ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠍᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ 895 ᠬᠤᠪᠢ ᠰᠠᠨᠠᠯ ᠳᠤᠷᠠᠳᠤᠯᠭ᠎ᠠ ᠬᠤᠷᠢᠶᠠᠨ ᠤᠯᠪᠠ
2023-01-16 12:32:31
ᠵᠣᠬᠢᠶᠠᠭ᠍ᠴᠢ᠄
ᠰᠢᠦᠢ ᠶᠤᠸᠠᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶᠢ ᠬᠢᠨᠠᠨ ᠪᠠᠢᠴᠠᠭᠠᠬᠤ ᠵᠥᠪᠯᠡᠯ᠎ᠡᠴᠡ ᠣᠢᠯᠠᠭᠠᠭᠰᠠᠨ ᠵᠢᠡᠷ᠂ 1 ᠰᠠᠷ᠎ᠠ᠎ᠶᠢᠨ 13 ᠤ᠋ ᠡᠳᠦᠷ᠎ᠦᠨ 18 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ ᠨᠡᠢ᠍ᠢᠳᠡ 895 ᠬᠤᠪᠢ ᠰᠠᠨᠠᠯ ᠳᠤᠷᠠᠳᠤᠯᠭ᠎ᠠ ᠬᠤᠷᠢᠶᠠᠨ ᠤᠯᠪᠠ᠃ ᠠᠩᠬ᠎ᠠ ᠠᠯᠬᠤᠮ ᠬᠢᠨᠠᠨ ᠪᠠᠢᠴᠠᠭᠠᠬᠤ᠎ᠪᠠᠷ ᠳᠠᠮᠵᠢᠭᠠᠳ 135 ᠰᠠᠨᠠᠯ ᠲᠤᠷᠠᠳᠤᠯᠭ᠎ᠠ᠎ᠵᠢ ᠨᠡᠢᠯᠡᠭᠦᠯᠵᠦ᠂ ᠮᠡᠳᠡᠭᠡ ᠵᠠᠩᠭᠢ ᠪᠠ ᠰᠠᠨᠠᠯ ᠰᠠᠨᠠᠭᠤᠯᠭ᠎ᠠ᠎ᠶᠢ 79 ᠬᠤᠪᠢ ᠳᠠᠮᠵᠢᠭᠤᠯᠵᠤ᠂ 816 ᠬᠤᠪᠢ ᠵᠢ ᠨᠢ ᠳᠠᠩᠰᠠᠯᠠᠬᠤ᠎ᠪᠠᠷ ᠲᠥᠯᠥᠪᠯᠡᠪᠡ᠃

ᠲᠣᠰ ᠤᠳᠠᠭ᠎ᠠ ᠵᠢᠨ ᠶᠡᠬᠡ ᠬᠤᠷᠠᠯ᠎ᠤᠨ ᠰᠠᠨᠠᠯ ᠳᠤᠷᠠᠳᠤᠯᠭ᠎ᠠ᠎ᠶᠢᠨ ᠰᠡᠳᠦᠪ ᠰᠣᠩᠭᠣᠯᠲᠠ ᠨᠠᠩ ᠣᠨᠣᠪᠴᠢᠲᠠᠶ᠂ ᠪᠤᠳᠤᠯᠬᠢᠯᠠᠯ ᠨᠠᠩ ᠭᠦᠨᠵᠡᠭᠡᠢ᠂ ᠰᠠᠨᠠᠭᠤᠯᠭ᠎ᠠ ᠨᠠᠩ ᠪᠣᠳᠠᠲᠠᠢ ᠪᠠᠢᠵᠦ᠂ ᠴᠢᠨᠠᠷ ᠴᠢᠨᠰᠠᠭ᠎ᠠ ᠨᠢ ᠢᠯᠡᠳᠲᠡ ᠳᠡᠭᠡᠭᠰᠢᠯᠡᠪᠡ ᠃ ᠥᠷᠭᠡᠨ ᠤᠯᠠᠨ ᠭᠡᠰᠢᠭᠦᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠨᠠᠯ ᠳᠤᠷᠠᠳᠤᠯᠭ᠎ᠠ᠎ᠶᠢᠨ ᠭᠣᠣᠯ ᠰᠡᠳᠦᠪ ᠭᠣᠣᠯ ᠱᠤᠭᠤᠮ ᠪᠣᠯᠭᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ《ᠵᠢᠱ᠌ᠢᠶᠡᠴᠢ ᠥᠪᠡᠷᠲᠡᠭᠡᠨ ᠵᠠᠰᠠᠬᠤ ᠤᠷᠤᠨ》ᠢ᠋ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠲᠠᠢ ᠨᠢᠭ᠍ᠲᠠ ᠤᠶᠠᠯᠳᠤᠭᠤᠯᠤᠨ ᠨᠠᠷᠢᠨ ᠨᠢᠮᠪᠠᠢ ᠰᠡᠳᠦᠪ ᠰᠣᠩᠭᠣᠵᠤ᠂ ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠵᠤ᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠭᠠᠷᠭᠠᠨ ᠠᠷᠭ᠎ᠠ ᠪᠤᠳᠤᠯᠭ᠎ᠠ ᠲᠡᠪᠰᠢᠭᠦᠯᠪᠡ᠃ ᠳᠠᠩᠰᠠᠯᠠᠬᠤ᠎ᠪᠠᠷ ᠪᠠᠢᠭ᠎ᠠ ᠰᠠᠨᠠᠯ ᠲᠤᠷᠠᠳᠤᠯᠭ᠎ᠠ ᠢ᠋ᠢᠨ ᠳᠣᠲᠣᠷ᠎ᠠ᠂ ᠭᠡᠰᠢᠭᠦᠳ ᠬᠤᠪᠢ ᠬᠥᠮᠥᠨ ᠪᠠ ᠭᠡᠰᠢᠭᠦᠳ ᠬᠠᠮᠳᠤᠷᠠᠨ ᠲᠤᠷᠠᠳᠤᠬᠰᠠᠨ ᠰᠠᠨᠠᠯ ᠲᠤᠷᠠᠳᠤᠯᠭ᠎ᠠ 557 ᠬᠤᠪᠢ ᠪᠠᠢᠵᠦ᠂ 68.26% ᠶ᠋ᠢ ᠡᠵᠡᠯᠡᠪᠡ;ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ᠎ᠤᠨ ᠪᠦᠯᠬᠦᠮ᠂ ᠤᠯᠤᠰ ᠲᠦᠷᠦ᠎ᠶᠢᠨ ᠵᠥᠪᠯᠡᠯᠭᠡᠨ᠎ᠦ ᠲᠤᠰᠬᠠᠢ ᠵᠦᠪᠯᠡᠯ ᠪᠠ ᠡᠲᠡᠭᠡᠳ ᠢᠯᠭᠠᠯ᠎ᠤᠨ ᠳᠤᠷᠠᠳᠤᠭᠰᠠᠨ ᠰᠠᠨᠠᠯ ᠲᠤᠷᠠᠳᠤᠯᠭ᠎ᠠ 259 ᠬᠤᠪᠢ ᠪᠠᠢᠵᠤ᠂ 31.74%᠎ᠶᠢ ᠡᠵᠡᠯᠡᠪᠡ᠃ ᠡᠭᠦᠨ᠎ᠳᠤ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ 355 ᠬᠤᠪᠢ ᠪᠠᠢᠵᠤ᠂ 43.5% ᠶ᠋ᠢ ᠡᠵᠡᠯᠡᠪᠡ; ᠤᠯᠤᠰ ᠲᠦᠷᠦ᠎ᠶᠢᠨ ᠪᠠᠢᠭᠤᠯᠤᠯᠲᠠ᠎ᠶᠢᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ 68 ᠬᠤᠪᠢ ᠪᠠᠢᠵᠤ᠂ 8.34% ᠶ᠋ᠢ ᠡᠵᠡᠯᠡᠪᠡ; ᠰᠣᠶᠣᠯ᠎ᠤᠨ ᠪᠠᠢᠭᠤᠯᠤᠯᠲᠠ᠎ᠶᠢᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ 63 ᠬᠤᠪᠢ ᠪᠠᠢᠵᠤ᠂ 7.72%᠎ᠢ ᠡᠵᠡᠯᠡᠪᠡ; ᠨᠡᠢᠭᠡᠮ᠎ᠦᠨ ᠪᠠᠢᠭᠤᠯᠤᠯᠲᠠ᠎ᠶᠢᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ 263 ᠬᠤᠪᠢ ᠪᠠᠢᠵᠤ᠂ 32.23% ᠶ᠋ᠢ ᠡᠵᠡᠯᠡᠪᠡ; ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ 67 ᠬᠤᠪᠢ ᠪᠠᠢᠵᠤ᠂ 8.21% ᠶ᠋ᠢ ᠡᠵᠡᠯᠡᠪᠡ᠃

ᠣᠢᠯᠠᠭᠠᠭᠰᠠᠨ᠎ᠢᠶᠠᠷ ᠂ ᠬᠤᠷᠠᠯ ᠲᠡᠭᠦᠰᠦᠭᠰᠡᠨ᠎ᠦ ᠳᠠᠷᠠᠭ᠎ᠠ ᠶᠡᠬᠡ ᠬᠤᠷᠠᠯ ᠠ᠋ᠴᠠ ᠪᠣᠶ ᠪᠦᠬᠦᠢ ᠰᠠᠨᠠᠯ ᠳᠤᠷᠠᠳᠤᠯᠭ᠎ᠠ᠎ᠶᠢ ᠳᠠᠬᠢᠨ ᠬᠢᠨᠠᠬᠤ᠎ᠶᠢᠨ ᠬᠠᠮᠲᠤ ᠡᠴᠦᠰ᠎ᠤᠨ ᠬᠢᠨᠠᠨ ᠪᠠᠢᠴᠠᠭᠠᠭᠰᠠᠨ ᠦᠷ᠎ᠡ ᠳ᠋ᠦᠩ᠎ᠢ ᠲᠣᠭᠲᠠᠭᠠᠨ᠎ᠠ᠃ ᠲᠣᠰ ᠤᠳᠠᠭ᠎ᠠ᠎ᠶᠢᠨ ᠬᠤᠷᠠᠯ᠎ᠤᠨ ᠲᠠᠩᠰᠠᠯᠠᠬᠰᠠᠨ ᠰᠠᠨᠠᠯ ᠳᠤᠷᠠᠳᠤᠯᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠍᠎ᠶᠢᠨ ᠵᠥᠪᠯᠡᠯᠭᠡᠨ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠲᠠᠢ ᠬᠠᠮᠲᠤᠷᠠᠨ ᠰᠠᠨᠠᠯ ᠳᠤᠷᠠᠳᠤᠯᠭ᠎ᠠ᠎ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠵᠤ ᠂ ᠡᠯ᠎ᠡ ᠳᠠᠭᠠᠭᠠᠨ ᠰᠢᠢᠳᠪᠦᠷᠢᠯᠡᠬᠦ ᠨᠢᠭᠡᠴᠢ᠎ᠳᠦ ᠬᠤᠪᠢᠶᠠᠨ ᠬᠦᠷᠭᠡᠵᠦ ᠰᠢᠢᠳᠪᠦᠷᠢᠯᠡᠭᠦᠯᠦᠨ᠎ᠡ; ᠲᠤᠰ ᠤᠳᠠᠭ᠎ᠠ ᠵᠢᠨ ᠬᠤᠷᠠᠯ᠎ᠤᠨ ᠰᠠᠨᠠᠯ ᠲᠤᠷᠠᠳᠤᠯᠭ᠎ᠠ ᠳᠤᠷᠠᠳᠬᠤ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠭᠥᠯᠢᠶᠡᠨ ᠠᠪᠤᠭᠰᠠᠨ ᠰᠠᠨᠠᠯ ᠲᠤᠷᠠᠳᠤᠯᠭ᠎ᠠ᠎ᠶᠢ ᠬᠢᠨᠠᠨ ᠪᠠᠢᠴᠠᠭᠠᠭᠠᠳ ᠳᠠᠩᠰᠠᠯᠠᠭᠰᠠᠨ᠎ᠤ ᠳᠠᠷᠠᠭ᠎ᠠ ᠡᠩ᠎ᠦᠨ ᠦᠶ᠎ᠡ᠎ᠶᠢᠨ ᠰᠠᠨᠠᠯ ᠲᠤᠷᠠᠳᠤᠯᠭ᠎ᠠ ᠪᠣᠯᠭᠠᠵᠤ ᠳᠠᠭᠠᠭᠠᠨ ᠬᠦᠢᠴᠡᠳᠬᠡᠬᠦ ᠨᠢᠭᠡᠴᠢ᠎ᠳᠦ ᠴᠠᠭ ᠲᠤᠬᠠᠢ ᠳ᠋ᠤᠨᠢ ᠲᠤᠰᠢᠶᠠᠵᠤ ᠰᠢᠢᠳᠪᠦᠷᠢᠯᠡᠭᠦᠯᠦᠨ᠎ᠡ; ᠳᠠᠩᠰᠠᠯᠠᠬᠰᠠᠨ ᠦᠭᠡᠢ ᠰᠠᠨᠠᠯ ᠲᠤᠷᠠᠳᠤᠯᠭ᠎ᠠ᠎ᠶᠢ ᠪᠠᠢᠳᠠᠯ᠎ᠢ ᠨᠢ ᠦᠵᠡᠵᠦ ᠪᠠᠢᠭᠠᠳ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ ᠵᠢᠨ ᠮᠡᠳᠡᠭᠡ ᠵᠠᠩᠭᠢ ᠵᠡᠷᠭᠡ ᠬᠡᠯᠪᠡᠷᠢ᠎ᠪᠡᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠦ ᠰᠢᠯᠵᠢᠭᠦᠯᠦᠨ ᠬᠦᠷᠭᠡᠵᠦ ᠯᠠᠪᠯᠠᠯᠲᠠ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号