ᠢᠲᠡᠭᠡᠯ ᠵᠣᠷᠢᠭ ᠵᠢᠡᠨ ᠬᠥᠪᠴᠢᠯᠡᠨ ᠬᠥᠭ᠌ᠵᠢᠯᠲᠡ ᠶ᠋ᠢ ᠡᠷᠢᠯᠬᠢᠯᠡᠵᠦ᠍ ᠪᠣᠳᠠᠲᠠᠢ ᠠᠵᠢᠯᠯᠠᠨ ᠵᠣᠷᠢᠭ᠍ᠲᠠᠢ ᠡᠭᠦᠷᠭᠡᠯᠡᠵᠦ᠍ ᠠᠤᠭ᠎ᠠ ᠲᠥᠰᠦᠪ ᠢ᠋ ᠵᠢᠷᠤᠭᠯᠠᠨᠠᠮ
2023-01-17 12:16:29
ᠵᠣᠬᠢᠶᠠᠭ᠍ᠴᠢ᠄
ᠴᠧᠨ ᠴᠦᠨ ᠶᠠᠨ ᠯᠢ ᠬᠠᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠤ᠋ᠨ ᠭᠡᠰᠡᠭ ᠦᠵᠡᠭᠳᠡᠯ

1 ᠰᠠᠷ᠎ᠠ ᠶ᠋ᠢᠨ 16 ᠤ᠋ ᠦᠳᠡ ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠡᠯ᠎ᠡ ᠵᠥᠪᠯᠡᠬᠦ᠌ ᠵᠦᠶ᠋ᠯ ᠵᠢᠡᠨ ᠲᠡᠭᠦᠰ ᠠᠮᠵᠢᠯᠲᠠ᠎ᠲᠠᠶ ᠳᠠᠭᠤᠰᠬᠠᠵᠤ᠂ ᠥᠪᠥᠷ ᠮᠣᠩᠭᠣᠯ ᠤ᠋ᠨ ᠠᠷᠠᠳ ᠤ᠋ᠨ ᠬᠤᠷᠠᠯ ᠤ᠋ᠨ ᠲᠠᠩᠬᠢᠮ᠎ᠳᠤ ᠠᠮᠵᠢᠯᠲᠠ᠎ᠲᠠᠶ ᠲᠡᠭᠦᠰᠪᠡ᠃

ᠲᠤᠰ ᠤᠳᠠᠭᠠᠨ ᠤ᠋ ᠶᠡᠬᠡ ᠬᠤᠷᠠᠯ᠎ᠠᠴᠠ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ᠂ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠠᠵᠢᠯ ᠤ᠋ᠨ ᠮᠡᠳᠡᠭᠦᠯᠦᠯᠲᠡ ᠵᠢᠴᠢ ᠪᠤᠰᠤᠳ ᠤᠯᠠᠨ ᠵᠦᠢᠯ᠎ᠦᠨ ᠮᠡᠳᠡᠭᠦᠯᠦᠯᠲᠡ ᠶ᠋ᠢ ᠬᠢᠨᠠᠨ ᠵᠥᠪᠯᠡᠵᠦ᠍ ᠪᠠᠲᠤᠯᠠᠭᠠᠳ᠂ ᠡᠯ᠎ᠡ ᠵᠦᠢᠯ᠎ᠦᠨ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠰᠠᠢ᠌ᠨ ᠰᠠᠢᠬᠠᠨ ᠠᠭᠤᠷ ᠠᠮᠢᠰᠭᠤᠯ ᠢ᠋ ᠪᠤᠢ ᠪᠤᠯᠭᠠᠨ᠂ ᠴᠤᠭ ᠪᠠᠳᠠᠷᠠᠩᠭᠤᠢ ᠪᠡᠷ ᠡᠷᠡᠯᠬᠡᠭ᠌ᠯᠡᠨ ᠴᠢᠷᠮᠠᠢᠬᠤ ᠱᠢᠨ᠎ᠡ ᠳᠦᠷᠰᠦ ᠪᠠᠢᠳᠠᠯ ᠢ᠋ ᠪᠤᠢ ᠪᠣᠯᠭᠠᠵᠠᠢ᠃

ᠬᠤᠷᠠᠯ ᠤ᠋ᠨ ᠬᠤᠭᠤᠴᠠᠭᠠᠨ᠎ᠳᠤ᠂ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠥᠯᠥᠭᠡᠯᠡᠭ᠌ᠴᠢᠳ ᠪᠥᠬᠥ᠌ ᠣᠷᠣᠨ ᠤ᠋ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠨᠳᠦ ᠨᠠᠢᠳᠠᠯᠭ᠎ᠠ ᠶ᠋ᠢ ᠡᠭᠦᠷᠭᠡᠯᠡᠵᠦ᠍᠂ ᠳᠡᠭᠡᠳᠦ ᠬᠡᠮᠵᠢᠶ᠎ᠡ᠎ᠪᠡᠷ ᠬᠠᠷᠢᠭᠤᠴᠠᠬᠤ ᠵᠣᠷᠢᠭ ᠰᠠᠨᠠᠭ᠎ᠠ᠎ᠪᠠᠷ ᠠᠷᠠᠳᠴᠢᠯᠠᠯ ᠢ᠋ ᠭᠦᠶ᠋ᠴᠡᠳ ᠪᠠᠳᠠᠷᠠᠭᠤᠯᠤᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠤ᠂ ᠪᠠᠲᠤ ᠴᠢᠩᠭ᠎ᠠ ᠤᠯᠤᠰ ᠲᠥᠷᠥ ᠶ᠋ᠢᠨ ᠤᠬᠠᠮᠰᠠᠷ ᠪᠠ ᠡᠭᠦᠷᠭᠡ ᠬᠠᠷᠢᠭᠤᠴᠠᠯᠭ᠎ᠠ ᠶ᠋ᠢ ᠢᠯᠡᠷᠡᠭᠦᠯᠪᠡ᠃ ᠲᠥᠯᠥᠭᠡᠯᠡᠭ᠌ᠴᠢᠳ᠂ ᠠᠤᠭ᠎ᠠ ᠰᠠᠨᠠᠭ᠎ᠠ ᠡᠷᠡᠯᠬᠡᠭ ᠵᠣᠷᠢᠭ ᠢ᠋ ᠪᠤᠢ ᠪᠣᠯᠭᠠᠵᠤ᠂ ᠡᠷᠴᠢ ᠵᠣᠷᠢᠭ ᠵᠢᠡᠨ ᠬᠦᠪᠴᠢᠯᠡᠨ᠂ ᠶᠡᠬᠡ᠎ᠪᠡᠷ ᠠᠵᠢᠯᠯᠠᠵᠤ ᠲᠦᠷᠭᠡᠨ ᠠᠵᠢᠯᠯᠠᠵᠤ᠂ ᠱᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠱᠢᠨ᠎ᠡ ᠴᠠᠭ ᠦᠶ᠎ᠡ ᠶ᠋ᠢᠨ ᠥᠪᠥᠷ ᠮᠣᠩᠭᠣᠯ ᠤ᠋ᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠬᠠᠭᠤᠳᠠᠰᠤ ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃


QQ截图20230117122456.png


               ᠶᠡᠬᠡ ᠬᠤᠷᠠᠯ ᠎ᠤᠨ  ᠲᠠᠯᠠᠪᠠᠢ


QQ截图20230117122141.png


              ᠲᠦᠯᠦᠬᠡᠯᠡᠭᠴᠢᠤᠨ ᠎ᠤᠨ ᠰᠤᠷᠪᠤᠯᠵᠢᠯᠠᠭ᠎ᠠ ᠬᠦᠯᠢᠶᠡᠬᠦ ᠵᠠᠮ


QQ截图20230117122156.png


               ᠢᠯᠡᠳᠭᠡᠯ ᠎ᠢ ᠶᠠᠷᠢᠯᠴᠠᠨ᠎ᠠ


QQ截图20230117122208.png


                 ᠲᠤᠭᠤᠢᠯᠠᠡᠭ ᠬᠤᠪᠢᠶᠠᠵᠤ ᠶᠠᠷᠢᠯᠴᠠᠨ᠎ᠠ


QQ截图20230117122220.png


               ᠤᠯᠤᠰ ᠎ᠤᠨ ᠰᠦᠯᠳᠡ ᠲᠠᠭᠤᠤ ᠵᠢ ᠲᠠᠭᠤᠯᠠᠨ᠎ᠠ


QQ截图20230117122235.png


                ᠰᠠᠨᠠᠯ ᠵᠢᠨᠨ ᠰᠤᠯᠢᠯᠴᠠᠨ᠎ᠠ


QQ截图20230117122251.png


                ᠰᠤᠨᠭᠭᠤᠭᠤᠯᠢ  ᠵᠢᠨ ᠪᠢᠯᠸᠲ ᠦᠭᠬᠦᠨ᠎ᠠ


QQ截图20230117122307.png


                ᠢᠳᠡᠬᠡᠯ  ᠲᠡᠬᠦᠯᠳᠡᠷ  ᠵᠢᠨᠷ ᠰᠢᠨ᠎ᠡ ᠠᠶᠠᠨ᠎ᠳᠠᠭᠠᠨ  ᠮᠤᠷᠳᠠᠨ᠎ᠠ


QQ截图20230117122322.png


               ᠮᠡᠳᠡᠬᠡ ᠵᠠᠭᠤᠴᠢᠯᠠᠭᠤᠷ᠎ᠤᠨ ᠬᠢᠨ  


ᠵᠢᠷᠤᠭ ᠄ ᠲᠤᠰ ᠰᠣᠨᠢᠨ ᠤ᠋ ᠰᠤᠷᠪᠤᠯᠵᠢᠯᠠᠭ᠍ᠴᠢ ᠬᠠᠨ ᠴᠢᠡᠭ ᠯᠢ  ᠮᠦᠨᠭᠬᠡᠴᠢᠯᠠᠭᠤ  ᠸᠠᠡᠭ ᠯᠸᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号