ᠦ᠋ ᠰᠢ ᠴᠦᠨ ᠲᠥᠯᠥᠭᠡᠯᠡᠭ᠌ᠴᠢ᠄ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠮᠢ ᠠᠬᠤᠶ᠎ᠶ᠋ᠢᠨ ᠲᠣᠭᠣᠷᠢᠭ᠎ᠢ ᠴᠢᠷᠮᠠᠢᠨ ᠪᠠᠢᠭᠤᠯᠤᠨ᠎ᠠ
2023-01-16 11:41:50
ᠵᠣᠬᠢᠶᠠᠭ᠍ᠴᠢ᠄
ᠬᠠᠨ ᠱᠢᠤᠸᠠᠢ ᠷᠦ᠍
ᠣᠩᠱᠢᠭ᠍ᠰᠠᠨ ᠣᠳᠠᠭ᠎ᠠ᠄
★★★☆☆

 《ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠮᠢ ᠠᠬᠤᠶ᠎ᠶ᠋ᠢᠨ ᠲᠣᠭᠣᠷᠢᠭ᠎ᠢ ᠪᠥᠲᠥᠭᠡᠨ ᠪᠠᠢᠭᠤᠯᠬᠤ᠎ᠶ᠋ᠢᠨ ᠭᠤᠤᠯᠳᠠᠯᠭ᠎ᠠ ᠨᠢ ᠮᠠᠯᠵᠢᠯ᠎ᠤᠨ ᠲᠠᠯᠠᠪᠠᠶ᠂ ᠲᠡᠵᠢᠭᠡᠯ ᠡᠪᠡᠰᠦ᠂ ᠨᠠᠷᠠᠲᠤ ᠲᠡᠮᠳᠡᠭ ᠵᠡᠷᠭᠡ ᠭᠤᠷᠪᠠᠨ ᠶᠡᠬᠡ ᠡᠯᠧᠮᠧᠨ᠋ᠲ᠎ᠦᠨ ᠲᠣᠭᠣᠷᠢᠨ᠎ᠳᠤ᠂ ᠥᠪᠥᠷ ᠮᠣᠩᠭᠣᠯ᠎ᠤᠨ ᠪᠣᠬᠢᠷᠲᠤᠯ ᠥᠬᠡᠶ᠂ ᠪᠠᠢᠭᠠᠯᠢᠯᠢᠭ᠂ ᠣᠷᠭᠠᠨᠢᠭ ᠰᠦ ᠵᠢᠨ ᠠᠵᠤ ᠦᠶ᠋ᠯᠡᠰ᠎ᠦᠨ ᠣᠨᠴᠠᠯᠢᠭ᠎ᠢ ᠳᠡᠯᠭᠡᠷᠡᠭᠦᠯᠬᠦ ᠳ᠋ᠤ ᠪᠤᠢ᠃》 ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠮᠸᠩ ᠨᠢᠤ ᠪᠦᠯᠦᠭ᠌ᠯᠡᠯ᠎ᠦᠨ ᠳᠡᠳ᠋ ᠶᠡᠷᠦᠩᠬᠡᠢ ᠵᠠᠬᠢᠷᠤᠭ᠍ᠴᠢ ᠦ᠋ ᠰᠢ ᠴᠦᠨ ᠰᠦ᠎ᠶ᠋ᠢᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠡᠢᠮᠦᠷᠬᠦᠦ ᠰᠠᠨᠠᠭᠤᠯᠭ᠎ᠠ ᠳᠤᠷᠠᠳᠴᠠᠢ᠃


downLoad-20230116113213.jpg


                     ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ    ᠮᠥᠩᠬᠡᠴᠢᠯᠠᠭᠤ


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠰᠦ᠎ᠶ᠋ᠢᠨ ᠠᠵᠤ ᠦᠢᠯᠡᠰ᠎ᠦᠨ ᠠᠵᠤ ᠦᠢᠯᠡᠰ᠎ᠦᠨ ᠬᠡᠯᠬᠢᠶ᠎ᠡ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ ᠭᠡᠪᠡ᠃《ᠨᠢᠭᠡ ᠰᠢᠷᠬᠡᠭ ᠡᠪᠡᠰᠤ ᠡᠴᠡ ᠨᠢᠭᠡ ᠴᠤᠮᠤ ᠰᠦ ᠬᠦᠷᠳᠡᠯᠡᠬᠢ》ᠪᠥᠬᠥ᠌ ᠬᠡᠯᠬᠢᠶ᠎ᠡ᠎ᠶ᠋ᠢ ᠬᠡᠷᠬᠢᠨ ᠪᠡᠶᠡᠯᠡᠭᠦᠯᠬᠦ᠌ ᠪᠣᠶ? ᠡᠸ᠋ ᠰᠢ ᠴᠦᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠠᠯ᠎ᠠ᠎ᠠᠴᠠ ᠪᠣᠳᠣᠯᠬᠢᠯᠠᠬᠤ ᠬᠡᠷᠡᠭ᠌ᠲᠡᠶ ᠭᠡᠪᠡ᠃ ᠠᠵᠢᠯ ᠲᠥᠷᠥᠯ᠎ᠦᠨ ᠳᠠᠭᠠᠭᠤᠯᠤᠭ᠍ᠴᠢ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠮᠧᠩ ᠨᠢᠤ ᠳᠤᠮᠳᠠᠳᠤ ᠤᠯᠤᠰ᠎ᠤᠨ ᠰᠦ ᠵᠢᠨ ᠦᠶ᠋ᠯᠡᠰ᠎ᠦᠨ ᠠᠵᠤ ᠦᠶ᠋ᠯᠡᠰ᠎ᠦᠨ ᠬᠦᠷᠢᠶᠡᠯᠡᠩ᠎ᠢᠶᠡᠷ ᠵᠢᠯᠣᠭᠣᠳᠤᠮᠵᠢ ᠪᠤᠯᠭᠠᠨ᠂ ᠰᠦ ᠵᠢᠨ ᠦᠶ᠋ᠯᠡᠰ᠎ᠦᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠨᠠᠩ ᠥᠨᠳᠥᠷ ᠲᠠᠰ ᠳᠠᠪᠬᠤᠷᠭ᠎ᠠ ᠳᠠᠢᠰᠢ ᠬᠥᠭ᠌ᠵᠢᠬᠦ᠌᠎ᠶ᠋ᠢ ᠳᠠᠢᠴᠢᠯᠠᠨ᠎ᠠ᠃《ᠰᠦ ᠵᠢᠨ ᠦᠢᠯᠡᠰ᠎ᠢ ᠬᠦᠭᠵᠢᠬᠦᠯᠬᠦ ᠲᠤᠬᠠᠢ ᠶᠢᠰᠦᠨ ᠵᠤᠷᠪᠤᠰ》ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠦᠷᠢᠵᠢᠭᠤᠯᠵᠤ᠂ ᠰᠦ ᠰᠠᠭᠠᠯᠢ᠎ᠶ᠋ᠢᠨ ᠠᠵᠤ ᠠᠬᠤᠢᠯᠠᠯ᠂ ᠮᠠᠯᠵᠢᠯ᠎ᠤᠨ ᠲᠠᠯᠠᠪᠠᠶ ᠵᠡᠷᠭᠡ ᠠᠵᠤ ᠦᠶ᠋ᠯᠡᠰ᠎ᠦᠨ ᠬᠡᠯᠬᠢᠶ᠎ᠡ᠎ᠶ᠋ᠢᠨ ᠡᠯ᠎ᠡ ᠭᠣᠭ᠍ᠴᠣᠭ᠎ᠠ᠎ᠶ᠋ᠢ ᠨᠢᠭᠡᠳᠦᠯᠲᠡᠶ ᠬᠥᠭ᠌ᠵᠢᠭᠦᠯᠦᠨ᠎ᠡ᠃ ᠮᠠᠯᠵᠢᠯ᠎ᠤᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠣᠷᠣᠨ ᠪᠦᠰᠡ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠭᠠᠵᠠᠷ ᠱᠢᠷᠣᠶ᠎ᠶ᠋ᠢᠨ ᠡᠬᠢ ᠪᠠᠶᠠᠯᠢᠭ᠎ᠢ ᠲᠥᠪᠯᠡᠷᠡᠭᠦᠯᠵᠤ ᠡᠷᠴᠢᠮᠵᠢᠭᠦᠯᠦᠨ᠂ ᠣᠳᠣᠬᠢᠴᠢᠯᠠᠭ᠍ᠰᠠᠨ ᠬᠡᠪᠴᠢᠶᠡᠵᠢᠯ᠎ᠦᠨ ᠮᠠᠯᠵᠢᠯ᠎ᠤᠨ ᠲᠠᠯᠠᠪᠠᠶ ᠲᠡᠵᠢᠭᠡᠯ ᠡᠪᠡᠰᠦᠨ᠎ᠦ ᠰᠠᠭᠤᠷᠢᠨ᠎ᠢ ᠲᠦᠷᠭᠡᠳᠭᠡᠨ ᠪᠠᠢᠭᠤᠯᠵᠤ᠂ ᠰᠦ ᠵᠢᠨ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠳ᠋ᠤ ᠬᠤᠰᠢᠭᠤᠷᠠᠨ᠂ ᠵᠢᠱ᠌ᠢᠶ᠎ᠡ ᠦᠵᠡᠭᠦᠯᠬᠦ᠌᠎ᠪᠡᠷ ᠴᠢᠷᠮᠠᠢᠨ᠎ᠠ᠃

ᠮᠠᠯᠵᠢᠯ ᠤ᠋ᠨ ᠲᠠᠯᠠᠪᠠᠢ ᠶ᠋ᠢ ᠰᠠᠢᠲᠤᠷ ᠪᠠᠢᠭᠤᠯᠬᠤ᠎ᠶ᠋ᠢᠨ ᠵᠠᠩᠭᠢᠯᠠᠭ᠎ᠠ ᠨᠢ ᠦᠬᠡᠷ᠎ᠢᠶᠡᠨ ᠨᠡᠮᠡᠭᠳᠡᠭᠦᠯᠦᠨ᠎ᠡ᠃ 2023 ᠣᠨ᠎ᠳᠤ᠂ ᠮᠸᠩ ᠨᠢᠤ ᠪᠦᠯᠦᠭ᠌ᠯᠡᠯ 119 ᠲᠦᠮᠡᠨ ᠮᠥ᠍ ᠴᠢᠨᠠᠷ ᠰᠠᠢᠲᠠᠶ ᠡᠪᠡᠰᠦ ᠪᠣᠷᠳᠣᠭ᠎ᠠ᠎ᠶ᠋ᠢ ᠱᠢᠨ᠎ᠡ᠎ᠪᠡᠷ ᠨᠡᠮᠡᠵᠦ᠍ ᠪᠥᠲᠥᠭᠡᠨ ᠪᠠᠢᠭᠤᠯᠤᠨ᠂ ᠱᠢᠯᠢᠳᠡᠭ ᠡᠭᠦᠯᠳᠡᠷ᠎ᠢ ᠪᠣᠢᠵᠢᠭᠤᠯᠵᠤ᠂ ᠮᠠᠯᠵᠢᠯ᠎ᠤᠨ ᠲᠠᠯᠠᠪᠠᠶ᠎ᠶ᠋ᠢᠨ ᠦᠬᠡᠷ᠎ᠦᠨ ᠲᠣᠭ᠎ᠠ ᠲᠣᠯᠣᠭᠠᠶ᠎ᠪᠠᠨ ᠨᠡᠮᠡᠭ᠌ᠳᠡᠭᠦᠯᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠤᠨ᠂ ᠴᠢᠨᠠᠷ ᠰᠠᠢᠲᠠᠶ ᠡᠪᠡᠰᠦ ᠪᠡᠯᠴᠢᠭᠡᠷ᠎ᠦᠨ ᠬᠡᠪᠴᠢᠶ᠎ᠡ᠎ᠶ᠋ᠢ ᠥᠷᠭᠡᠳᠭᠡᠨ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠡᠬᠢ ᠡᠭᠦᠰᠦᠯ᠎ᠡᠴᠡ ᠨᠢ ᠠᠬᠢᠭᠤᠯᠤᠨ᠎ᠠ᠃ ᠮᠸᠩ ᠨᠢᠤ ᠪᠦᠯᠦᠭ᠌ᠯᠡᠯ ᠤᠯᠠᠭᠠᠨᠪᠤᠬ᠎ᠠ ᠡᠯᠡᠰᠦᠨ ᠴᠥᠯ ᠳ᠋ᠤ ᠡᠯᠡᠰᠦᠨ ᠴᠥᠯ᠎ᠦᠨ ᠣᠷᠭᠠᠨᠢᠭ ᠰᠦ ᠶ᠋ᠢ ᠡᠭᠦᠳᠦᠭ᠌ᠰᠡᠨ ᠪᠥᠭᠡᠳ ᠪᠠᠰᠠ ᠥᠪᠥᠷ ᠮᠣᠩᠭᠣᠯ᠎ᠳᠤ ᠪᠢᠱᠢᠯᠠᠭ᠂ ᠰᠦᠨ ᠲᠠᠯᠬ᠎ᠠ᠂ ᠵᠥᠭᠡᠬᠡᠶ ᠵᠡᠷᠭᠡ ᠨᠡᠮᠡᠯᠲᠡ ᠥᠷᠲᠡᠭ᠎ᠢᠶᠡᠷ ᠥᠨᠳᠥᠷ᠂ ᠪᠣᠷᠣᠯᠠᠭᠤᠯᠭ᠎ᠠ ᠰᠠᠢᠲᠠᠶ ᠲᠥᠷᠥᠯ ᠵᠦᠶ᠋ᠯ᠎ᠢ ᠪᠠᠢᠷᠢᠯᠠᠭᠤᠯᠪᠠ ᠭᠡᠵᠤ ᠦ᠋ ᠰᠢ ᠴᠦᠨ ᠲᠠᠨᠢᠯᠴᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号