ᠨᠠᠷᠠᠰᠤ ᠭᠡᠱᠢᠭᠦᠨ᠄ ᠥᠪᠥᠷ ᠮᠣᠩᠭᠣᠯ᠎ᠤᠨ ᠡᠪᠡᠰᠦᠨ᠎ᠦ ᠠᠵᠤ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠤᠨ᠎ᠠ
2023-01-16 11:38:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠣᠶ ᠱᠢᠭᠤᠶ ᠡᠪᠡᠰᠦᠨ᠎ᠦ ᠠᠵᠤ ᠦᠶ᠋ᠯᠡᠰ᠎ᠦᠨ ᠬᠡᠯᠬᠢᠶ᠎ᠡ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠨᠢᠭᠡ ᠲᠠᠯ᠎ᠠ᠎ᠪᠠᠷ〈ᠲᠡᠵᠢᠭᠡᠬᠦ᠌᠎ᠶ᠋ᠢᠨ ᠲᠥᠯᠥᠭᠡ ᠳᠠᠷᠢᠬᠤ〉 ᠶ᠋ᠢ ᠠᠳᠭᠤᠵᠤ᠂ ᠡᠪᠡᠰᠦ ᠪᠣᠷᠳᠣᠭᠠᠨ᠎ᠤ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ ᠴᠢᠨᠠᠷ ᠰᠠᠢᠲᠠᠶ ᠡᠪᠡᠰᠦ ᠪᠣᠷᠳᠣᠭ᠎ᠠ ᠳᠠᠷᠢᠬᠤ ᠬᠡᠪᠴᠢᠶ᠎ᠡ᠎ᠶ᠋ᠢ ᠲᠣᠭ᠍ᠲᠠᠪᠤᠷᠢᠵᠢᠭᠤᠯᠵᠤ᠂ ᠬᠢᠶᠠᠭ ᠡᠪᠡᠰᠦᠨ᠎ᠦ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ; ᠨᠦᠭᠦᠭᠡ ᠲᠠᠯ᠎ᠠ᠎ᠪᠠᠷ〈 ᠠᠮᠢ ᠠᠬᠤᠶ᠎ᠪᠠᠷ ᠮᠠᠯᠴᠢᠳ᠎ᠲᠤ ᠠᠱᠢᠭ ᠬᠦᠷᠲᠡᠭᠡᠬᠦ᠌ 〉 ᠶ᠋ᠢ ᠠᠳᠭᠤᠵᠤ᠂ ᠠᠮᠢ ᠠᠬᠤᠶ᠎ᠶ᠋ᠢᠨ ᠡᠪᠡᠰᠦᠨ᠎ᠦ ᠦᠶ᠋ᠯᠡᠰ᠎ᠢ ᠶᠡᠬᠡ ᠪᠡᠷ ᠬᠥᠭ᠌ᠵᠢᠭᠦᠯᠦᠨ᠂ ᠥᠷᠭᠡᠨ ᠠᠭᠤᠳᠠᠮ ᠲᠠᠯ᠎ᠠ ᠨᠤᠲᠤᠭ ᠡᠯᠡᠰᠦᠷᠬᠡᠭ ᠭᠠᠵᠠᠷ᠎ᠢ〈ᠡᠷᠳᠡᠨᠢ᠎ᠶ᠋ᠢᠨ ᠰᠠᠨᠭ᠌〉᠂ 〈 ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠬᠥᠮᠥᠷᠭᠡ〉 ᠪᠣᠯᠭᠠᠨ ᠬᠤᠪᠢᠷᠠᠭᠤᠯᠤᠨ᠎ᠠ᠃ ᠡᠨᠡ ᠨᠢ ᠮᠢᠨᠦ᠍ ᠠᠵᠢᠯ᠎ᠲᠠᠶ ᠨᠢᠭ᠍ᠲᠠ ᠬᠣᠯᠪᠣᠭ᠎ᠠ᠎ᠲᠠᠶ᠂ ᠪᠢ ᠮᠠᠰᠢ ᠵᠣᠷᠢᠭ᠍ᠵᠢᠵᠤ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠠᠮᠢ ᠠᠬᠤᠶ ᠬᠢᠭᠡᠳ ᠲᠠᠷᠢᠶᠠᠯᠠᠩ᠎ᠤᠨ ᠴᠠᠭ ᠠᠭᠤᠷ᠎ᠤᠨ ᠲᠥᠪ᠎ᠦᠨ ᠳᠡᠭᠡᠳᠦ ᠵᠡᠷᠭᠡ᠎ᠶ᠋ᠢᠨ ᠢᠨᠵᠧᠨᠧᠷ ᠨᠠᠷᠠᠰᠤ ᠬᠡᠯᠡᠪᠡ᠃


downLoad-20230116113024.jpg


ᠣᠢᠷ᠎ᠠ᠎ᠶ᠋ᠢᠨ ᠵᠢᠯ᠎ᠡᠴᠡ ᠨᠠᠭᠠᠰᠢ᠂ ᠮᠠᠯ ᠪᠡᠯᠴᠢᠭᠡᠷ᠎ᠦᠨ ᠵᠥᠷᠢᠴᠡᠯ ᠲᠣᠪᠣᠢᠮ᠎ᠠ ᠪᠠᠢᠬᠤ᠂ ᠴᠢᠨᠠᠷ ᠰᠠᠢᠲᠠᠶ ᠲᠡᠵᠢᠭᠡᠯ ᠡᠪᠡᠰᠦ ᠪᠣᠷᠳᠣᠭ᠎ᠠ ᠳᠤᠲᠠᠭ᠍ᠳᠠᠵᠤ ᠪᠠᠢᠬᠤ᠂ ᠪᠠᠢᠭᠠᠯᠢᠯᠢᠭ ᠨᠤᠲᠤᠭ ᠪᠡᠯᠴᠢᠭᠡᠷ᠎ᠦᠨ ᠳᠠᠷᠤᠯᠲᠠ ᠲᠠᠰᠤᠷᠠᠯᠲᠠ ᠥᠬᠡᠶ ᠨᠡᠮᠡᠭ᠌ᠳᠡᠵᠦ᠍ ᠪᠠᠢᠬᠤ ᠵᠡᠷᠭᠡ ᠪᠠᠢᠳᠠᠯ᠎ᠳᠤ ᠴᠢᠭ᠌ᠯᠡᠭᠦᠯᠦᠨ᠂ ᠥᠪᠥᠷ ᠮᠣᠩᠭᠣᠯ ᠲᠠᠷᠢᠮᠠᠯ ᠪᠡᠯᠴᠢᠭᠡᠷ᠎ᠦᠨ ᠪᠥᠲᠥᠭᠡᠨ ᠪᠠᠢᠭᠤᠯᠤᠯᠲᠠ᠎ᠶ᠋ᠢ ᠴᠢᠷᠮᠠᠢᠨ ᠴᠢᠩᠭᠠᠳᠭᠠᠵᠤ᠂ ᠬᠥᠭ᠌ᠵᠢᠯᠲᠡ᠎ᠶ᠋ᠢᠨ ᠬᠢᠷᠢ ᠲᠦᠪᠱᠢᠨ ᠲᠠᠰᠤᠷᠠᠯᠲᠠ ᠥᠬᠡᠶ ᠳᠡᠭᠡᠭ᠌ᠰᠢᠯᠡᠭ᠌ᠰᠡᠨ ᠪᠣᠯᠪᠠᠴᠤ᠌  ᠴᠠᠷᠭᠠᠰᠤ ᠵᠡᠷᠭᠡ ᠡᠪᠡᠰᠦᠨ᠎ᠦ ᠠᠵᠤ ᠦᠶ᠋ᠯᠡᠰ᠎ᠦᠨ ᠬᠥᠭ᠌ᠵᠢᠯᠲᠡ᠎ᠨᠢ ᠱᠢᠨ᠎ᠡ ᠴᠠᠭ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠭᠠᠷᠳᠠᠯᠭ᠎ᠠ ᠲᠠᠢ ᠪᠠᠰᠠ ᠵᠥᠷᠢᠶ᠎ᠡ᠎ᠲᠡᠶ ᠪᠠᠢᠨ᠎ᠠ᠃

ᠨᠠᠷᠠᠰᠤ᠂ ᠳᠥᠷᠪᠡᠨ ᠲᠠᠯ᠎ᠠ᠎ᠪᠠᠷ ᠥᠪᠥᠷ ᠮᠣᠩᠭᠣᠯ᠎ᠤᠨ ᠡᠪᠡᠰᠦᠨ᠎ᠦ ᠠᠵᠤ ᠦᠶ᠋ᠯᠡᠰ᠎ᠦᠨ ᠪᠤᠵᠠᠭᠠᠢᠷᠠᠨ ᠬᠦᠴᠦᠷᠬᠡᠭ᠌ᠵᠢᠬᠦ᠌᠎ᠶ᠋ᠢ ᠠᠬᠢᠭᠤᠯᠪᠠᠯ ᠵᠤᠬᠢᠨ᠎ᠠ᠄ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠵᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠵᠣᠬᠢᠴᠠᠭᠤᠯᠤᠨ ᠬᠥᠮᠦᠨ᠎ᠦ ᠬᠦᠴᠦ᠍᠎ᠪᠡᠷ ᠡᠪᠡᠰᠦ ᠳᠠᠷᠢᠬᠤ ᠪᠥᠲᠥᠭᠡᠨ ᠪᠠᠢᠭᠤᠯᠤᠯᠲᠠ᠎ᠳᠤ ᠨᠥᠬᠥᠪᠥᠷᠢ ᠥᠭ᠌ᠬᠦ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠬᠦ ᠴᠢᠬᠤᠯᠠᠳᠠᠢ;ᠨᠢᠭᠡᠳᠦᠯᠲᠡᠶ ᠲᠥᠯᠥᠪᠵᠢᠭᠦᠯᠵᠦ᠍᠂ ᠡᠯ᠎ᠡ ᠭᠠᠵᠠᠷ᠎ᠤᠨ ᠬᠢᠨ ᠲᠤᠬᠠᠶ᠎ᠶ᠋ᠢᠨ ᠭᠠᠵᠠᠷ᠎ᠤᠨ ᠤᠰᠤᠨ᠎ᠤ ᠡᠬᠢ ᠪᠠᠶᠠᠯᠢᠭ ᠪᠣᠯᠤᠨ ᠭᠠᠵᠠᠷ ᠱᠢᠷᠣᠶ᠎ᠶ᠋ᠢᠨ ᠪᠠᠢᠳᠠᠯ᠎ᠢᠶᠠᠨ ᠦᠨᠳᠦᠰᠦᠯᠡᠨ ᠡᠪᠡᠰᠦᠨ᠎ᠦ ᠠᠵᠤ ᠦᠶ᠋ᠯᠡᠰ᠎ᠢ ᠬᠥᠭ᠌ᠵᠢᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠲᠠᠷᠢᠬᠤ ᠬᠡᠪᠴᠢᠶ᠎ᠡ᠎ᠪᠡᠨ ᠲᠣᠭ᠍ᠲᠠᠭᠠᠬᠤ ᠴᠢᠬᠤᠯᠠᠳᠠᠢ; ᠡᠪᠡᠰᠦᠨ᠎ᠤ ᠦᠢᠯᠡᠰ ᠮᠠᠯ ᠠᠵᠤ ᠠᠬᠤᠢ ᠵᠢ ᠵᠡᠷᠭᠡ ᠎ᠳᠤᠨᠢ ᠬᠥᠭ᠌ᠵᠢᠭᠦᠯᠦᠨ᠂ ᠠᠵᠤ ᠦᠢᠯᠡᠰ᠎ᠤᠨ ᠬᠡᠯᠬᠢᠶ᠎ᠡ᠎ᠶ᠋ᠢ ᠲᠡᠭᠦᠯᠳᠡᠷᠵᠢᠭᠦᠯᠬᠦ᠌ ᠪᠠ ᠤᠷᠲᠤᠳᠭᠠᠵᠤ᠂ ᠲᠠᠷᠢᠶᠠᠴᠢᠨ ᠮᠠᠯᠴᠢᠳ ᠢ᠋ ᠲᠠᠢ᠌ᠴᠢᠯᠠᠨ ᠡᠪᠡᠰᠦ ᠲᠡᠷᠢᠵᠤ ᠲᠡᠵᠢᠭᠡᠨ ᠦᠷᠡᠵᠢᠭᠦᠯᠬᠦ᠌᠎ᠶ᠋ᠢ ᠬᠥᠭ᠌ᠵᠢᠭᠦᠯᠵᠦ᠍᠂ ᠵᠠᠬᠢᠶᠠᠯᠠᠭ᠎ᠠ᠎ᠪᠠᠷ ᠦᠢᠯᠡᠳᠪᠦᠷᠢᠯᠡᠬᠦ᠌᠂ ᠲᠤᠬᠠᠢ᠎ᠶ᠋ᠢᠨ ᠭᠠᠵᠠᠷ᠎ᠲᠤᠨᠢ ᠤᠨᠳᠤᠣᠰᠢᠭᠤᠯᠬᠤ᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠬᠦ ᠴᠢᠬᠤᠯᠠᠳᠠᠢ; ᠦᠶ᠋ᠯᠡᠳᠪᠦᠷᠢᠯᠡᠯ᠂ ᠵᠢᠭᠠᠨ ᠰᠤᠷᠭᠠᠯᠳᠠ᠂ ᠰᠤᠳᠤᠯᠭᠠᠨ᠂ ᠳᠡᠯᠭᠡᠷᠡᠭᠦᠯᠦᠯᠳᠠ᠎ᠶ᠋ᠢ ᠬᠠᠷᠢᠯᠴᠠᠨ ᠤᠶᠠᠯᠳᠤᠭᠤᠯᠬᠤ ᠬᠡᠯᠪᠡᠷᠢ᠎ᠶ᠋ᠢ ᠠᠪᠴᠤ᠌᠂ ᠥᠪᠥᠷ ᠮᠣᠩᠭᠣᠯ᠎ᠤᠨ ᠡᠪᠡᠰᠦᠨ᠎ᠦ ᠠᠵᠤ ᠦᠶ᠋ᠯᠡᠰ᠎ᠦᠨ ᠮᠡᠷᠭᠡᠵᠢᠯ᠎ᠦᠨ ᠴᠢᠳᠠᠪᠤᠷᠢᠲᠠᠨ᠂ ᠱᠢᠰᠲ᠋ᠧᠮ ᠪᠣᠯᠤᠨ ᠡᠬᠢ ᠪᠠᠶᠠᠯᠢᠭ᠎ᠤᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠤᠨ᠂ ᠮᠡᠷᠭᠡᠵᠢᠯ᠎ᠦᠨ ᠰᠤᠳᠤᠯᠤᠨ ᠨᠡᠭᠡᠭᠡᠬᠦ᠌ ᠬᠢᠭᠡᠳ ᠦᠶ᠋ᠯᠡᠴᠢᠯᠡᠭᠡᠨ᠎ᠦ ᠨᠢᠭᠡᠨ ᠰᠠᠯᠠᠭ᠎ᠠ ᠲᠣᠭ᠍ᠲᠠᠪᠤᠷᠢᠲᠠᠶ ᠡᠩᠨᠡᠭᠡ᠎ᠶ᠋ᠢ ᠪᠠᠢᠭᠤᠯᠬᠤ ᠴᠢᠬᠤᠯᠠᠳᠠᠢ᠃

《ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ ᠪᠣᠯ ᠲᠣᠰ ᠬᠤᠭᠤᠴᠠᠭᠠᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠱᠢᠨ᠎ᠡ᠎ᠪᠡᠷ ᠨᠡᠮᠡᠭ᠌ᠳᠡᠭ᠌ᠰᠡᠨ ᠡᠲᠡᠭᠡᠳ ᠢᠯᠭᠠᠯ ᠮᠥᠨ᠂ ᠲᠡᠭᠦᠨ᠎ᠦ ᠳᠣᠲᠣᠷᠠᠬᠢ ᠨᠢᠭᠡᠨ ᠭᠡᠱᠢᠭᠦᠨ ᠪᠣᠯᠤᠭ᠍ᠰᠠᠨ᠎ᠤ ᠬᠤᠪᠢ᠎ᠳᠤ ᠪᠢ ᠮᠠᠰᠢ ᠦᠩᠭᠡ ᠬᠡᠷᠡᠯᠲᠠᠶ ᠰᠠᠨᠠᠭ᠍ᠳᠠᠵᠤ ᠪᠠᠢᠨ᠎ᠠ᠃ ᠪᠢ ᠯᠠᠪᠲᠠᠶ ᠲᠤᠰᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠵᠦ᠍᠂ ᠥᠪᠥᠷ ᠮᠣᠩᠭᠣᠯ᠎ᠤᠨ ᠡᠪᠡᠰᠦᠨ᠎ᠦ ᠠᠵᠤ ᠦᠶ᠋ᠯᠡᠰ᠎ᠦᠨ ᠬᠥᠭ᠌ᠵᠢᠯᠲᠡ᠎ᠳᠦ ᠥᠪᠡᠷ᠎ᠦᠨ ᠬᠤᠪᠢ ᠨᠡᠮᠡᠷᠢ᠎ᠪᠡᠨ ᠦᠵᠡᠭᠦᠯᠦᠨ᠎ᠡ》 ᠭᠡᠵᠦ᠍ ᠨᠠᠷᠠᠰᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号