ᠳᠠᠭᠠᠭᠤᠯᠬᠤ ᠪᠠ ᠳᠠᠭᠠᠭᠤᠯᠤᠨ ᠪᠣᠭᠣᠮᠲᠠ ᠱᠢᠪᠲᠤᠯᠬᠤ ᠦᠢᠯᠡᠳᠦᠯ ᠦᠵᠡᠭᠦᠯᠵᠦ᠍ ᠴᠢᠳᠠᠨ᠎ᠠ᠃ ᠲᠥᠪ ᠪᠠ ᠣᠷᠣᠨ ᠨᠤᠲᠤᠭ ᠬᠣᠶᠠᠷ ᠲᠠᠯ᠎ᠠ᠎ᠶ᠋ᠢᠨ ᠠᠱᠢᠭ ᠲᠤᠰᠠ᠎ᠶ᠋ᠢᠨ ᠠᠳᠠᠯᠢ ᠲᠠᠯ᠎ᠠ᠎ᠶ᠋ᠢ ᠭᠦᠢᠴᠡᠳ ᠠᠭᠤᠳᠠᠯᠵᠤ᠂ ᠲᠥᠪ ᠪᠠ ᠣᠷᠣᠨ ᠨᠤᠲᠤᠭ᠎ᠤᠨ ᠬᠠᠮᠲᠤᠷᠠᠯᠴᠠᠭᠠᠨ᠎ᠤ ᠰᠠᠢ᠌ᠨ ᠰᠠᠢᠬᠠᠨ ᠲᠣᠭ᠍ᠲᠠᠴᠠ᠎ᠶ᠋ᠢ ᠪᠠᠢᠭᠤᠯᠬᠤ ᠨᠢ ᠡᠯ᠎ᠡ ᠭᠠᠵᠠᠷ ᠣᠷᠣᠨ᠎ᠤ ᠬᠠᠷᠢᠴᠠᠭᠤᠯᠤᠭ᠍ᠰᠠᠨ ᠳᠠᠪᠠᠭᠤᠯᠢᠭ ᠪᠠ ᠡᠬᠢ ᠪᠠᠶᠠᠯᠢᠭ᠎ᠤᠨ ᠲᠠᠪᠠᠭᠤᠯᠢᠭ᠎ᠢ ᠭᠦᠢᠴᠡᠳ ᠰᠠᠢᠲᠤᠷ ᠠᠱᠢᠭ᠍ᠯᠠᠵᠤ᠂ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠨᠡᠩ ᠥᠨᠳᠥᠷ ᠲᠦᠪᠱᠢᠨ ᠲᠡᠢᠰᠢ ᠠᠬᠢᠭᠤᠯᠬᠤ᠎ᠳᠤ ᠠᠱᠢᠭ᠍ᠲᠠᠢ ᠶᠤᠮ᠃
ᠭᠧᠩ ᠶᠦᠩ ᠸᠠᠩ᠂ ᠥᠪᠥᠷ ᠮᠣᠩᠭᠣᠯ᠎ᠤᠨ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠴᠢᠭ᠌ᠯᠡᠯ᠎ᠦᠨ ᠲᠣᠭᠣᠷᠢᠨ᠎ᠳᠤ᠂ ᠲᠥᠪ᠎ᠤᠨ ᠠᠵᠤ ᠠᠬᠤᠢᠯᠠᠯ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠲᠤᠢᠯ᠎ᠤᠨ ᠣᠨᠣᠪᠴᠢᠲᠠᠶ᠎ᠪᠠᠷ ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠵᠤ ᠠᠪᠴᠢᠷᠠᠬᠤ᠎ᠶ᠋ᠢ ᠣᠨᠢᠯᠠᠵᠤ᠂ ᠨᠠᠩ ᠣᠯᠠᠨ ᠴᠢᠨᠠᠷ ᠰᠠᠢᠲᠠᠶ ᠠᠵᠤ ᠠᠬᠤᠢᠯᠠᠯ᠎ᠢ ᠥᠪᠥᠷ ᠮᠣᠩᠭᠣᠯ᠎ᠳᠤ ᠣᠷᠣᠭᠤᠯᠵᠤ᠂ ᠣᠷᠣᠨ ᠨᠤᠲᠤᠭ᠎ᠤᠨ ᠠᠵᠤ ᠠᠬᠤᠶ᠎ᠯᠤᠭ᠎ᠠ ᠭᠦᠨᠵᠡᠭᠡᠶ ᠬᠠᠮᠵᠢᠯᠴᠠᠨ ᠬᠥᠭ᠌ᠵᠢᠭᠦᠯᠵᠦ᠍᠂ ᠠᠭᠤᠰᠤᠯᠴᠠᠭᠤᠯᠤᠨ ᠬᠥᠭ᠌ᠵᠢᠭᠦᠯᠪᠡᠯ ᠵᠤᠬᠢᠨ᠎ᠠ; ᠡᠭᠦᠨ᠎ᠡᠴᠡ ᠭᠠᠳᠠᠨ᠎ᠠ᠂ ᠳᠤᠮᠳᠠ ᠪᠠᠭ᠎ᠠ ᠠᠵᠤ ᠠᠬᠤᠢᠯᠠᠯ ᠪᠣᠯ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠪᠡᠯᠡᠳᠭᠡᠯ ᠬᠦᠴᠦᠨ ᠮᠥᠨ᠂ ᠨᠡᠮᠡᠭ᠌ᠳᠡᠯ᠎ᠢ ᠠᠬᠢᠭᠤᠯᠬᠤ᠂ ᠠᠵᠢᠯ ᠣᠯᠭᠣᠯᠲᠠ᠎ᠶ᠋ᠢ ᠪᠠᠲᠤᠯᠠᠬᠤ᠂ ᠵᠠᠬ᠎ᠠ ᠳᠡᠯᠭᠡᠭᠦᠷ᠎ᠢ ᠬᠥᠭ᠌ᠵᠢᠶᠡᠨᠲᠡᠶ ᠪᠣᠯᠭᠠᠬᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠪᠠᠳᠠᠷᠠᠭᠤᠯᠵᠤ ᠪᠠᠢᠭ᠎ᠠ ᠪᠣᠯᠬᠣᠷ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠡᠴᠡ ᠳᠤᠮᠳᠠ ᠪᠠᠭ᠎ᠠ ᠵᠢᠵᠢᠭ ᠠᠵᠤ ᠠᠬᠤᠢᠯᠠᠯ᠎ᠢ ᠦᠷᠭᠦᠯᠵᠢᠯᠡᠨ ᠭᠤᠤᠯᠳᠠᠯᠭ᠎ᠠ᠎ᠲᠠᠶ ᠠᠩᠬᠠᠷᠴᠤ᠌ ᠲᠡᠮᠵᠢᠪᠠᠯ ᠵᠤᠬᠢᠨ᠎ᠠ ᠭᠡᠵᠤ ᠰᠠᠨᠠᠭᠤᠯᠪᠠ᠃
ᠭ᠌ᠸᠩ ᠶᠦᠩ ᠸᠠᠩ᠄ 《2023 ᠣᠨ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢᠨ ᠲᠣᠭᠣᠷᠢᠨ᠎ᠳᠤ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠵᠠᠮ ᠬᠠᠷᠢᠯᠴᠠᠭ᠎ᠠ᠂ ᠤᠰᠤᠨ ᠠᠱᠢᠭ᠍ᠯᠠᠯᠲᠠ᠎ᠶ᠋ᠢᠨ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠵᠡᠷᠭᠡ ᠲᠠᠯ᠎ᠠ᠎ᠪᠠᠷ ᠵᠠᠬ᠎ᠠ ᠳᠡᠯᠭᠡᠭᠦᠷ᠎ᠦᠨ ᠠᠵᠠ ᠲᠣᠬᠢᠶᠠᠯ᠎ᠢ ᠠᠮᠵᠢᠵᠤ᠂ ᠣᠷᠣᠨ ᠨᠤᠲᠤᠭ᠎ᠤᠨ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠦᠶ᠋ᠯᠡᠴᠢᠯᠡᠵᠦ᠍᠂ ᠨᠠᠩ ᠣᠯᠠᠨ ᠠᠷᠠᠳ᠎ᠤᠨ ᠠᠮᠢᠳᠤᠷᠠᠯ᠎ᠤᠨ ᠢᠨᠵᠧᠨᠧᠷᠢᠩ᠂ ᠠᠷᠠᠳ᠎ᠲᠤ ᠠᠱᠢᠭ ᠬᠦᠷᠲᠡᠭᠡᠬᠦ᠌ ᠢᠨᠵᠧᠨᠧᠷᠢᠩ᠎ᠢ ᠪᠠᠢᠭᠤᠯᠤᠨ᠎ᠠ》 ᠭᠡᠵᠤ ᠬᠡᠯᠡᠪᠡ᠃