ᠱᠢᠤᠢ ᠺᠸ ᠭᠡᠱᠢᠭᠦᠨ ᠄ ᠰᠦ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ
2023-01-16 11:48:19
ᠵᠣᠬᠢᠶᠠᠭ᠍ᠴᠢ᠄
ᠴᠠᠶ ᠰᠧ ᠶᠤᠸᠠᠨ
ᠣᠩᠱᠢᠭ᠍ᠰᠠᠨ ᠣᠳᠠᠭ᠎ᠠ᠄
★★★☆☆

《ᠥᠪᠥᠷ ᠮᠣᠩᠭᠣᠯ ᠴᠢᠨᠠᠷ ᠰᠠᠢᠲᠠᠶ ᠰᠦ᠎ᠶᠢᠨ ᠢᠷᠡᠯᠲᠡ᠎ᠶ᠋ᠢᠨ ᠪᠦᠰᠡ᠎ᠳᠦ ᠪᠠᠢᠷᠢᠯᠠᠵᠤ ᠂ ᠪᠥᠬᠥ᠌ ᠤᠯᠤᠰ᠎ᠤᠨ ᠬᠠᠮᠤᠭ᠎ᠤᠨ ᠶᠡᠬᠡ ᠰᠦ᠎ᠶᠢᠨ ᠦᠶ᠋ᠯᠡᠰ᠎ᠦᠨ ᠦᠶ᠋ᠯᠡᠳᠪᠦᠷᠢᠯᠡᠯ᠎ᠦᠨ ᠣᠷᠣᠨ ᠪᠣᠯᠤᠨ᠎ᠠ ᠂ ᠰᠦ᠎ᠶᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠠᠯᠪᠢᠭ᠍ᠰᠠᠨ ᠶᠡᠬᠡ ᠶᠠᠪᠤᠳᠠᠯ ᠪᠣᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠂ ᠥᠪᠥᠷ ᠮᠣᠩᠭᠣᠯ᠎ᠤᠨ ᠢᠯᠢ ᠠᠵᠤ ᠦᠢᠯᠡᠰ᠎ᠦᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠵᠠᠬᠢᠷᠤᠯ ᠱᠢᠤᠢ ᠺᠸ ᠬᠡᠯᠡᠪᠡ᠃


downLoad-20230116113234.jpg


                       ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ    ᠵᠢᠶᠠ ᠢ ᠼᠦᠨ


ᠡᠨᠡ ᠤᠳᠠᠭ᠎ᠠ᠎ᠶ᠋ᠢᠨ ᠬᠤᠷᠠᠯ᠎ᠳᠤ ᠂ ᠱᠢᠤᠢ ᠺᠸ ᠰᠦ᠎ᠶ᠋ᠢᠨ ᠦᠢᠯᠡᠰ᠎ᠤᠨ ᠲᠡᠭᠡᠳᠤ ᠬᠡᠯᠬᠢᠶᠡᠨ᠎ᠳᠤ ᠮᠥᠩᠭᠥᠨ ᠭᠦᠢᠯᠭᠡᠭᠡᠨ᠎ᠦ ᠳᠡᠮᠵᠢᠯᠭᠡ᠎ᠦᠵᠡᠬᠦᠯᠬᠦ ᠲᠤᠬᠠᠢ ᠰᠠᠨᠠᠭᠤᠯᠭ᠎ᠠ ᠳᠤᠷᠠᠳᠴᠠᠢ᠃ ᠲᠡᠭᠦᠨ᠎ᠦ ᠦᠵᠡᠬᠦ᠌᠎ᠪᠡᠷ ᠣᠳᠣᠬᠠᠨ᠎ᠳᠤ ᠂ ᠮᠠᠯ ᠠᠵᠤ ᠠᠬᠤᠢ ᠲᠠᠷᠢᠶᠠᠯᠠᠩ᠎ᠤᠨ ᠬᠤᠷᠱᠢᠶ᠎ᠠ ᠂ ᠦᠢᠯᠡᠰ ᠪᠤᠰᠭᠠᠬᠤ ᠺᠣᠮᠫᠠᠨᠢ ᠵᠡᠷᠭᠡ ᠪᠠᠭ᠎ᠠ ᠬᠡᠪᠴᠢᠶᠡᠨ᠎ᠦ ᠵᠠᠬ᠎ᠠ ᠳᠡᠯᠭᠡᠭᠦᠷ᠎ᠦᠨ ᠭᠣᠣᠯ ᠴᠣᠭ᠍ᠴᠠ ᠢᠯᠠᠩᠭᠤᠶ᠎ᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠴᠠᠬ ᠲᠤᠬᠠᠢ᠎ᠳᠤ ᠨᠢ ᠮᠥᠩᠭᠥᠨ ᠭᠦᠢᠯᠭᠡᠭᠡᠨ᠎ᠦ ᠳᠡᠮᠵᠢᠯᠭᠡ ᠤᠯᠬᠤ᠎ᠳᠤ ᠬᠦᠴᠢᠷ ᠪᠠᠢᠨ᠎ᠠ᠃ ᠬᠠᠮᠢᠶ᠎ᠠ ᠪᠥᠬᠥᠶ ᠰᠠᠯᠠᠭ᠎ᠠ ᠮᠥᠴᠢᠷ᠎ᠨᠢ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠵᠣᠬᠢᠴᠠᠭᠤᠯᠵᠤ ᠂ ᠠᠷᠠᠳ᠎ᠤᠨ ᠡᠵᠡᠩᠨᠡᠯᠳᠡ᠎ᠶᠢᠨ ᠠᠵᠤ ᠠᠬᠤᠢᠯᠠᠯ᠎ᠤᠨ ᠰᠦ᠎ᠶᠢᠨ ᠦᠶ᠋ᠯᠡᠰ᠎ᠦᠨ ᠲᠡᠭᠡᠳᠤ ᠬᠡᠯᠬᠢᠶᠡᠨ᠎ᠤ ᠪᠥᠲᠥᠭᠡᠨ ᠪᠠᠢᠭᠤᠯᠤᠯᠲᠠ᠎ᠳᠤ ᠣᠷᠣᠯᠴᠠᠬᠤ᠎ᠳᠤ ᠴᠢᠭ᠌ᠯᠡᠭᠦᠯᠦᠨ ᠲᠤᠰᠭᠠᠶ ᠳᠡᠮᠵᠢᠯᠭᠡ ᠦᠵᠡᠭᠦᠯᠵᠦ᠍ ᠂ ᠰᠦ᠎ᠶᠢᠨ ᠦᠶ᠋ᠯᠡᠰ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠨᠠᠩ ᠨᠡᠢᠴᠡᠭ᠌ᠰᠡᠨ ᠮᠥᠩᠭᠥᠨ ᠭᠦᠶ᠋ᠯᠭᠡᠭᠡᠨ᠎ᠦ ᠦᠢᠯᠡᠳᠬᠦᠨ᠎ᠢ ᠭᠠᠷᠭᠠᠵᠦ ᠪᠣᠯᠤᠨ᠎ᠠ; ᠮᠠᠯᠵᠢᠯ᠎ᠤᠨ ᠲᠠᠯᠠᠪᠠᠶ᠎ᠶ᠋ᠢᠨ ᠵᠢᠭᠡᠯᠡᠯᠭᠡ᠎ᠶ᠋ᠢᠨ ᠵᠥᠪᠱᠢᠶᠡᠷᠡᠨ ᠣᠷᠣᠭᠤᠯᠬᠤ ᠨᠥᠬᠥᠴᠡᠯ᠎ᠢ ᠪᠠᠭᠤᠷᠠᠭᠤᠯᠬᠤ᠎ᠶ᠋ᠢ ᠵᠣᠷᠢᠭ᠍ᠵᠢᠭᠤᠯᠵᠤ ᠂ ᠪᠠᠷᠢᠴᠠᠭᠠᠨ᠎ᠤ ᠡᠳ᠋᠎ᠦᠨ ᠬᠡᠪᠴᠢᠶ᠎ᠡ᠎ᠶ᠋ᠢ ᠥᠷᠭᠡᠳᠭᠡᠨ ᠂ ᠠᠮᠢᠳᠤ ᠪᠣᠳᠠᠰ᠎ᠤᠨ ᠡᠳ᠋ ᠬᠥᠷᠥᠩᠭᠡ ᠂ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ ᠂ ᠲᠠᠷᠢᠶᠠᠯᠠᠩ᠎ᠤᠨ ᠲᠤᠨᠤᠭ ᠲᠦᠬᠦᠭᠡᠷᠦᠮᠵᠢ᠎ᠶ᠋ᠢ ᠪᠠᠯᠠ ᠬᠤᠷᠠᠮᠳᠤᠯᠭ᠎ᠠ᠎ᠶ᠋ᠢᠨ ᠪᠠᠷᠢᠴᠠᠭᠠᠨ᠎ᠤ ᠡᠳ᠋᠎ᠲᠦ ᠣᠷᠣᠭᠤᠯᠵᠦ ᠪᠤᠯᠤᠨ᠎ᠠ ᠭᠡᠵᠡᠢ᠃

ᠱᠢᠤᠢ ᠺᠸ ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠂ ᠰᠦ ᠵᠢᠨ ᠦᠢᠯᠡᠰ᠎ᠦᠨ ᠠᠵᠤ ᠦᠢᠯᠡᠰ᠎ᠦᠨ ᠬᠡᠯᠬᠢᠶ᠎ᠡ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ ᠭᠡᠵᠦ᠍ ᠳᠤᠷᠠᠳᠴᠠᠢ᠃ ᠣᠢᠷ᠎ᠠ᠎ᠶ᠋ᠢᠨ ᠵᠢᠯ᠎ᠡᠴᠡ ᠨᠠᠭᠠᠰᠢ ᠂ ᠢᠯᠢ ᠪᠦᠯᠦᠭ᠌ᠯᠡᠯ ᠰᠦ᠎ᠶᠢᠨ ᠠᠵᠤ ᠦᠶ᠋ᠯᠡᠰ᠎ᠦᠨ ᠰᠦᠷᠦᠭᠵᠢᠯ᠎ᠦᠨ ᠲᠥᠷᠥᠯ ᠵᠦᠶ᠋ᠯ᠎ᠢ ᠢᠳᠡᠪᠬᠢᠲᠡᠶ ᠪᠠᠯᠠ ᠣᠷᠣᠭᠤᠯᠤᠨ ᠪᠠᠢᠭᠤᠯᠵᠤ ᠂ ᠳᠡᠯᠡᠬᠡᠶ᠎ᠶ᠋ᠢᠨ ᠲᠠᠰ᠎ᠤᠨ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠶ᠋ᠯᠡᠰ᠎ᠢ ᠰᠤᠨᠳᠠᠯᠠᠭ᠍ᠰᠠᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠰᠦ᠎ᠶᠢᠨ ᠦᠶ᠋ᠯᠡᠰ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠪᠠ᠃ ᠢᠷᠡᠭᠡᠳᠦᠶ᠎ᠳᠦ ᠂ ᠪᠢᠳᠡ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ᠎ᠤ ᠰᠦ᠎ᠶᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠲᠦᠷᠦᠭᠦᠯᠡᠨ ᠪᠡᠶᠡᠯᠡᠭᠦᠯᠬᠦ᠌᠎ᠳᠦ ᠱᠢᠨ᠎ᠡ ᠡᠭᠦᠷᠭᠡᠯᠡᠯ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号