《 2022 ᠣᠨ᠎ᠳᠤ ᠂ ᠮᠠᠨ᠎ᠤ ᠣᠷᠣᠨ 400 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠥᠲᠥᠭᠡᠨ ᠪᠠᠢᠭᠤᠯᠬᠤ ᠪᠠ ᠱᠢᠷ᠎ᠠ ᠪᠤᠷᠴᠠᠭ ᠂ ᠲᠣᠰᠣᠯᠢᠭ ᠲᠠᠷᠢᠮᠠᠯ᠎ᠢ ᠥᠷᠭᠡᠳᠭᠡᠨ ᠳᠠᠷᠢᠬᠤ ᠡᠭᠦᠷᠭᠡ᠎ᠶ᠋ᠢ ᠪᠡᠶᠡᠯᠡᠭᠦᠯᠪᠡ᠃ ᠡᠨᠡ ᠵᠢᠯ᠎ᠦᠨ ᠡᠭᠦᠷᠭᠡ᠎ᠶ᠋ᠢᠨ ᠨᠢᠭᠡ ᠪᠣᠯ ᠠᠮᠤ ᠪᠤᠳᠠᠭᠠᠨ᠎ᠤ ᠤᠨᠠᠯᠳᠠ᠎ᠶ᠋ᠢ 780 ᠳ᠋ᠦᠩᠱᠢᠭᠤᠷ ᠵᠢᠩ ᠣᠷᠴᠢᠮ᠎ᠳᠤ ᠲᠣᠭ᠍ᠲᠠᠪᠤᠷᠢᠵᠢᠭᠤᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠲᠤᠷᠠᠳᠤᠭᠰᠠᠨ ᠡᠲᠡᠭᠡᠷ ᠠᠭᠤᠯᠭ᠎ᠠ᠎ᠨᠢ ᠨᠠᠮ᠎ᠠ᠎ᠵᠢ ᠮᠠᠰᠢ ᠤᠷᠮᠠᠱᠢᠭᠤᠯᠤᠭᠰᠠᠨ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠂ ᠤᠯᠠᠭᠠᠨᠬᠠᠳᠠ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠢᠳᠡᠭᠡᠨ᠎ᠦ ᠱᠢᠷ᠎ᠠ ᠪᠤᠷᠴᠠᠭ᠎ᠤᠨ ᠰᠤᠳᠤᠯᠭᠠᠨ᠎ᠤ ᠲᠥᠪ᠎ᠦᠨ ᠳᠡᠳ᠋ ᠡᠷᠬᠢᠯᠡᠭ᠌ᠴᠢ ᠵᠧᠸ᠋ ᠱᠢᠤᠸᠠᠢ ᠴᠤᠤ ᠬᠡᠯᠡᠪᠡ᠃

ᠵᠢᠷᠤᠭ᠄ ᠲᠤᠰ ᠰᠤᠨᠢᠨ᠎ᠤ ᠰᠤᠷᠪᠤᠯᠵᠢᠯᠠᠭᠴᠢ ᠵᠢᠨ ᠴᠢᠥᠧᠠᠨ
ᠮᠠᠨ᠎ᠤ ᠣᠷᠣᠨ ᠪᠣᠯ ᠪᠥᠬᠥ᠌ ᠤᠯᠤᠰ᠎ᠤᠨ ᠱᠢᠷ᠎ᠠ ᠪᠤᠷᠴᠠᠭ ᠳᠠᠷᠢᠬᠤ ᠳᠠᠪᠠᠭᠤᠯᠢᠭ ᠭᠠᠷᠤᠯᠲᠠ᠎ᠶ᠋ᠢᠨ ᠣᠷᠣᠨ ᠪᠠᠢᠵᠤ ᠂ ᠰᠢᠷ᠎ᠠ ᠪᠤᠷᠴᠠᠭ ᠲᠠᠷᠢᠵᠦ ᠪᠠᠢᠭ᠎ᠠ ᠲᠠᠯᠠᠪᠠᠶᠪᠥᠬᠥ᠌ ᠤᠯᠤᠰ᠎ᠲᠤ ᠬᠣᠶᠠᠳᠤᠭᠠᠷ᠎ᠲᠤ ᠣᠷᠣᠵᠤ ᠂ ᠪᠥᠬᠥ᠌ ᠤᠯᠤᠰ᠎ᠤᠨ ᠱᠢᠷ᠎ᠠ ᠪᠤᠷᠴᠠᠭ ᠳᠠᠷᠢᠬᠤ ᠲᠠᠯᠠᠪᠠᠶ᠎ᠶ᠋ᠢᠨ 11.89% ᠶ᠋ᠢ ᠡᠵᠡᠯᠡᠵᠦ᠍ ᠪᠣᠶ ᠂ ᠭᠡᠪᠡᠴᠦ᠍ ᠱᠢᠷ᠎ᠠ ᠪᠤᠷᠴᠠᠭ᠎ᠤᠨ ᠤᠨᠠᠯᠲᠠ ᠳᠤᠤᠷ᠎ᠠ ᠂ ᠦᠷ᠎ᠡ ᠠᠱᠢᠭ ᠥᠨᠳᠥᠷ ᠪᠢᠰᠢ ᠂ ᠭᠤᠤᠯ ᠭᠠᠷᠤᠯᠲᠠ᠎ᠶ᠋ᠢᠨ ᠣᠷᠣᠨ ᠦᠷᠬᠦᠯᠵᠢᠯᠡᠬᠦᠯᠦᠨ ᠲᠠᠷᠢᠬᠤ ᠠᠰᠠᠭᠤᠳᠠᠯ ᠬᠦᠨᠳᠦ ᠨᠣᠴᠢᠲᠠᠶ ᠪᠠᠢᠨ᠎ᠠ᠃ ᠡᠬᠦᠨ᠎ᠳᠤ ᠵᠧᠦ ᠱᠢᠤᠸᠠᠢ ᠴᠤᠤ᠂ ᠲᠠᠷᠢᠮᠠᠯ᠎ᠤᠨ ᠪᠦᠲᠦᠴᠡ᠎ᠶ᠋ᠢ ᠱᠢᠯᠢᠳᠡᠭ᠌ᠵᠢᠭᠦᠯᠵᠦ᠍ ᠂ ᠱᠢᠷ᠎ᠠ ᠪᠤᠷᠴᠠᠭ ᠡᠷᠳᠡᠨᠢ ᠱᠢᠰᠢ᠎ᠶ᠋ᠢᠨ ᠲᠡᠩᠴᠡᠭᠦᠷᠢᠲᠡᠢ ᠬᠥᠭ᠌ᠵᠢᠯᠲᠡ᠎ᠶ᠋ᠢᠨ ᠵᠠᠭ᠍ᠪᠤᠷ᠎ᠢ ᠪᠠᠢᠭᠤᠯᠬᠤ ᠰᠠᠨᠠᠯ ᠳᠤᠷᠠᠳᠤᠯᠭ᠎ᠠ ᠲᠤᠷᠠᠳᠴᠠᠢ᠃
《 ᠱᠢᠷ᠎ᠠ ᠪᠤᠷᠴᠠᠭ᠎ᠤᠨ ᠦᠨᠳᠦᠰᠦᠨ᠎ᠦ ᠬᠡᠰᠡᠭ᠎ᠦᠨ ᠦᠨᠳᠦᠰᠦᠨ᠎ᠦ ᠪᠠᠳᠠᠭ᠎ᠢ᠎ᠶ᠋ᠢᠨ ᠪᠠᠺᠲ᠋ᠧᠷᠢ᠎ᠨᠢ ᠬᠥᠷᠥᠰᠥᠨ᠎ᠦ ᠥᠩ ᠱᠢᠮ᠎ᠡ᠎ᠶ᠋ᠢ ᠰᠠᠢᠵᠢᠷᠠᠭᠤᠯᠵᠤ ᠂ ᠱᠢᠷ᠎ᠠ ᠪᠤᠷᠴᠠᠭ ᠪᠣᠯᠤᠨ ᠡᠷᠳᠡᠨᠢ ᠱᠢᠰᠢ᠎ᠶ᠋ᠢ ᠡᠭᠡᠯᠵᠢᠯᠡᠨ ᠲᠠᠷᠢᠬᠤ ᠪᠡᠷ ᠭᠤᠤᠯᠳᠠᠭᠤᠯᠵᠦ ᠂ ᠱᠢᠷ᠎ᠠ ᠪᠤᠷᠴᠠᠭ ᠪᠣᠯᠤᠨ ᠡᠯᠳᠡᠪ ᠠᠮᠤ ᠡᠯᠳᠡᠪ ᠪᠤᠷᠴᠠᠭ ᠂ ᠲᠥᠮᠥᠰᠥ᠎ᠶ᠋ᠢᠨ ᠲᠥᠷᠥᠯ ᠂ ᠲᠡᠵᠢᠭᠡᠯ ᠡᠪᠡᠰᠦ ᠂ ᠲᠣᠰᠣᠯᠢᠭ ᠲᠠᠷᠢᠮᠠᠯ ᠵᠡᠷᠭᠡ ᠲᠠᠷᠢᠮᠠᠯ᠎ᠢ ᠡᠭᠡᠯᠵᠢᠯᠡᠨ ᠳᠠᠷᠢᠬᠤ ᠱᠢᠰᠲ᠋ᠧᠮ ᠪᠣᠯᠤᠨ ᠵᠠᠭ᠍ᠪᠤᠷ᠎ᠢ ᠭᠡᠷᠡᠭᠵᠢᠬᠦᠯᠵᠦ᠂ ᠤᠨᠠᠯᠲᠠ᠎ᠶ᠋ᠢ ᠨᠡᠮᠡᠭ᠌ᠳᠡᠭᠦᠯᠬᠦ᠌᠎ᠶ᠋ᠢ ᠪᠡᠶᠡᠯᠡᠭᠦᠯᠵᠦ ᠪᠤᠯᠤᠨ᠎ᠠ》 ᠭᠡᠵᠦ ᠲᠡᠷᠡ ᠬᠡᠯᠡᠪᠡ ᠃ ᠪᠠᠰᠠ ᠱᠢᠷ᠎ᠠ ᠪᠤᠷᠴᠠᠭ᠎ᠤᠨ ᠦᠷ᠎ᠡ ᠪᠣᠢᠵᠢᠭᠤᠯᠬᠤ᠎ᠶ᠋ᠢ ᠳᠡᠮᠵᠢᠬᠦ᠌ ᠡᠷᠴᠢᠮ ᠪᠠ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ ᠂ 《 ᠲᠤᠷᠱᠢᠯᠭ᠎ᠠ᠎ᠪᠠᠷ ᠦᠷ᠎ᠡ ᠪᠣᠢᠵᠢᠭᠤᠯᠬᠤ 》 ᠡᠴᠡ 《 ᠨᠠᠷᠢᠯᠢᠭ ᠦᠷ᠎ᠡ ᠪᠣᠢᠵᠢᠭᠤᠯᠬᠤ 》 ᠲᠡᠢᠰᠢ ᠬᠤᠪᠢᠷᠠᠬᠤ᠎ᠶ᠋ᠢ ᠲᠦᠷᠭᠡᠳᠭᠡᠵᠦ᠍ ᠂ ᠱᠢᠷ᠎ᠠ ᠪᠤᠷᠴᠠᠭ᠎ᠤᠨ ᠤᠨᠠᠯᠲᠠ᠎ᠶ᠋ᠢ ᠬᠦᠴᠦᠯᠡᠨ ᠨᠡᠮᠡᠭᠳᠡᠬᠦᠯᠵᠦ᠍ ᠂ ᠦᠷ᠎ᠡ᠎ᠶ᠋ᠢᠨ ᠦᠢᠯᠡᠰ᠎ᠦᠨ ᠠᠮᠤᠷ ᠲᠦᠪᠱᠢᠨ᠎ᠢ ᠪᠠᠲᠤᠯᠠᠵᠤ ᠂ 《 ᠳᠤᠮᠳᠠᠳᠤ ᠤᠯᠤᠰ᠎ᠤᠨ ᠪᠤᠳᠠᠭᠠᠨ ᠠᠶᠠᠭ᠎ᠠ 》 ᠵᠢ ᠲᠣᠭ᠍ᠲᠠᠭᠤᠨ ᠪᠠᠢᠯᠭᠠᠬᠤ ᠵᠢ ᠪᠠᠳᠤᠯᠠᠨ᠎ᠠ ᠭᠡᠵᠦ ᠬᠡᠯᠡᠪᠡ᠃