18 ᠬᠤᠪᠢ ᠰᠠᠨᠠᠯ ᠵᠥᠪᠯᠡᠯᠭᠡ᠎ᠵᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠶᠡᠬᠡ ᠬᠤᠷᠠᠯ᠎ᠤᠨ ᠰᠠᠨᠠᠯ ᠵᠥᠪᠯᠡᠯᠭᠡ᠎ᠪᠡᠷ ᠲᠤᠭᠳᠠᠭᠠᠪᠠ
2023-01-16 12:29:46
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 15᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠳᠥᠷᠪᠡᠳᠦᠭᠡᠷ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠪᠠᠲᠤᠯᠠᠵᠤ᠂ ᠮᠡᠳᠡᠭᠦᠯᠦᠯᠲᠡ᠎ᠶ᠋ᠢ ᠪᠦᠬᠦ᠌ ᠲᠥᠯᠥᠭᠡᠯᠡᠭ᠌ᠴᠢᠳ᠎ᠲᠦ ᠳᠠᠷᠤᠮᠠᠯᠯᠠᠨ ᠲᠠᠷᠬᠠᠭᠠᠬᠤ᠎ᠪᠠᠷ ᠲᠣᠭ᠍ᠲᠠᠪᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭ᠌ᠴᠢᠳ ᠦᠨᠳᠦᠰᠦᠨ ᠬᠠᠤᠯᠢ᠂ ᠬᠠᠤᠯᠢ ᠴᠠᠭᠠᠵᠠ᠎ᠠᠴᠠ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠶᠡᠬᠡ ᠬᠤᠷᠠᠯ᠎ᠠᠴᠠ ᠲᠣᠭ᠍ᠲᠠᠭᠠᠭ᠍ᠰᠠᠨ ᠰᠠᠨᠠᠯ ᠵᠥᠪᠯᠡᠯᠭᠡ ᠬᠦᠯᠢᠶᠡᠨ ᠠᠪᠬᠤ ᠬᠠᠮᠤᠭ᠎ᠤᠨ ᠡᠴᠦᠰ᠎ᠤᠨ ᠴᠠᠭ (1 ᠰᠠᠷ᠎ᠠ᠎ᠶ᠋ᠢᠨ 13 ᠎ᠤ᠋ ᠡᠳᠦᠷ᠎ᠦᠨ 12 ᠴᠠᠭ) ᠬᠦᠷᠲᠡᠯ᠎ᠡ ᠂ ᠰᠠᠨᠠᠯ ᠵᠥᠪᠯᠡᠯᠭᠡ᠎ᠶ᠋ᠢᠨ ᠰᠠᠨᠠᠭᠤᠯᠭ᠎ᠠ᠎ᠶ᠋ᠢᠨ ᠳᠤᠭᠤᠢᠯᠠᠩ᠎ᠤᠨ᠎ᠬᠢᠨ ᠨᠡᠢᠲᠡ 21 ᠬᠤᠪᠢ ᠰᠠᠨᠠᠯ ᠵᠥᠪᠯᠡᠯᠭᠡ᠎ᠶ᠋ᠢ ᠬᠤᠷᠢᠶᠠᠨ ᠤᠯᠵᠤ᠂ ᠲᠡᠭᠦᠨ᠎ᠦ ᠳᠣᠲᠣᠷᠠᠬᠢ 19 ᠬᠤᠪᠢ᠎ᠵᠢ ᠰᠠᠨᠠᠯ ᠵᠥᠪᠯᠡᠯᠭᠡ᠎ᠶ᠋ᠢᠨ ᠦᠨᠳᠦᠰᠦᠨ ᠱᠠᠭᠠᠷᠳᠠᠯᠭ᠎ᠠ᠎ᠳᠤ ᠨᠡᠢᠴᠡᠨ᠎ᠡ ᠭᠡᠵᠦ᠍ ᠦᠵᠡᠪᠡ᠃ ᠡᠨᠡ 19 ᠬᠤᠪᠢ ᠰᠠᠨᠠᠯ ᠵᠥᠪᠯᠡᠯᠭᠡ᠎ᠶ᠋ᠢᠨ ᠳᠣᠲᠣᠷᠠᠬᠢ 2 ᠬᠤᠪᠢ ᠨᠢ ᠰᠣᠩᠭᠣᠬᠰᠠᠨ ᠰᠡᠳᠦᠪ ᠨᠢ ᠠᠳᠠᠯᠢ ᠪᠤᠯᠬᠤᠷ ᠨᠡᠢᠯᠡᠭᠦᠯᠦᠨ ᠱᠢᠶ᠋ᠳᠪᠦᠷᠢᠯᠡᠵᠦ᠍ ᠂ ᠨᠡᠢᠲᠡ 18 ᠬᠤᠪᠢ ᠰᠠᠨᠠᠯ ᠵᠥᠪᠯᠡᠯᠭᠡ᠎ᠶ᠋ᠢ ᠲᠣᠭ᠍ᠲᠠᠭᠠᠪᠠ᠃ ᠡᠭᠦᠨ᠎ᠦ ᠳᠣᠲᠣᠷ᠎ᠠ ᠬᠠᠤᠯᠢ ᠲᠣᠭ᠍ᠲᠠᠭᠠᠬᠤ ᠲᠠᠯ᠎ᠠ ᠪᠡᠷ ᠬᠢ 12 ᠵᠦᠢᠯ᠎ᠦᠨ ᠰᠠᠨᠠᠯ ᠵᠥᠪᠯᠡᠯᠭᠡ᠂ ᠬᠢᠨᠠᠯᠲᠠ ᠲᠠᠯᠪᠢᠬᠤ ᠲᠠᠯ᠎ᠠ᠎ᠪᠡᠷ ᠬᠢ  6 ᠵᠦᠢᠯ᠎ᠦᠨ ᠰᠠᠨᠠᠯ ᠵᠥᠪᠯᠡᠯᠭᠡ  ᠪᠠᠢᠨ᠎ᠠ᠃

ᠬᠤᠷᠠᠯ᠎ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠰᠠᠨᠠᠯ ᠵᠥᠪᠯᠡᠯᠭᠡ᠎ᠶ᠋ᠢ ᠬᠢᠨᠠᠨ ᠪᠠᠢᠴᠠᠭᠠᠬᠤ ᠵᠥᠪᠯᠡᠯ ᠬᠤᠷᠠᠯ ᠬᠢᠵᠦ᠂ ᠡᠯ᠎ᠡ ᠵᠦᠶ᠋ᠯ᠎ᠦᠨ ᠰᠠᠨᠠᠯ ᠵᠥᠪᠯᠡᠯᠭᠡ᠎ᠶ᠋ᠢ ᠨᠠᠷᠢᠨ ᠬᠢᠨᠠᠮᠠᠭᠠᠶ ᠬᠢᠨᠠᠨ ᠪᠠᠢᠴᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号