ᠷᠧᠨ ᠳ᠋ᠦᠩ ᠬᠤᠸᠠ ᠲᠥᠯᠥᠭᠡᠯᠡᠭ᠌ᠴᠢ ᠄ ᠲᠦᠷᠪᠡᠨ ᠵᠦᠭ᠎ᠤᠨ ᠵᠤᠴᠢᠳ᠎ᠢ ᠲᠦᠩᠯᠢᠶᠣᠤ ᠬᠤᠳᠠ᠎ᠳᠤ ᠤᠷᠢᠵᠦ ᠪᠠᠢᠨ᠎ᠠ
2023-01-16 11:45:01
ᠵᠣᠬᠢᠶᠠᠭ᠍ᠴᠢ᠄
ᠹᠸᠩ ᠱᠢᠤᠸᠠᠢ ᠢᠦᠶ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠂ ᠲᠦᠩᠯᠢᠶᠣᠤ ᠬᠤᠳᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠴᠦᠩᠬᠦᠯ᠎ᠤᠨ ᠭᠤᠤ ᠵᠢᠨ ᠵᠢᠭᠤᠯᠴᠢᠯᠠᠯ᠎ᠤᠨ ᠺᠣᠮᠫᠠᠨᠢ᠎ᠶ᠋ᠢᠨ ᠲᠠᠢᠯᠪᠤᠷᠢᠯᠠᠭ᠍ᠴᠢ ᠷᠧᠨ ᠳ᠋ᠦᠩ ᠬᠤᠸᠠ ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠂ ᠵᠢᠭᠤᠯᠴᠢᠯᠠᠯ ᠪᠣᠯ ᠥᠨᠢ ᠡᠭᠦᠷᠢᠳᠡ᠎ᠶ᠋ᠢᠨ ᠥᠭᠡᠳᠡᠷᠬᠡᠭ ᠠᠵᠤ ᠦᠢᠯᠡᠰ ᠮᠥᠨ ᠂ ᠪᠠᠰᠠ ᠴᠤ᠌ ᠨᠡᠢᠲᠡᠯᠢᠭ ᠬᠡᠷᠡᠭ᠌ᠯᠡᠭᠡᠨ᠎ᠦ ᠠᠵᠤ ᠠᠬᠤᠢ ᠮᠥᠨ ᠂ ᠵᠠᠩᠭᠢᠯᠠᠭ᠎ᠠ ᠨᠢ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠂ ᠨᠡᠷ᠎ᠡ ᠠᠯᠳᠠᠷ᠎ᠢᠶᠠᠨ ᠮᠠᠨᠳᠤᠭᠤᠯᠵᠤ ᠂ ᠤᠯᠠᠨ᠎ᠤ ᠬᠦᠷᠢᠶᠡᠯᠡᠯ᠎ᠢ ᠤᠯᠬᠤ ᠶᠠᠪᠤᠳᠠᠯ ᠪᠣᠯᠤᠨ᠎ᠠ ᠭᠡᠵᠡᠢ᠃ ᠡᠨᠡ ᠨᠢ ᠮᠠᠨ᠎ᠤ ᠵᠢᠭᠤᠯᠴᠢᠯᠠᠯ᠎ᠤᠨ ᠠᠵᠢᠯᠲᠠᠳ᠎ᠤᠨ ᠤᠷᠮ᠎ᠠ ᠵᠣᠷᠢᠭ᠎ᠢ ᠬᠥᠪᠴᠢᠯᠡᠪᠡ》 ᠭᠡᠵᠦ ᠬᠡᠯᠡᠪᠡ᠃


downLoad-20230116113225.jpg


ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ    ᠮᠥᠩᠬᠡᠴᠢᠯᠠᠭᠤ


ᠷᠧᠨ ᠳ᠋ᠦᠩ ᠬᠤᠸᠠ ᠂ ᠲᠦᠩᠯᠢᠶᠣᠤ ᠬᠣᠲᠠ ᠥᠨᠢ ᠤᠳᠠᠭᠠᠨ ᠲᠡᠦᠬᠡ᠎ᠲᠡᠶ ᠂ ᠦᠳᠭᠡᠨ ᠵᠤᠵᠠᠭᠠᠨ ᠰᠣᠶᠣᠯ᠎ᠲᠠᠶ᠂ ᠵᠢᠭᠤᠯᠴᠢᠯᠠᠯ᠎ᠤᠨ ᠡᠬᠢ ᠪᠠᠶᠠᠯᠢᠭ ᠡᠯᠪᠡᠭ ᠲᠡᠯᠪᠡᠭ᠃ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠴᠦᠩᠬᠦᠯ᠎ᠤᠨ ᠭᠤᠤ ᠪᠣᠯ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠪᠣᠯᠬᠤ ᠪᠥᠭᠡᠳ ᠪᠠᠰᠠ 4A ᠲᠠᠰ᠎ᠤᠨ ᠦᠵᠡᠮᠵᠢ᠎ᠶ᠋ᠢᠨ ᠣᠷᠣᠨ ᠪᠣᠯᠤᠨ᠎ᠠ᠃ ᠡᠨᠳᠡᠬᠢ ᠭᠠᠵᠠᠷ᠎ᠤᠨ ᠪᠠᠢᠴᠠ ᠨᠢ ᠣᠨᠴᠠᠭᠠᠶ ᠂ ᠡᠭ᠌ᠴᠡ ᠰᠦᠷᠯᠢᠭ ᠦᠵᠡᠮᠵᠢ ᠰᠠᠢᠳᠠᠢ ᠂ ᠤᠢ ᠮᠤᠳᠤ ᠢᠭ᠍ᠴᠤ ᠰᠠᠬᠤᠯᠢᠭ ᠂ ᠠᠮᠢᠲᠠᠨ ᠠᠷᠢᠶᠠᠲᠠᠨ ᠣᠷᠣᠱᠢᠨ ᠠᠮᠢᠳᠤᠷᠠᠵᠤ ᠂ 《ᠲᠠᠯ᠎ᠠ ᠨᠤᠲᠤᠭ᠎ᠤᠨ ᠠᠷᠢᠭᠤᠨ ᠬᠥᠨᠳᠡᠶ ᠂ ᠤᠮᠠᠷᠠᠲᠤ᠎ᠶ᠋ᠢᠨ ᠪᠣᠷᠣᠭᠠᠨᠲᠤ ᠣᠶ 》 ᠭᠡᠰᠡᠨ ᠠᠯᠳᠠᠷ ᠲᠠᠢ ᠶᠤᠮ ᠭᠡᠪᠡ᠃

ᠷᠧᠨ ᠳ᠋ᠦᠩ ᠬᠤᠸᠠ ᠲᠠᠨᠢᠯᠴᠠᠭᠤᠯᠬᠤ᠎ᠳᠠᠭᠠᠨ ᠂ ᠡᠨᠡ ᠵᠢᠯ ᠴᠦᠩᠬᠦᠯ᠎ᠤᠨ ᠭᠤᠤ᠎ᠵᠢᠨ ᠦᠵᠡᠮᠵᠢ᠎ᠶ᠋ᠢᠨ ᠣᠷᠣᠨ ᠵᠢᠭᠤᠯᠴᠢᠯᠠᠯ᠎ᠤᠨ ᠦᠶ᠋ᠯᠡᠳᠬᠦᠨ᠎ᠢᠶᠡᠨ ᠤᠯᠠᠮ ᠨᠢᠭᠡ ᠠᠯᠬᠤᠮ ᠪᠠᠶᠠᠯᠢᠭ᠍ᠵᠢᠭᠤᠯᠵᠤ ᠂ ᠠᠳᠠᠯᠢ ᠪᠤᠰᠤ ᠵᠢᠭᠤᠯᠴᠢᠯᠠᠭ᠍ᠰᠠᠳ᠎ᠤᠨ ᠬᠡᠷᠡᠭ᠌ᠴᠡᠭᠡ᠎ᠶ᠋ᠢ ᠬᠠᠩᠭᠠᠬᠤ ᠪᠣᠯᠤᠨ᠎ᠠ᠃ ᠴᠦᠩᠬᠦᠯ᠎ᠤᠨ ᠭᠤᠤ᠎ᠶ᠋ᠢᠨ ᠦᠵᠡᠮᠵᠢ᠎ᠶ᠋ᠢᠨ ᠣᠷᠣᠨ᠎ᠤ ᠭᠤᠷᠪᠠᠳᠤᠭᠠᠷ ᠬᠤᠭᠤᠴᠠᠭᠠᠨ᠎ᠤ ᠤᠢ᠎ᠶᠢᠨ ᠨᠠᠭᠠᠳᠤᠮ᠂ ᠴᠦᠩᠬᠦᠯ᠎ᠤᠨ ᠭᠤᠤ᠎ᠶ᠋ᠢ ᠲᠣᠭᠣᠷᠢᠭ᠍ᠰᠠᠨ ᠳᠤᠭᠤᠶ ᠲᠡᠷᠭᠡᠨ᠎ᠦ ᠤᠷᠤᠯᠳᠤᠭᠠᠨ ᠂ ᠣᠶ ᠱᠢᠭᠤᠶ᠎ᠶ᠋ᠢᠨ ᠳᠠᠭᠤᠤ ᠬᠥᠭ᠌ᠵᠢᠮ᠎ᠦᠨ ᠨᠠᠢᠷ ᠂ ᠠᠮᠲᠠᠲᠤ ᠢᠳᠡᠭᠡᠨ᠎ᠦ ᠨᠠᠢᠷ ᠵᠡᠷᠭᠡ ᠠᠵᠢᠯᠯᠠᠭ᠎ᠠ᠎ᠶ᠋ᠢ ᠡᠷᠭᠢᠯᠡᠵᠦ᠍ ᠂ ᠦᠵᠡᠮᠵᠢ᠎ᠶ᠋ᠢᠨ ᠣᠷᠣᠨ᠎ᠢ ᠤᠯᠠᠮ ᠬᠦᠭᠵᠢᠶᠡᠨ ᠲᠠᠢ ᠪᠤᠯᠭᠠᠨ᠎ᠠ; ᠱᠢᠨ᠎ᠡ ᠵᠠᠭᠤᠴᠢᠯᠠᠭᠤᠷ᠎ᠤᠨ ᠲᠠᠪᠴᠠᠩ᠎ᠢᠶᠠᠷ ᠰᠦᠯᠵᠢᠶᠡᠨ ᠳᠡᠭᠡᠷᠡᠬᠢ ᠤᠬᠠᠭᠤᠯᠭ᠎ᠠ ᠬᠢᠵᠦ᠍ ᠂ ᠦᠵᠡᠮᠵᠢ᠎ᠶ᠋ᠢᠨ ᠣᠷᠣᠨ᠎ᠢ ᠠᠮᠢᠵᠢᠷᠠᠯ᠎ᠤᠨ ᠬᠦᠴᠦᠨ ᠲᠠᠢ ᠪᠤᠯᠭᠠᠨ᠎ᠠ; ᠰᠤᠳᠤᠯᠤᠨ ᠰᠤᠷᠤᠯᠴᠠᠬᠤ ᠵᠢᠭᠤᠯᠴᠢᠯᠠᠯ ᠂ ᠭᠡᠷ ᠪᠦᠯᠢ᠎ᠶᠢᠨ ᠵᠢᠭᠤᠯᠴᠢᠯᠠᠯ ᠂ ᠰᠡᠯᠡᠬᠦᠴᠡᠯ ᠵᠢᠭᠤᠯᠴᠢᠯᠠᠯ ᠵᠡᠷᠭᠡ ᠠᠷᠭ᠎ᠠ ᠮᠠᠶᠢᠭ᠎ᠢ ᠦᠷᠭᠦᠯᠵᠢᠯᠡᠨ ᠥᠷᠨᠢᠭᠦᠯᠵᠦ᠍ ᠦᠵᠡᠮᠵᠢ᠎ᠶ᠋ᠢᠨ ᠣᠷᠣᠨ᠎ᠢ ᠬᠦᠷ ᠬᠦᠭᠵᠢᠶᠡᠨ ᠲᠠᠢ ᠪᠤᠯᠭᠠᠨ᠎ᠠ ᠭᠡᠵᠦ ᠬᠡᠯᠡᠪᠡ᠃

ᠷᠧᠨ ᠳ᠋ᠦᠩ ᠬᠤᠸᠠ ᠄ 《 ᠲᠦᠩᠯᠢᠶᠣᠤ ᠬᠤᠲᠠ ᠳᠠᠭᠤᠤ ᠪᠥᠵᠢᠭ ᠤᠷᠠᠯᠢᠭ᠂ ᠰᠦ ᠰᠠᠭᠠᠯᠢ ᠠᠮᠳᠠᠳᠦ ᠢᠳᠡᠭᠡᠨ᠂ ᠰᠦᠷᠯᠢᠭ ᠰᠠᠢᠬᠠᠨ ᠦᠵᠡᠮᠵᠢ᠎ᠪᠡᠷ᠎ᠢᠶᠡᠨ ᠵᠢᠭᠤᠯᠴᠢᠯᠠᠭᠰᠠᠳ᠎ᠢ ᠳᠠᠳᠠᠬᠤ ᠨᠢ ᠵᠦᠢᠳᠡᠢ᠃ ᠦᠵᠡᠮᠵᠢ᠎ᠶ᠋ᠢᠨ ᠣᠷᠣᠨ᠎ᠤ ᠲᠠᠢᠯᠪᠤᠷᠢᠯᠠᠭ᠍ᠴᠢ ᠪᠣᠯᠤᠭ᠍ᠰᠠᠨ᠎ᠤ ᠬᠤᠪᠢ᠎ᠳᠤ ᠂ ᠪᠢ ᠥᠪᠥᠷ ᠮᠣᠩᠭᠣᠯ᠎ᠤᠨ ᠦᠯᠢᠭᠡᠷ᠎ᠢ ᠰᠠᠢᠲᠤᠷ ᠶᠠᠷᠢᠵᠤ ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠵᠦ᠍ ᠂ ᠲᠦᠷᠪᠡᠨ ᠵᠦᠭ ᠨᠠᠢ᠍ᠮᠠᠨ ᠵᠤᠪᠬᠢᠰ᠎ᠤᠨ ᠬᠡᠢᠴᠢᠳ ᠵᠤᠴᠢᠳ᠎ᠢᠶᠡᠨ ᠲᠦᠩᠯᠢᠶᠤᠤ᠎ᠳᠤ ᠮᠤᠷᠢᠯᠠᠨ ᠰᠠᠭᠠᠳᠠᠵᠦ ᠳᠠᠪᠠᠳᠠᠢᠬᠠᠨ ᠵᠢᠭᠤᠯᠴᠢᠯᠠᠬᠤ᠎ᠵᠢ ᠤᠷᠢᠵᠦ ᠪᠠᠢᠨ᠎ᠠ 》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号