1 ᠰᠠᠷ᠎ᠠ᠎ᠶ᠋ᠢᠨ 14 ᠤ᠋ ᠥᠷᠯᠥᠭᠡ᠎ᠶ᠋ᠢᠨ 3 ᠴᠠᠭ᠎ᠲᠤ ᠂ ᠦᠬᠠᠢᠪᠠᠷᠠᠭᠤᠨ ᠦᠷᠳᠡᠭᠡ᠎ᠳᠦ ᠂ 4 ᠴᠠᠭ ᠭᠠᠷᠤᠶ ᠠᠵᠢᠯᠯᠠᠭ᠍ᠰᠠᠨ᠎ᠤ ᠳᠠᠷᠠᠭ᠎ᠠ ᠂ ᠳᠦᠭᠦᠷᠡᠩ ᠨᠡᠭᠦᠷᠡᠰᠦ ᠠᠴᠢᠶᠠᠯᠠᠬᠰᠠᠨ 3 ᠴᠤᠪᠤᠭ᠎ᠠ ᠭᠠᠯᠲᠤ ᠲᠡᠷᠭᠡ ᠥᠷᠲᠡᠭᠡᠨ᠎ᠡᠴᠡ ᠠᠯᠭᠤᠷᠬᠠᠨ ᠭᠠᠷᠪᠠ᠃ ᠤᠳᠠᠯ ᠥᠬᠡᠶ ᠂ ᠲᠠᠳᠠ ᠣᠷᠳᠣᠰ ᠬᠣᠲᠠ ᠂ ᠪᠤᠭᠤᠲᠤ ᠬᠣᠲᠠ ᠵᠡᠷᠭᠡ ᠭᠠᠵᠠᠷ᠎ᠤᠨ ᠨᠡᠭᠦᠷᠡᠰᠦᠨ᠎ᠦ ᠭᠠᠯᠲᠤ ᠲᠡᠷᠭᠡ᠎ᠲᠡᠶ ᠬᠥᠬᠡᠬᠣᠲᠠ᠎ᠶ᠋ᠢᠨ ᠡᠮᠦᠨ᠎ᠡ ᠥᠷᠲᠡᠭᠡᠨ᠎ᠳᠦ ᠴᠤᠭ᠍ᠯᠠᠷᠠᠵᠤ ᠂ ᠳᠠᠷᠠᠭ᠎ᠠ ᠨᠢ ᠪᠥᠬᠥ᠌ ᠤᠯᠤᠰ᠎ᠤᠨ ᠡᠯ᠎ᠡ ᠭᠠᠵᠠᠷ᠎ᠲᠤ ᠬᠥᠷᠬᠥ᠌ ᠪᠣᠯᠤᠨ᠎ᠠ᠃
2022 ᠣᠨ᠎ᠳᠤ ᠂ ᠪᠥᠬᠥ᠌ ᠣᠷᠣᠨ᠎ᠤ ᠨᠡᠭᠦᠷᠡᠰᠦᠨ᠎ᠦ ᠭᠠᠷᠤᠯᠲᠠ 12.2 ᠳ᠋ᠦᠩᠱᠢᠭᠤᠷ ᠲᠣᠨ᠎ᠳᠤ ᠬᠦᠷᠴᠦ᠍ ᠂ 9.45 ᠳ᠋ᠦᠩᠱᠢᠭᠤᠷ ᠲᠣᠨ᠎ᠤ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ ᠪᠡᠶᠡᠯᠡᠭᠦᠯᠵᠦ᠍ ᠂ ᠪᠥᠬᠥ᠌ ᠤᠯᠤᠰ᠎ᠲᠤ ᠲᠡᠷᠢᠭᠦᠯᠡᠪᠡ᠃ ᠥᠪᠥᠷ ᠮᠣᠩᠭᠣᠯ᠎ᠤᠨ ᠨᠡᠭᠦᠷᠡᠰᠦ ᠬᠠᠭᠠᠰ ᠳᠤᠮᠳᠠᠳᠤ ᠤᠯᠤᠰ᠎ᠢ ᠳᠤᠯᠠᠭᠠᠯᠠᠪᠠ᠃
ᠥᠩᠭᠡᠷᠡᠭ᠌ᠰᠡᠨ ᠨᠢᠭᠡ ᠵᠢᠯ᠎ᠳᠦ ᠂ ᠥᠪᠥᠷ ᠮᠣᠩᠭᠣᠯ ᠪᠦᠬᠦ᠌ ᠤᠯᠤᠰ᠎ᠤᠨ ᠶᠡᠬᠡ ᠲᠠᠯ᠎ᠠ᠎ᠳᠤ ᠵᠣᠭ᠍ᠰᠣᠵᠤ ᠂ ᠲᠠᠪᠤᠨ ᠶᠡᠬᠡ ᠡᠭᠦᠷᠭᠡ᠎ᠶ᠋ᠢᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ ᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ ᠂ ᠡᠨᠧᠷᠭᠢ᠎ᠶ᠋ᠢᠨ ᠠᠮᠤᠷ ᠲᠦᠪᠱᠢᠨ ᠂ ᠠᠮᠤ ᠪᠤᠳᠠᠭᠠᠨ᠎ᠤ ᠠᠮᠤᠷ ᠲᠦᠪᠱᠢᠨ ᠂ ᠠᠵᠤ ᠦᠢᠯᠡᠰ᠎ᠦᠨ ᠠᠮᠤᠷ ᠲᠦᠪᠱᠢᠨ ᠂ ᠬᠢᠯᠢ ᠬᠢᠵᠠᠭᠠᠷ᠎ᠤᠨ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠪᠠᠲᠤᠯᠠᠪᠠ᠃
2022 ᠣᠨ᠎ᠳᠤ ᠪᠥᠬᠥ᠌ ᠣᠷᠣᠨ᠎ᠤ ᠴᠠᠬᠢᠯᠭᠠᠨ ᠭᠠᠷᠭᠠᠭ᠍ᠰᠠᠨ ᠬᠡᠮᠵᠢᠶ᠎ᠡ 6465 ᠳ᠋ᠦᠩᠱᠢᠭᠤᠷ ᠭᠷᠠᠳᠦᠢ᠍ᠰᠲᠤ ᠬᠦᠷᠴᠦ᠍ ᠂ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ 2640 ᠳ᠋ᠦᠩᠱᠢᠭᠤᠷ ᠭᠷᠠᠳᠦᠢ᠍ᠰᠲᠤ ᠬᠦᠷᠴᠦ᠍ ᠂ ᠪᠥᠬᠥ᠌ ᠤᠯᠤᠰ᠎ᠲᠤ ᠲᠡᠷᠢᠭᠦᠯᠡᠪᠡ᠃
ᠥᠪᠥᠷ ᠮᠣᠩᠭᠣᠯ᠎ᠤᠨ ᠠᠮᠤ ᠪᠤᠳᠠᠭ᠎ᠠ ᠂ ᠮᠢᠬ᠎ᠠ ᠂ ᠰᠦ ᠂ 《ᠳᠤᠮᠳᠠᠳᠤ ᠤᠯᠤᠰ 》 ᠤ᠋ᠨ ᠪᠤᠳᠠᠭᠠᠨ ᠠᠶᠠᠭ᠎ᠠ ᠵᠢ ᠡᠯᠪᠡᠭᠵᠢᠭᠦᠯᠪᠡ᠃ 2022 ᠣᠨ᠎ᠳᠤ ᠂ ᠪᠥᠬᠥ᠌ ᠣᠷᠣᠨ᠎ᠤ ᠠᠮᠤ ᠪᠤᠳᠠᠭᠠᠨ᠎ᠤ ᠭᠠᠷᠤᠯᠲᠠ 780 ᠳ᠋ᠦᠩᠱᠢᠭᠤᠷ ᠵᠢᠩ ᠂ ᠦᠨᠢᠶᠡᠨ ᠰᠦ ᠵᠢᠨ ᠭᠠᠷᠤᠯᠲᠠ 720 ᠲᠦᠮᠡᠨ ᠲᠣᠨ ᠂ ᠮᠢᠬᠠᠨ᠎ᠤ ᠭᠠᠷᠤᠯᠲᠠ 282 ᠲᠦᠮᠡᠨ ᠲᠣᠨ ᠪᠠᠢᠵᠤ ᠂ ᠴᠥᠮ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃
ᠥᠪᠥᠷ ᠮᠣᠩᠭᠣᠯ᠎ᠤᠨ ᠨᠣᠭᠣᠭᠠᠷᠠᠭᠤᠯᠤᠯᠲᠠ ᠨᠢ ᠪᠦᠬᠦ᠌ ᠤᠯᠤᠰ᠎ᠤᠨ ᠠᠷᠠᠳ ᠲᠦᠮᠡᠨ᠎ᠳᠦ ᠲᠡᠰ᠎ᠠᠴᠠ ᠳᠠᠪᠠᠭ᠍ᠰᠠᠨ 《 ᠨᠡᠭᠦᠷᠡᠰᠦᠲᠥ᠋ᠷᠥᠭ᠌ᠴᠢ᠎ᠶ᠋ᠢᠨ ᠬᠥᠮᠥᠷᠭᠡ 》 ᠪᠣᠯᠤᠨ ᠴᠡᠪᠡᠷ 《 ᠬᠦᠴᠢᠯᠲᠥ᠋ᠷᠥᠭ᠌ᠴᠢ᠎ᠶ᠋ᠢᠨ ᠪᠠᠭᠠᠷ》 ᠵᠢᠡᠷ ᠦᠨᠡᠯᠡᠭᠳᠡᠪᠡ᠃ 2022 ᠣᠨ᠎ᠳᠤ 474 ᠲᠦᠮᠡᠨ ᠮᠥ᠍ ᠣᠢᠵᠢᠭᠤᠯᠵᠤ ᠂ 1716 ᠲᠦᠮᠡᠨ ᠮᠥ᠍ ᠡᠪᠡᠰᠦ ᠳᠠᠷᠢᠵᠤ ᠂ ᠤᠯᠤᠰ᠎ᠤᠨ ᠣᠨ᠎ᠤ ᠲᠥᠯᠥᠪᠯᠡᠭᠡ᠎ᠶ᠋ᠢᠨ ᠡᠭᠦᠷᠭᠡ᠎ᠶ᠋ᠢ ᠴᠥᠮ ᠳᠠᠪᠠᠭᠤᠯᠤᠨ ᠪᠡᠶᠡᠯᠡᠭᠦᠯᠪᠡ᠃ 750 ᠲᠦᠮᠡᠨ ᠮᠦ᠍᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦᠷᠬᠡᠭ᠌ᠵᠢᠯ᠎ᠢ ᠵᠠᠰᠠᠬᠤ ᠡᠭᠦᠷᠭᠡ᠎ᠶ᠋ᠢ ᠪᠡᠶᠡᠯᠡᠭᠦᠯᠵᠦ᠍ ᠂ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃
ᠥᠪᠥᠷ ᠮᠣᠩᠭᠣᠯ᠎ᠤᠨ ᠡᠨᠧᠷᠭᠢ ᠂ ᠡᠬᠢ ᠪᠠᠶᠠᠯᠢᠭ ᠂ ᠭᠠᠵᠠᠷ ᠣᠷᠣᠨ ᠂ ᠨᠤᠲᠤᠭ ᠳᠡᠪᠢᠰᠭᠡᠷ ᠵᠡᠷᠭᠡ ᠲᠠᠯ᠎ᠠ᠎ᠪᠠᠷ᠎ᠬᠢ ᠶᠡᠷᠦᠩᠬᠡᠢᠯᠡᠭ᠌ᠰᠡᠨ ᠳᠠᠪᠠᠭᠤᠯᠢᠭ ᠢᠯᠡᠷᠬᠡᠢ ᠪᠠᠢᠵᠤ ᠂ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠭᠠᠨ ᠪᠥᠲᠥᠭᠡᠨ ᠪᠠᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠬᠤ ᠪᠥᠭᠡᠳ ᠪᠠᠰᠠ ᠴᠤ᠌ ᠥᠪᠥᠷ ᠮᠣᠩᠭᠣᠯ᠎ᠤᠨ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠰᠠᠭᠤᠷᠢᠯᠠᠬᠤ᠂ 《ᠤᠯᠤᠰ᠎ᠤᠨ ᠶᠡᠬᠡ ᠲᠠᠯ᠎ᠠ 》 ᠶ᠋ᠢ ᠪᠤᠳᠤᠯᠬᠢᠯᠠᠭᠰᠠᠨ ᠬᠠᠷᠢᠭᠤᠴᠠᠯᠭ᠎ᠠ ᠪᠣᠯᠤᠨ᠎ᠠ᠃
《 〈 ᠡᠬᠢᠯᠡᠯᠳᠡ ᠲᠤᠭᠳᠠᠭᠤᠨ ᠪᠠᠢᠬᠤ᠂ ᠡᠬᠢᠯᠡᠯᠳᠡ ᠰᠠᠢᠨ ᠪᠠᠢᠬᠤ〉 ᠶ᠋ᠢ ᠴᠢᠷᠮᠠᠢᠨ ᠪᠡᠶᠡᠯᠡᠭᠦᠯᠵᠦ᠍ ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠂ ᠪᠦᠬᠦᠯᠢ ᠴᠣᠭ᠍ᠴᠠ᠎ᠪᠠᠷ ᠰᠠᠢᠵᠢᠷᠠᠬᠤ ᠬᠥᠭ᠌ᠵᠢᠯᠲᠡ᠎ᠶ᠋ᠢᠨ ᠬᠠᠨᠳᠤᠰᠢ᠎ᠶ᠋ᠢ ᠪᠠᠲᠤᠯᠠᠨ᠎ᠠ》 ᠂ 《 ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠭᠣᠣᠯ ᠰᠡᠳᠦᠪ᠎ᠢ ᠪᠠᠲᠤ ᠡᠵᠡᠮᠳᠡᠵᠦ᠍ ᠂ ᠪᠦᠲᠦᠴᠡ᠎ᠶ᠋ᠢ ᠲᠤᠬᠢᠷᠠᠭᠤᠯᠬᠤ ᠂ ᠴᠢᠳᠠᠮᠵᠢ᠎ᠶ᠋ᠢ ᠬᠤᠪᠢᠷᠠᠭᠤᠯᠬᠤ ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠨ᠎ᠠ 》 ᠂ 《ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠤᠢ ᠪᠣᠯᠭᠠᠵᠤ ᠂ ᠠᠵᠤ ᠦᠢᠯᠡᠰ᠎ᠦᠨ ᠪᠦᠯᠦᠭ᠌ᠵᠢᠯ ᠂ ᠴᠢᠬᠤᠯᠠ ᠡᠯᠧᠮᠧᠨ᠋ᠲ᠎ᠦᠨ ᠪᠦᠯᠦᠭ᠌ᠵᠢᠯ ᠂ ᠡᠬᠢ ᠪᠠᠶᠠᠯᠢᠭ᠎ᠢ ᠠᠷᠪᠢᠯᠠᠬᠤ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠨ᠎ᠠ》 ᠁ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠲᠣᠭᠣᠷᠢᠨ᠎ᠳᠤ ᠪᠠᠢᠷᠢᠯᠠᠭᠤᠯᠤᠯᠲᠠ ᠬᠢᠵᠦ᠍ ᠂ ᠭᠠᠵᠠᠷ ᠪᠣᠯᠭᠠᠨ᠎ᠳᠤ ᠥᠪᠥᠷ ᠮᠣᠩᠭᠣᠯ᠎ᠤᠨ ᠶᠡᠬᠡ ᠲᠠᠯ᠎ᠠ᠎ᠶ᠋ᠢᠨ ᠤᠬᠠᠮᠰᠠᠷ ᠢ ᠢᠯᠡᠷᠡᠭᠦᠯᠪᠡ᠃
ᠶᠡᠬᠡ ᠲᠠᠯ᠎ᠠ᠎ᠶ᠋ᠢᠨ ᠰᠡᠳᠭᠢᠬᠦᠢ᠎ᠶ᠋ᠢ ᠬᠡᠷᠬᠢᠨ ᠪᠤᠢ ᠪᠣᠯᠭᠠᠵᠤ ᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠨᠡᠩ ᠶᠡᠭᠡ ᠡᠷᠭᠦᠬᠦ᠌ ᠪᠤᠢ? ᠡᠯ᠎ᠡ ᠭᠠᠵᠠᠷ᠎ᠤᠨ᠎ᠬᠢᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠣᠯᠵᠤ ᠂ ᠳᠠᠪᠠᠭᠤᠯᠢᠭᠣᠨᠴᠠᠯᠢᠭ ᠲᠠᠭᠠᠨ ᠰᠠᠭᠤᠷᠢᠯᠠᠨ ᠂ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ᠎ᠢ ᠠᠳᠬᠤᠵᠤ ᠂ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠠᠪᠴᠤ᠌ ᠂ ᠱᠢᠨ᠎ᠡ ᠦᠷᠢᠰᠦᠯᠳᠦᠭᠡᠨ᠎ᠤ ᠵᠠᠮ᠎ᠢ ᠨᠡᠭᠡᠭᠡᠪᠡ᠃
《ᠬᠣᠷᠴᠢᠨ ᠲᠣᠭᠣᠷᠢᠭ ᠡᠯᠪᠡᠭ ᠪᠠᠶᠠᠯᠢᠭ 〈 ᠰᠠᠯᠬᠢ ᠬᠡᠷᠡᠯᠴᠢ ᠴᠡᠨᠡᠭ ᠤᠨᠡᠬᠢ ᠪᠠᠶᠠᠯᠢᠭ 〉 ᠲᠦ᠍ ᠲᠦᠱᠢᠭ᠌ᠯᠡᠨ ᠂ ᠥᠪᠡᠷᠲᠡᠭᠡᠨ ᠵᠠᠰᠠᠬᠤ ᠣᠷᠣᠨ᠎ᠠᠴᠠ ᠲᠦᠩᠯᠢᠶᠣᠤ ᠬᠣᠲᠠ᠎ᠳᠤ ᠣᠯᠭᠣᠭ᠍ᠰᠠᠨ ᠱᠢᠨ᠎ᠡ ᠡᠨᠧᠷᠭᠢ᠎ᠶ᠋ᠢᠨ ᠲᠤᠨᠤᠬᠯᠠᠯ ᠦᠶ᠋ᠯᠡᠳᠬᠦ᠌ ᠰᠠᠭᠤᠷᠢᠨ ᠤ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ᠎ᠢ ᠪᠠᠲᠤ ᠡᠵᠡᠮᠳᠡᠵᠦ᠍ ᠂ ᠯᠦᠩ ᠮᠠ〈 ᠭᠤᠤᠯ ᠬᠡᠯᠬᠢᠶ᠎ᠡ〉 ᠵᠢᠨ ᠠᠵᠤ ᠠᠬᠤᠢᠯᠠᠯ᠎ᠢ ᠦᠷᠭᠦᠯᠵᠢᠯᠡᠨ ᠴᠢᠩᠭ᠎ᠠ ᠠᠳᠭᠤᠵᠤ ᠂ 2023 ᠣᠨ᠎ᠤ ᠱᠢᠨ᠎ᠡ ᠡᠨᠧᠷᠭᠢ᠎ᠶ᠋ᠢᠨ ᠲᠤᠨᠤᠭᠯᠠᠯ ᠦᠶ᠋ᠯᠡᠳᠬᠦ᠌ ᠰᠠᠭᠤᠷᠢᠨ᠎ᠢ ᠦᠨᠳᠦᠰᠦᠨ ᠴᠢᠳᠠᠮᠵᠢ᠎ᠲᠠᠶ ᠪᠣᠯᠭᠠᠬᠤ᠎ᠪᠠᠷ ᠴᠢᠷᠮᠠᠢᠵᠤ ᠂ 2026 ᠣᠨ᠎ᠳᠤ ᠥᠪᠥᠷ ᠮᠣᠩᠭᠣᠯ᠎ᠤᠨ ᠵᠡᠭᠦᠨ ᠬᠡᠰᠡᠭ᠎ᠦᠨ ᠳᠡᠭᠡᠳᠦ ᠲᠠᠰ᠎ᠤᠨ ᠲᠤᠨᠤᠭᠯᠠᠯ᠎ᠤᠨ ᠠᠵᠤ ᠦᠶ᠋ᠯᠡᠰ᠎ᠦᠨ ᠰᠠᠭᠤᠷᠢᠨ᠎ᠢ ᠪᠠᠢᠭᠤᠯᠤᠨ᠎ᠠ᠃ ᠡᠭᠦᠨ᠎ᠦ ᠬᠠᠮᠲᠤ ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ ᠂ 138 ᠲᠦᠮᠡᠨ ᠺᠢᠯᠦᠸᠠᠲ᠎ᠤᠨ ᠰᠠᠯᠬᠢᠨ ᠬᠦᠴᠦᠨ᠎ᠦ ᠴᠠᠬᠢᠯᠭᠠᠨ᠎ᠤ ᠰᠠᠭᠤᠷᠢᠨ ᠂ 20 ᠲᠦᠮᠡᠨ ᠺᠢᠯᠦᠸᠠᠲ᠎ᠤᠨ ᠪᠦᠬᠦ ᠱᠢᠶᠠᠨ᠎ᠤ ᠬᠡᠷᠡᠯᠴᠢ ᠴᠡᠨᠡᠭ ᠵᠡᠷᠭᠡ ᠰᠠᠯᠬᠢ ᠬᠡᠷᠡᠯᠴᠢ ᠴᠡᠨᠡᠭ᠎ᠦᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶ᠋ᠢ ᠰᠠᠢᠲᠤᠷ ᠠᠳᠭᠤᠵᠤ ᠂ ᠰᠠᠯᠬᠢ ᠬᠡᠷᠡᠯᠴᠢ ᠴᠡᠨᠡᠭ ᠨᠦᠭᠡᠴᠡ ᠡᠨ᠋ᠸᠷᠬᠢ ᠤᠰᠤᠲᠥ᠋ᠷᠥᠭ᠌ᠴᠢ᠎ᠵᠢ ᠨᠢᠭᠡ ᠴᠣᠭ᠍ᠴᠠᠵᠢᠭᠤᠯᠬᠤ ᠪᠥᠲᠥᠭᠡᠨ ᠪᠠᠢᠭᠤᠯᠤᠯᠲᠠ᠎ᠶ᠋ᠢᠨ ᠲᠠᠯ᠎ᠠ᠎ᠪᠠᠷ ᠤᠷᠢᠳ ᠵᠢᠡᠷ ᠱᠢᠪᠲᠤᠯᠤᠯᠲᠠ ᠬᠢᠵᠦ᠍ ᠂ ᠴᠠᠬᠢᠯᠭᠠᠨ ᠡᠭᠦᠰᠭᠡᠭ᠌ᠴᠢ ᠲᠤᠤᠷ ᠳᠠᠭᠠᠭᠠᠴᠠ ᠨᠥᠭᠡᠴᠡ᠎ᠶ᠋ᠢᠨ ᠡᠨᠧᠷᠭᠢ᠎ᠶ᠋ᠢᠨ ᠬᠠᠩᠭᠠᠯᠭ᠎ᠠ᠎ᠶ᠋ᠢᠨ ᠱᠢᠰᠲ᠋ᠧᠮ ᠤᠨ ᠲᠠᠯ᠎ᠠ᠎ᠪᠠᠷ ᠬᠡᠯᠪᠡᠷᠢᠵᠢᠭ᠌ᠰᠡᠨ ᠵᠠᠭ᠍ᠪᠤᠷ᠎ᠢ ᠭᠠᠷᠭᠠᠵᠤ ᠂ ᠪᠥᠬᠥ᠌ ᠣᠷᠣᠨ᠎ᠤ ᠡᠨᠧᠷᠭᠢ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠳᠤ ᠨᠠᠩ ᠣᠯᠠᠨ ᠬᠤᠪᠢ ᠨᠡᠮᠡᠷᠢ ᠦᠵᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠂ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠳᠠᠷᠤᠭ᠎ᠠ ᠺᠠᠩ ᠱᠢᠶᠤᠤ ᠳ᠋ᠦᠩ ᠬᠡᠯᠡᠪᠡ᠃
ᠪᠠᠶᠠᠨᠨᠠᠭᠤᠷ ᠬᠤᠳᠠ ᠳᠠᠪᠠᠭᠤᠯᠢᠭ ᠣᠨᠴᠠᠯᠢᠭ᠎ᠲᠠᠭᠠᠨ ᠰᠠᠭᠤᠷᠢᠯᠠᠵᠤ ᠂ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ᠎ᠢᠶᠡᠨ ᠲᠥᠪᠯᠡᠷᠡᠭᠦᠯᠵᠦ᠍ ᠤᠳᠤ ᠦᠶ᠎ᠡ᠎ᠶ᠋ᠢᠨ ᠲᠠᠷᠢᠶᠠᠯᠠᠩ᠎ᠢ ᠨᠠᠷᠢᠯᠢᠭ᠍ᠵᠢᠭᠤᠯᠪᠠ᠃ 《 ᠪᠦᠬᠦ᠌ ᠬᠤᠳᠠ᠎ᠪᠠᠷ᠎ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢᠨ ᠤᠯᠤᠰ᠎ᠤᠨ ᠲᠤᠷᠱᠢᠯᠲᠠ᠎ᠶ᠋ᠢᠨ ᠴᠡᠭ᠎ᠢ ᠪᠦᠬᠦ᠌ ᠲᠠᠯ᠎ᠠ᠎ᠪᠠᠷ ᠠᠬᠢᠭᠤᠯᠵᠤ ᠂ 5 ᠵᠢᠯ᠎ᠦᠨ ᠬᠤᠭᠤᠴᠠᠭᠠᠨ᠎ᠳᠤ ᠪᠦᠬᠦ᠌ ᠬᠤᠳᠠ᠎ᠶ᠋ᠢᠨ 1090 ᠲᠦᠮᠡᠨ ᠮᠦ᠍᠎ᠶ᠋ᠢᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠳᠦᠭᠡᠨ ᠪᠠᠢᠭᠤᠯᠵᠤ ᠂ ᠮᠠᠯ ᠠᠵᠤ ᠠᠬᠤᠢ ᠲᠠᠷᠢᠶᠠᠯᠠᠩ᠎ᠤᠨ ᠬᠡᠪᠴᠢᠶᠡᠵᠢᠯᠲᠡ ᠂ ᠠᠵᠤ ᠦᠢᠯᠡᠰᠵᠢᠯᠲᠡ ᠂ ᠲᠦᠷᠦᠯ ᠳᠡᠮᠳᠡᠭ᠌ᠵᠢᠯᠳᠡ ᠵᠢ ᠲᠦᠷᠭᠡᠳᠭᠡᠨ ᠠᠬᠢᠭᠤᠯᠵᠤ ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠳᠦᠭᠡᠨ ᠪᠠᠢᠭᠤᠯᠬᠤ ᠳᠤᠮᠳᠠ ᠱᠢᠨ᠎ᠡ ᠵᠢᠳᠬᠦᠯ ᠴᠢᠷᠮᠠᠢᠯᠭ᠎ᠠ ᠭᠠᠷᠭᠠᠪᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠂ ᠪᠠᠶᠠᠨᠨᠠᠭᠤᠷ ᠬᠣᠲᠠ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ ᠂ ᠬᠣᠲᠠ᠎ᠶ᠋ᠢᠨ ᠳᠠᠷᠤᠭ᠎ᠠ ᠸᠠᠩ ᡁᠢ ᠫᠢᠩ ᠬᠡᠯᠡᠪᠡ᠃
ᠤᠯᠠᠭᠠᠨᠬᠠᠳᠠ ᠬᠣᠲᠠ᠎ᠶ᠋ᠢᠨ ᠣᠩᠨᠢᠭᠤᠳ ᠬᠣᠱᠢᠭᠤ ᠨᠢ ᠬᠣᠷᠴᠢᠨ᠎ᠤ ᠡᠯᠡᠰᠦᠷᠬᠡᠭ ᠭᠠᠵᠠᠷ᠎ᠤᠨ ᠪᠠᠷᠠᠭᠤᠨ ᠵᠠᠬ᠎ᠠ᠎ᠳᠤ ᠪᠠᠢᠷᠢᠯᠠᠵᠤ ᠂ ᠡᠯᠡᠰᠦᠷᠬᠡᠭ ᠭᠠᠵᠠᠷ᠎ᠤᠨ ᠲᠠᠯᠠᠪᠠᠶ ᠨᠢ ᠪᠥᠬᠥ᠌ ᠬᠣᠱᠢᠭᠤᠨ᠎ᠤ ᠶᠡᠷᠦᠩᠬᠡᠶ ᠲᠠᠯᠠᠪᠠᠶ᠎ᠶ᠋ᠢᠨ 40% ᠭᠠᠷᠤᠢ᠎ᠶ᠋ᠢ ᠡᠵᠡᠯᠡᠵᠦ᠍ ᠂ ᠨᠣᠭᠣᠭᠠᠷᠠᠭᠤᠯᠬᠤ ᠪᠠᠶᠠᠵᠢᠬᠤ ᠬᠤᠤᠰ ᠠᠱᠢᠭ ᠭᠥᠷᠳᠡᠬᠦ᠌ ᠬᠥᠭ᠌ᠵᠢᠯᠲᠡ᠎ᠶ᠋ᠢᠨ ᠵᠠᠭ᠍ᠪᠤᠷ᠎ᠢ ᠶᠠᠭ ᠢᠳᠡᠪᠬᠢᠲᠡᠶ ᠰᠦᠪᠡᠭ᠌ᠴᠢᠯᠡᠵᠦ᠍ ᠪᠠᠢᠨ᠎ᠠ᠃ 《ᠬᠥᠪᠴᠢ᠎ᠶ᠋ᠢᠨ ᠡᠯᠡᠰᠦ᠎ᠶ᠋ᠢ ᠵᠠᠰᠠᠭ᠍ᠰᠠᠨ ᠲᠤᠷᠱᠢᠯᠭ᠎ᠠ᠎ᠪᠠᠷ ᠲᠣᠯᠢ ᠪᠣᠯᠭᠠᠵᠤ ᠂ 〈 ᠱᠢᠨ᠎ᠡ ᠡᠨᠧᠷᠭᠢ + ᠠᠮᠢ ᠠᠬᠤᠶ᠎ᠪᠠᠷ ᠡᠯᠡᠰᠦᠷᠭᠡᠭᠵᠢᠯ᠎ᠢ ᠵᠠᠰᠠᠬᠤ + ᠰᠦ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ + ᠵᠢᠭᠤᠯᠴᠢᠯᠠᠯ 〉 ᠬᠥᠭ᠌ᠵᠢᠯᠲᠡ᠎ᠶ᠋ᠢᠨ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠵᠦ᠍ ᠂ ᠡᠯᠡᠰᠦᠷᠬᠡᠭ ᠭᠠᠵᠠᠷ᠎ᠲᠤ ᠥᠨᠳᠥᠷ ᠲᠤᠯᠬᠤ ᠵᠢᠶᠠᠰᠠ ᠲᠠᠢ ᠬᠡᠷᠡᠯᠴᠢ ᠴᠡᠨᠡᠭ᠎ᠢᠶᠠᠷ ᠴᠠᠬᠢᠯᠭᠠᠨ ᠭᠠᠷᠭᠠᠬᠤ ᠂ ᠬᠡᠷᠡᠯᠴᠢ ᠴᠡᠨᠡᠭ᠎ᠤᠨ ᠬᠠᠪᠲᠠᠰᠤᠨ ᠳᠤᠤᠷ᠎ᠠ ᠲᠡᠵᠢᠭᠡᠯ ᠡᠪᠡᠰᠦ ᠳᠠᠷᠢᠬᠤ ᠂ ᠲᠡᠵᠢᠭᠡᠯ ᠡᠪᠡᠰᠦ᠎ᠶ᠋ᠢ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠳᠦ ᠬᠡᠷᠡᠭᠯᠡᠬᠦ᠂ ᠱᠢᠨ᠎ᠡ ᠡᠨᠧᠷᠭᠢ ᠵᠢᠴᠢ ᠪᠡᠯᠴᠢᠭᠡᠷ ᠡᠯᠡᠰᠦᠷᠬᠡᠭ ᠭᠠᠵᠠᠷ᠎ᠲᠤ ᠵᠢᠭᠤᠯᠴᠢᠯᠠᠯ᠎ᠢ ᠬᠥᠭ᠌ᠵᠢᠭᠦᠯᠬᠦ᠌ ᠠᠷᠭ᠎ᠠ ᠮᠠᠶᠢᠭ᠎ᠢᠶᠠᠷ ᠳᠠᠮᠵᠢᠭᠤᠯᠤᠨ ᠂ ᠠᠵᠤ ᠦᠶ᠋ᠯᠡᠰ᠎ᠦᠨ ᠡᠷᠬᠢᠯᠳᠡᠳᠤ ᠬᠥᠭ᠌ᠵᠢᠯᠲᠡ ᠂ ᠡᠬᠢ ᠪᠠᠶᠠᠯᠢᠭ᠎ᠤᠨ ᠥᠨᠳᠥᠷ ᠪᠦᠲᠦᠮᠵᠢᠲᠤ ᠠᠱᠢᠭ᠍ᠯᠠᠯᠲᠠ᠎ᠶ᠋ᠢ ᠠᠬᠢᠭᠤᠯᠵᠤ ᠂ ᠨᠤᠲᠤᠭ ᠪᠡᠯᠴᠢᠭᠡᠷ ᠪᠠ ᠡᠯᠡᠰᠦᠷᠬᠡᠭ ᠭᠠᠵᠠᠷ᠎ᠢ ᠦᠨᠡᠨ ᠬᠦ᠌ ᠥᠷᠭᠡᠨ ᠣᠯᠠᠨ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠬᠤ 〈ᠡᠷᠳᠡᠨᠢ᠎ᠶ᠋ᠢᠨ ᠰᠠᠩ 〉 ᠪᠣᠯᠭᠠᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠂ ᠣᠩᠨᠢᠭᠤᠳ ᠬᠣᠱᠢᠭᠤᠨ᠎ᠤ ᠬᠤᠰᠢᠭᠤᠨ ᠳᠠᠷᠤᠭ᠎ᠠ ᠮᠥᠩᠬᠡ ᠬᠡᠯᠡᠪᠡ᠃
ᠤᠯᠠᠮᠵᠢᠯᠠᠯᠲᠤ ᠠᠵᠤ ᠦᠢᠯᠡᠰ᠎ᠦᠨ 《 ᠲᠤᠢᠯᠪᠤᠷᠢᠲᠠᠢ ᠬᠤᠪᠢᠷᠠᠯᠲᠠ 》 ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ 《 ᠶᠠᠰᠤ ᠱᠢᠷᠪᠥᠰᠥ᠎ᠶ᠋ᠢ ᠴᠢᠭᠢᠷᠠᠭ᠍ᠵᠢᠭᠤᠯᠬᠤ》 ᠂ ᠲᠤᠯᠭᠠᠭᠤᠷᠢ ᠠᠵᠤ ᠦᠢᠯᠡᠰ᠎ᠦᠨ 《 ᠬᠡᠯᠬᠢᠶ᠎ᠡ᠎ᠵᠢᠨ ᠪᠦᠯᠦᠭᠵᠢᠨ ᠬᠣᠯᠪᠣᠭᠠᠯᠠᠬᠤ 》 ᠶ᠋ᠢ ᠠᠬᠢᠭᠤᠯᠤᠨ᠎ᠠ; ᠱᠢᠨ᠎ᠡ ᠡᠨᠧᠷᠭᠢ᠎ᠶ᠋ᠢᠨ ᠬᠦᠷᠢᠶᠡᠨ᠎ᠳᠦ 《 ᠠᠵᠤ ᠦᠶ᠋ᠯᠡᠳᠪᠦᠷᠢ᠎ᠶ᠋ᠢᠨ ᠥᠪᠥᠷ ᠮᠣᠩᠭᠣᠯ 》 ᠢ᠋ ᠳᠠᠬᠢᠨ ᠪᠠᠢᠭᠤᠯᠬᠤ᠎ᠪᠠᠷ ᠴᠢᠷᠮᠠᠢᠨ᠎ᠠ;《 ᠳᠤᠮᠳᠠᠳᠤ ᠤᠯᠤᠰ᠎ᠤᠨ ᠠᠶᠠᠭ᠎ᠠ 》 ᠳ᠋ᠦ ᠢᠯᠡᠭᠦᠬᠡᠨ ᠠᠮᠤ ᠪᠤᠳᠠᠭ᠎ᠠ ᠰᠠᠪᠠᠯᠠᠵᠤ ᠂ ᠰᠠᠢ᠌ᠨ ᠠᠮᠤ ᠪᠤᠳᠠᠭ᠎ᠠ ᠰᠠᠪᠠᠯᠠᠵᠤ ᠂ ᠰᠠᠢ᠌ᠨ ᠰᠦ ᠰᠠᠪᠠᠯᠠᠵᠤ ᠂ ᠰᠠᠢ᠌ᠨ ᠮᠢᠬ᠎ᠠ ᠰᠠᠪᠠᠯᠠᠨ᠎ᠠ; ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭᠠᠨ ᠂ ᠴᠡᠩᠬᠡᠷ ᠬᠦᠭᠡ᠂ ᠠᠷᠢᠭᠤᠨ ᠴᠡᠪᠡᠷ᠎ᠢ ᠡᠷᠡᠰ ᠰᠠᠬᠢᠨ ᠬᠠᠮᠠᠭᠠᠯᠠᠨ᠎ᠠ ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠪᠣᠳᠠᠲᠠᠢ᠎ᠶ᠋ᠢ ᠡᠷᠬᠢᠮᠯᠡᠭ᠌ᠰᠡᠨ ᠬᠠᠷᠠᠯᠲᠠ ᠪᠣᠯᠤᠨ ᠠᠯᠤᠰ ᠬᠡᠳᠤ᠎ᠶ᠋ᠢᠨ ᠲᠥᠯᠥᠪᠵᠢᠭᠦᠯᠭᠡ ᠨᠢ ᠲᠥᠯᠥᠭᠡᠯᠡᠭ᠌ᠴᠢᠳ ᠭᠡᠱᠢᠭᠦᠳ᠎ᠦᠨ ᠬᠥᠭ᠌ᠵᠢᠶᠡᠨᠲᠡᠢ ᠶᠠᠷᠢᠯᠴᠠᠬᠤ ᠰᠡᠳᠦᠪ ᠪᠣᠯᠪᠠ᠃
《 ᠦᠨᠳᠦᠰᠦᠨ ᠱᠠᠲᠤᠨ᠎ᠠᠴᠠ ᠢᠷᠡᠭ᠌ᠰᠡᠨ ᠮᠠᠯᠴᠢᠨ ᠲᠠᠷᠢᠶᠠᠴᠢᠨ ᠂ ᠲᠠᠷᠢᠶᠠᠯᠠᠩ᠎ᠤᠨ ᠬᠣᠷᠱᠢᠶ᠎ᠠ ᠵᠢᠨ ᠬᠠᠷᠢᠭᠤᠴᠠᠯᠭᠠᠲᠠᠨ ᠪᠣᠯᠤᠭ᠍ᠰᠠᠨ᠎ᠤ ᠬᠤᠪᠢ᠎ᠳᠤ ᠂ ᠪᠢ ᠨᠤᠲᠤᠭ᠎ᠤᠨ ᠠᠬ᠎ᠠ ᠳᠡᠭᠦᠦ᠍᠎ᠨᠡᠷ᠎ᠲᠦ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠤᠯᠠᠮᠵᠢᠯᠠᠵᠤ ᠂ ᠨᠤᠲᠤᠭ᠎ᠤᠨ ᠠᠬ᠎ᠠ ᠳᠡᠭᠦᠦ᠍᠎ᠨᠡᠷ᠎ᠲᠦ ᠬᠥᠳᠡᠭᠡ ᠲᠣᠰᠭᠣᠨ᠎ᠤ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠱᠢᠨ᠎ᠡ ᠠᠵᠠ ᠲᠣᠬᠢᠶᠠᠯ᠎ᠢ ᠦᠵᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠭᠠᠵᠠᠷ ᠵᠦᠶ᠎ᠶ᠋ᠢᠨ ᠢᠯᠡᠷᠬᠡᠢᠯᠡᠯᠲᠦ ᠪᠦᠲᠦᠭᠡᠭ᠌ᠳᠡᠬᠦᠨ᠎ᠢ ᠪᠣᠢᠵᠢᠭᠤᠯᠬᠤ᠎ᠶ᠋ᠢ ᠨᠠᠩ ᠴᠢᠬᠤᠯᠠᠴᠢᠯᠠᠵᠤ ᠂ ᠪᠣᠬᠢᠷᠲᠤᠯ ᠥᠬᠡᠶ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠩ ᠥᠷᠢᠰᠦᠯᠳᠦᠬᠦ᠌ ᠬᠦᠴᠦᠨ᠎ᠲᠡᠶ ᠪᠣᠯᠭᠠᠵᠤ ᠂ ᠰᠠᠢᠨ ᠪᠦᠲᠦᠭᠡᠭ᠌ᠳᠡᠬᠦᠨ᠎ᠢ ᠰᠠᠢᠨ ᠦᠨ᠎ᠡ᠎ᠪᠡᠷ ᠬᠤᠳᠠᠯᠳᠤᠬᠤ᠎ᠶ᠋ᠢ ᠬᠦᠰᠡᠵᠦ᠍ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠮᠸᠩ ᠢ ᠮᠠᠯ ᠠᠵᠤ ᠠᠬᠤᠢ᠎ᠲᠠᠷᠢᠶᠠᠯᠠᠩ ᠤᠨ ᠲᠤᠰᠭᠠᠢ ᠬᠤᠷᠱᠢᠶ᠎ᠠ᠎ᠶ᠋ᠢᠨ ᠬᠣᠯᠪᠣᠭᠠᠲᠤ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠭᠦᠸᠧ ᠯᠢ ᠯᠢ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠂ ᠤᠯᠠᠭᠠᠨᠬᠠᠳᠠ ᠬᠣᠲᠠ᠎ᠶ᠋ᠢᠨ ᠬᠡᠱᠢᠭ᠌ᠲᠡᠨᠬᠤᠰᠢᠭᠤᠨ ᠤ ᠳᠡᠯᠡᠬᠡᠶ᠎ᠶ᠋ᠢᠨ ᠭᠠᠵᠠᠷ ᠱᠢᠨᠵᠢᠯᠡᠭᠡᠨ᠎ᠦ ᠴᠡᠴᠡᠷᠯᠢᠭ᠎ᠦᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠠᠷᠤᠭ᠎ᠠ ᠸᠠᠩ ᠵᠦ᠍ ᠪᠣᠯ ᠡᠨᠡ ᠵᠢᠯ᠎ᠦᠨ ᠬᠣᠶᠠᠷ ᠬᠤᠷᠠᠯ᠎ᠳᠤ ᠱᠢᠨ᠎ᠡ᠎ᠪᠡᠷ ᠨᠡᠮᠡᠭ᠌ᠳᠡᠭ᠌ᠰᠡᠨ ᠡᠬᠢ ᠪᠠᠶᠠᠯᠢᠭ ᠣᠷᠴᠢᠨ ᠲᠣᠭᠣᠷᠢᠨ᠎ᠤ ᠡᠲᠡᠭᠡᠳ ᠢᠯᠭᠠᠯ᠎ᠤᠨ ᠭᠡᠱᠢᠭᠦᠨ ᠪᠣᠯᠤᠨ᠎ᠠ ᠂ ᠲᠡᠷᠡ ᠥᠪᠡᠷᠲᠡᠭᠡᠨ ᠵᠠᠰᠠᠬᠤ ᠣᠷᠣᠨ᠎ᠠᠴᠠ ᠭᠠᠵᠠᠷ ᠱᠢᠨᠵᠢᠯᠡᠭᠡᠨ᠎ᠦ ᠴᠡᠴᠡᠷᠯᠢᠭ᠎ᠦᠨ ᠬᠠᠮᠢᠶᠠᠷᠤᠯᠲᠠ᠎ᠶ᠋ᠢᠨ ᠲᠦᠷᠢᠮ ᠂ ᠬᠠᠤᠯᠢ ᠴᠠᠭᠠᠵᠠ᠎ᠶ᠋ᠢ ᠲᠦᠷᠭᠡᠬᠡᠨ ᠲᠣᠭ᠍ᠲᠠᠭᠠᠵᠤ ᠂ ᠭᠠᠵᠠᠷ ᠱᠢᠨᠵᠢᠯᠡᠭᠡᠨ᠎ᠦ ᠴᠡᠴᠡᠷᠯᠢᠭ᠎ᠦᠨ ᠬᠠᠮᠢᠶᠠᠷᠤᠯᠲᠠ᠎ᠳᠤ ᠵᠢᠷᠤᠮᠯᠠᠬᠤ ᠬᠠᠤᠯᠢ᠎ᠲᠠᠶ ᠪᠠᠢᠬᠤ᠎ᠶ᠋ᠢ ᠪᠡᠶᠡᠯᠡᠭᠦᠯᠵᠦ᠍ ᠂ ᠡᠬᠢ ᠪᠠᠶᠠᠯᠢᠭ ᠣᠷᠴᠢᠨ ᠲᠣᠭᠣᠷᠢᠨ᠎ᠢ ᠨᠠᠩ ᠰᠠᠢᠲᠤᠷ ᠬᠠᠮᠠᠭᠠᠯᠠᠬᠤ ᠬᠡᠷᠡᠭ᠌ᠲᠡᠶ ᠭᠡᠵᠦ᠍ ᠰᠠᠨᠠᠭᠤᠯᠪᠠ᠃
ᠡᠨᠧᠷᠭᠢ᠎ᠶ᠋ᠢᠨ ᠠᠵᠤ ᠦᠶ᠋ᠯᠡᠰ ᠪᠣᠯ ᠥᠪᠥᠷ ᠮᠣᠩᠭᠣᠯ᠎ᠤᠨ ᠡᠵᠡᠨ ᠮᠡᠳᠡᠬᠦ᠌ ᠠᠵᠤ ᠦᠶ᠋ᠯᠡᠰ ᠮᠥᠨ ᠂ ᠣᠢᠷ᠎ᠠ᠎ᠶ᠋ᠢᠨ ᠵᠢᠯ᠎ᠳᠦ ᠮᠠᠨ᠎ᠤ ᠣᠷᠣᠨ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠨ ᠂ ᠪᠥᠬᠥ᠌ ᠤᠯᠤᠰ᠎ᠤᠨ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠥᠨᠳᠥᠷᠯᠢᠭ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠭᠡᠱᠢᠭᠦᠨ ᠂ ᠰᠤᠷᠭᠠᠭᠤᠯᠢ᠎ᠶ᠋ᠢᠨ ᠳᠡᠳ᠋ ᠵᠠᠬᠢᠷᠤᠯ ᠪᠤᠶᠠᠨᠬᠡᠰᠢᠭ ᠤᠨ ᠦᠵᠡᠬᠦ᠌᠎ᠪᠡᠷ ᠂ ᠳᠡᠭᠡᠳᠦ ᠲᠠᠰ᠎ᠤᠨ ᠴᠢᠳᠠᠪᠤᠷᠢᠲᠠᠨ ᠪᠠᠢᠬᠤ ᠥᠬᠡᠶ ᠪᠣᠯ ᠵᠠᠩᠭᠢᠯᠠᠭ᠎ᠠ᠎ᠶ᠋ᠢᠨ ᠮᠡᠷᠭᠡᠵᠢᠯ᠎ᠢ ᠡᠵᠡᠮᠱᠢᠬᠦ᠌᠎ᠶ᠋ᠢᠨ ᠠᠷᠭ᠎ᠠ ᠥᠬᠡᠶ ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠡᠵᠡᠮᠳᠡᠬᠦ᠌᠎ᠶ᠋ᠢᠨ ᠠᠷᠭ᠎ᠠ ᠥᠬᠡᠶ ᠶᠤᠮ ᠂ ᠡᠢᠮᠦ᠍᠎ᠡᠴᠡ ᠲᠡᠷᠡ ᠥᠪᠥᠷ ᠮᠣᠩᠭᠣᠯ᠎ᠳᠤ ᠱᠢᠨ᠎ᠡ ᠡᠨᠧᠷᠭᠢ᠎ᠶ᠋ᠢᠨ ᠬᠦᠷᠢᠶᠡᠨ᠎ᠳᠡᠬᠢ ᠤᠯᠤᠰ᠎ᠤᠨ ᠲᠠᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌ ᠲᠠᠪᠴᠠᠩ᠎ᠢ ᠪᠣᠢᠵᠢᠭᠤᠯᠤᠨ ᠪᠠᠢᠭᠤᠯᠵᠤ ᠂ ᠡᠭᠦᠨ᠎ᠢᠶᠡᠷ ᠳᠡᠭᠡᠳᠦ ᠲᠠᠰ᠎ᠤᠨ ᠴᠢᠳᠠᠪᠤᠷᠢᠲᠠᠨ᠎ᠢ ᠲᠡᠳᠡᠨ ᠠᠪᠴᠢᠷᠠᠵᠤ ᠂ ᠡᠨᠧᠷᠭᠢ᠎ᠶ᠋ᠢᠨ ᠠᠵᠤ ᠦᠶ᠋ᠯᠡᠰ᠎ᠦᠨ ᠳᠤᠮᠳᠠ ᠲᠤᠯᠭᠠᠷᠠᠵᠤ ᠪᠠᠢᠭ᠎ᠠ ᠵᠠᠩᠭᠢᠯᠠᠭ᠎ᠠ᠎ᠶ᠋ᠢᠨ ᠮᠡᠷᠭᠡᠵᠢᠯ᠎ᠦᠨ ᠠᠰᠠᠭᠤᠳᠠᠯ᠎ᠢ ᠱᠢᠶ᠋ᠳᠪᠦᠷᠢᠯᠡᠬᠦ᠌ ᠬᠡᠷᠡᠭ᠌ᠲᠡᠶ ᠭᠡᠵᠦ᠍ ᠰᠠᠨᠠᠭᠤᠯᠪᠠ᠃
ᠵᠢᠷᠤᠭ ᠲᠥᠰᠦᠪ᠎ᠢ ᠨᠢᠭᠡᠨᠲᠡ ᠵᠢᠷᠤᠭ᠍ᠯᠠᠪᠠ ᠂ ᠲᠡᠮᠡᠴᠡᠯ ᠶᠠᠭ ᠴᠠᠭ᠎ᠲᠠᠭᠠᠨ ᠲᠤᠬᠢᠷᠠᠪᠠ᠃ ᠢᠲᠡᠭᠡᠯ ᠵᠣᠷᠢᠭ᠎ᠢᠶᠠᠨ ᠬᠥᠪᠴᠢᠯᠡᠨ ᠂ ᠪᠦᠬᠦ᠌ ᠲᠠᠯ᠎ᠠ᠎ᠶ᠋ᠢ ᠪᠣᠳᠣᠯᠬᠢᠯᠠᠵᠤ ᠂ 《 ᠴᠠᠭ᠎ᠤᠨ ᠪᠠᠢᠳᠠᠯ᠎ᠳᠤ ᠦᠯᠦ᠍ ᠨᠡᠢᠴᠡᠬᠦ᠌ 》 ᠵᠢ ᠲᠠᠶᠠᠭ᠍ᠳᠠᠵᠤ ᠂ 《 ᠬᠢᠷᠢ ᠲᠡᠩᠴᠡᠭ᠌ᠰᠡᠨ ᠪᠠᠢᠳᠠᠯ 》 ᠢ᠋ ᠪᠤᠢ ᠪᠤᠯᠭᠠᠪᠠ᠃ ᠤᠮᠤᠭ ᠵᠤᠷᠢᠭ ᠪᠠᠳᠠᠷᠠᠩᠭᠤᠢ ᠪᠡᠷ ᠡᠷᠡᠯᠬᠡᠭᠯᠡᠨ ᠴᠢᠷᠮᠠᠢᠵᠦ ᠪᠠᠢᠭ᠎ᠠ ᠥᠪᠥᠷ ᠮᠣᠩᠭᠣᠯ ᠯᠠᠪᠲᠠᠢ 2400 ᠭᠠᠷᠤᠢ ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠨᠡᠩ ᠤᠯᠠᠨ ᠪᠤᠶᠠᠨ ᠵᠢᠷᠭᠠᠯ ᠡᠳ᠋ᠯᠡᠭᠦᠯᠵᠦ᠍ ᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠳᠤ ᠨᠡᠩ ᠤᠯᠠᠨ ᠬᠤᠪᠢ ᠨᠡᠮᠡᠷᠢ ᠦᠵᠡᠭᠦᠯᠬᠦ᠌ ᠪᠣᠯᠤᠨ᠎ᠠ!