ᠪᠢᠳᠡᠨ᠎ᠤ ᠢᠷᠠᠭᠣ ᠠᠯᠲᠠᠷᠲᠣ ᠡᠬᠦᠷᠭᠡ ᠬᠠᠷᠢᠭᠣᠴᠠᠯᠭ᠎ᠠ
2023-01-17 11:38:28
ᠵᠣᠬᠢᠶᠠᠭ᠍ᠴᠢ᠄
ᠰᠦᠩ ᠱᠣᠸᠠᠩ
ᠣᠩᠱᠢᠭ᠍ᠰᠠᠨ ᠣᠳᠠᠭ᠎ᠠ᠄
★★★☆☆

ᠴᠠᠭ᠎ᠤᠨ ᠬᠦᠷᠳᠦ ᠪᠦᠮᠪᠦᠷᠢᠭᠰᠡᠭᠡᠷ᠂ ᠪᠠᠰᠠ ᠨᠢᠭᠡᠨ ᠲᠡᠦᠬᠡᠲᠦ ᠴᠢᠨᠠᠷᠲᠠᠶ ᠵᠠᠩᠭᠢᠯᠠᠭ᠎ᠠ᠎ᠶ᠋ᠢᠨ ᠴᠡᠭ᠎ᠲᠦ ᠬᠥᠷᠴᠦ ᠢᠷᠡᠯ᠎ᠡ᠃ ᠦᠩᠭᠡᠷᠡᠭᠰᠡᠨ ᠲᠠᠪᠤᠨ ᠵᠢᠯ ᠶ᠋ᠢᠡᠨ ᠡᠷᠬᠢᠨ ᠬᠠᠷᠠᠬᠣᠶ᠎ᠠ᠂ ᠪᠢᠳᠡ ᠶᠠᠭᠤ ᠣᠯᠵᠤ ᠦᠵᠡᠭ᠌ᠰᠡᠨ ᠪᠤᠢ?

ᠰᠦᠷ ᠳᠠᠯᠠᠢᠴᠠᠲᠠᠢ ᠠᠶᠠᠨ ᠵᠠᠮ ᠬᠠᠷᠠᠭᠠᠨ ᠳ᠋ᠦ ᠲᠣᠲᠣᠷᠠᠨ᠎ᠠ᠃ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠦᠭ᠌ᠰᠡᠨ᠎ᠡᠴᠡ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ ᠶᠡᠬᠡ᠎ᠪᠡᠷ ᠳᠡᠭᠡᠭ᠌ᠰᠢᠯᠡᠭ᠌ᠰᠡᠨ ᠬᠦᠷᠲᠡᠯ᠎ᠡ᠂ ᠬᠤᠳᠠ ᠬᠥᠳᠡᠭᠡ᠎ᠶ᠋ᠢᠨ ᠳᠦᠷᠰᠦ ᠪᠠᠢᠳᠠᠯ᠎ᠳᠤ ᠯᠤᠲᠤ ᠶᠡᠬᠡ ᠬᠤᠪᠢᠷᠠᠯᠲᠠ ᠭᠠᠷᠤᠭ᠍ᠰᠠᠨ᠎ᠠᠴᠠ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ ᠢᠯᠡᠳᠲᠡ ᠴᠢᠩᠭᠠᠷᠠᠭ᠍ᠰᠠᠨ ᠬᠦᠷᠲᠡᠯ᠎ᠡ᠂ ᠠᠷᠠᠳ ᠲᠦᠮᠡᠨ᠎ᠤ ᠠᠮᠢᠳᠤᠷᠠᠯ᠎ᠤᠨ ᠲᠦᠪᠱᠢᠨ ᠲᠣᠭ᠍ᠲᠠᠭᠤᠨ᠎ᠢᠶᠠᠷ ᠳᠡᠭᠡᠭ᠌ᠰᠢᠯᠡᠭᠰᠡᠨ ᠡᠴᠡ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠭ᠍ᠰᠠᠨ ᠬᠦᠷᠲᠡᠯ᠎ᠡ᠂ ᠬᠦᠨᠳᠦ ᠶᠡᠬᠡ ᠠᠶᠤᠯ ᠲᠦᠭ᠌ᠰᠢᠭᠦᠷᠢ᠎ᠶᠢᠨ ᠭᠡᠮ ᠰᠣᠭᠣᠭ᠎ᠢ ᠪᠦᠲᠦᠮᠵᠢᠲᠡᠢ ᠰᠡᠷᠭᠡᠢᠯᠡᠨ ᠬᠣᠷᠢᠬᠯᠠᠬᠰᠠᠨ᠎ᠠᠴᠠ ᠦᠨᠳᠦᠰᠦᠲᠡᠨ᠎ᠦ ᠪᠦᠯᠬᠦᠮᠳᠡᠯ᠎ᠦᠨ ᠪᠠᠢᠳᠠᠯ ᠪᠡᠬᠢᠵᠢᠨ ᠬᠥᠭ᠌ᠵᠢᠭ᠌ᠰᠡᠨ ᠬᠦᠷᠲᠡᠯ᠎ᠡ᠂ ᠦᠯᠡᠮᠵᠢ ᠤᠯᠠᠨ ᠰᠠᠢ᠌ᠨ ᠰᠠᠢᠬᠠᠨ ᠠᠤᠭ᠎ᠠ ᠶᠡᠬᠡ ᠠᠮᠵᠢᠯᠲᠠ ᠪᠦᠲᠦᠮᠵᠢ ᠬᠥᠮᠦᠰ᠎ᠦᠨ ᠰᠡᠳᠭᠢᠯ᠎ᠳᠦ ᠭᠦᠨ ᠬᠠᠲᠠᠩᠰᠢᠪᠠ᠃

ᠠᠯᠢ ᠤᠯᠠᠨ ᠶᠡᠬᠡ ᠶᠠᠪᠤᠳᠠᠯ ᠴᠢᠬᠤᠯᠠ ᠶᠠᠪᠤᠳᠠᠯ᠎ᠢ ᠪᠡᠶᠡᠯᠡᠭᠦᠯᠵᠦ᠍᠂ ᠠᠯᠢ ᠤᠯᠠᠨ ᠭᠣᠣᠯᠳᠠᠯᠭ᠎ᠠ᠎ᠲᠠᠶ ᠬᠦᠴᠢᠷ ᠠᠰᠠᠭᠤᠳᠠᠯ᠎ᠢ ᠢᠯᠭᠣᠮ ᠱᠢᠢᠳᠪᠦᠷᠢᠯᠡᠨ 《ᠥᠪᠥᠷ ᠮᠣᠩᠭᠣᠯ᠎ᠤᠨ ᠬᠠᠷᠢᠭᠤᠯᠲᠠ᠎ᠶ᠋ᠢᠨ ᠬᠠᠭᠤᠳᠠᠰᠤ》 ᠎ᠶ᠋ᠢ ᠪᠢᠴᠢᠭᠯᠡᠭᠰᠡᠨ ᠪᠠᠢᠨ᠎ᠠ᠃

118.3 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ᠎ᠦᠨ ᠤᠮᠠᠷᠠᠲᠤ ᠬᠢᠯᠢ᠎ᠶ᠋ᠢᠨ ᠡᠬᠡ ᠭᠠᠵᠠᠷ ᠲᠦ᠍ ᠠᠮᠢᠳᠤᠯᠢᠭ ᠦᠶ᠋ᠯᠡᠳᠦᠯᠭᠡᠵᠢᠭᠦᠯᠦᠭ᠌ᠰᠡᠨ᠎ᠤ ᠠᠨᠢᠰᠣ ᠨᠢ ᠶᠠᠭᠣ ᠪᠣᠶ? ᠥᠪᠥᠷ ᠮᠣᠩᠭᠣᠯ᠎ᠤᠨ 2400 ᠭᠠᠷᠤᠶ ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠴᠥᠬᠥᠷᠡᠰᠢ ᠥᠬᠡᠶ ᠲᠡᠮᠡᠴᠡᠭᠦ᠎ᠶᠢᠨ ᠢᠲᠡᠭᠡᠯ ᠵᠣᠷᠢᠬ ᠨᠢ ᠶᠠᠭᠣ ᠪᠣᠶ?

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠡᠬᠦᠪᠡᠯ᠂ ᠡᠬᠦᠨ᠎ᠤ ᠬᠠᠷᠢᠭᠤᠯᠲᠠ᠎ᠶᠢ ᠮᠡᠲᠡᠵᠦ ᠪᠣᠯᠣᠨ᠎ᠠ ᠄ ᠶᠡᠷᠦᠩᠬᠡᠢ ᠱᠦᠵᠢ ᠰᠢ ᠵᠢᠨ ᠫᠢᠩ ᠲᠠᠪᠤᠨ ᠵᠢᠯ ᠳᠠᠷᠠᠭᠠᠯᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ 2019 ᠣᠨ᠎ᠳᠤ ᠪᠡᠶ᠎ᠡ᠎ᠪᠡᠷ᠎ᠢᠶᠡᠨ ᠮᠠᠨ᠎ᠤ ᠣᠷᠣᠨ᠎ᠳᠤ ᠱᠢᠨᠵᠢᠯᠡᠨ ᠪᠠᠢᠴᠠᠭᠠᠬᠤ᠎ᠶ᠋ᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ ᠂ ᠦᠨᠳᠦᠰᠦᠨ ᠵᠢᠷᠤᠮᠯᠠᠯ ᠬᠠᠩᠭᠠᠪᠠ᠃ ᠦᠨᠳᠦᠰᠦᠲᠡᠨ᠎ᠨᠦᠭᠦᠳ᠎ᠦᠨ ᠠᠷᠠᠳ ᠲᠦᠮᠡᠨ ᠢᠮᠠᠭ᠍ᠲᠠ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠣᠷᠣᠨ ᠳᠠᠶᠠᠭᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠥᠭ᠌ᠵᠢᠯᠲᠡ᠎ᠶ᠋ᠢ ᠠᠳᠭᠤᠵᠤ᠂ ᠥᠭᠡᠷᠡᠴᠢᠯᠡᠯᠲᠡ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠵᠦ᠍᠂ ᠪᠦᠯᠬᠦᠮᠳᠡᠯ᠎ᠢ ᠴᠢᠩᠭᠠᠳᠭᠠᠵᠤ᠂ ᠠᠮᠤᠷ ᠲᠦᠪᠱᠢᠨ᠎ᠢ ᠪᠠᠲᠤᠯᠠᠵᠤ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ ᠴᠢᠬᠤᠯᠠ ᠶᠡᠬᠡ ᠠᠮᠵᠢᠯᠲᠠ ᠤᠯᠬᠤ᠎ᠶ᠋ᠢ ᠠᠬᠢᠭᠤᠯᠪᠠ᠃

ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯ ᠳᠠᠷᠤᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠰᠠᠢᠲᠤᠷ ᠪᠡᠶᠡᠯᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠢ᠋ ᠰᠠᠢᠲᠤᠷ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ  — ᠢᠯᠡᠳᠭᠡᠯ᠎ᠤᠨ ᠬᠢᠯᠠᠰ ᠴᠡᠭ ᠨᠢ ᠲᠥᠯᠥᠭᠡᠯᠡᠭ᠌ᠴᠢ ᠭᠡᠱᠢᠭᠦᠳ᠎ᠦᠨ ᠬᠠᠯᠠᠮᠱᠢᠯ ᠠᠰᠠᠭᠤᠳᠠᠯ ᠪᠣᠯᠵᠠᠢ᠃ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠰᠠᠢᠳᠤᠷ ᠠᠳᠬᠤᠵᠦ᠂ ᠠᠵᠠ ᠲᠣᠬᠢᠶᠠᠯ᠎ᠢ ᠡᠵᠡᠮᠲᠡᠵᠦ ᠴᠢᠳᠠᠪᠠᠯ ᠱᠢᠨ᠎ᠡ ᠣᠷᠣᠨ ᠵᠠᠢ᠎ᠶ᠋ᠢ ᠨᠡᠭᠡᠭᠡᠵᠦ᠍ ᠴᠢᠳᠠᠨ᠎ᠠ;ᠠᠰᠠᠭᠤᠳᠠᠯ ᠪᠣᠯᠣᠨ ᠥᠷᠢᠰᠥᠯᠳᠦᠭᠡᠨ᠎ᠡᠴᠡ ᠲᠣᠭᠣᠷᠢᠨ ᠭᠠᠷᠴᠣ ᠴᠢᠳᠠᠬᠤ ᠦᠭᠡᠢ ᠶᠤᠮ᠂ ᠰᠠᠢᠲᠤᠷ ᠱᠢᠢᠳᠪᠦᠷᠢᠯᠡᠵᠦ᠍ ᠂ ᠰᠠᠢᠲᠤᠷ ᠦᠢᠯᠡᠳᠦᠯᠭᠡᠵᠢᠭᠦᠯᠪᠡᠯ ᠳᠠᠷᠤᠢ ᠱᠢᠨ᠎ᠡ ᠠᠵᠠ ᠲᠣᠬᠢᠶᠠᠯ ᠪᠣᠯᠤᠨ ᠬᠤᠪᠢᠷᠠᠬᠣ ᠪᠣᠯᠣᠨ᠎ᠠ᠃

ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠭᠡᠰᠡᠭᠡᠡᠭᠤᠯᠠ ᠮᠠᠯᠵᠢᠯ᠎ᠤᠨ ᠲᠠᠯᠠᠪᠠᠶ᠎ᠶ᠋ᠢᠨ ᠮᠠᠯᠴᠢᠨ ᠰᠦᠨ ᠷᠦ᠍ ᠱᠢᠨ᠎ᠦ ᠭᠠᠷ ᠤᠲᠠᠰᠤᠨ᠎ᠳᠤ ᠲᠡᠭᠦᠨ᠎ᠦ ᠨᠤᠲᠤᠭ ᠪᠡᠯᠴᠢᠭᠡᠷ᠎ᠦᠨ ᠲᠣᠬᠠᠢ ᠬᠣᠶᠠᠷ ᠸᠢᠳᠢᠣ᠋ ᠪᠢᠴᠢᠯᠭᠡ ᠬᠠᠲᠠᠭᠠᠯᠠᠬᠰᠠᠭᠠᠷ᠃ ᠨᠢᠭᠡ ᠨᠢ 3 ᠵᠢᠯ᠎ᠦᠨ ᠡᠮᠦᠨᠡᠬᠢ ᠪᠢᠴᠢᠯᠭᠡ ᠪᠣᠯᠬᠣ ᠪᠦᠭᠡᠳ ᠬᠦᠴᠦᠲᠦ ᠰᠠᠯᠬᠢ ᠬᠣᠮᠠᠬ ᠰᠢᠷᠣᠢ᠎ᠶᠢ ᠬᠡᠢᠰᠭᠡᠵᠦ ᠬᠦᠯ ᠲᠡᠭᠡᠷ᠎ᠡ ᠪᠠᠨ ᠯᠠᠪᠲᠠᠭᠣᠨ ᠵᠣᠬᠰᠣᠬᠣ ᠳ᠋ᠦ ᠪᠡᠷᠬᠡ; ᠨᠦᠬᠦᠭᠡ ᠨᠢ 2022 ᠣᠨ᠎ᠤ ᠲᠡᠯᠭᠡᠷ ᠵᠤᠨ᠎ᠤ ᠪᠢᠴᠢᠯᠭᠡ ᠪᠠᠢᠵᠦ᠂ ᠰᠠᠯᠬᠢᠨ᠎ᠤ ᠠᠶ᠎ᠠ ᠪᠡᠷ ᠨᠣᠮᠢᠨ ᠲᠣᠯᠬᠢᠶ᠎ᠠ ᠬᠠᠶᠠᠯᠠᠨ᠎ᠠ᠃ 2020 ᠣᠨ᠎ᠳᠤ᠂ ᠡᠨᠡ ᠬᠡᠰᠡᠭ ᠨᠤᠲᠤᠭ ᠪᠡᠯᠴᠢᠭᠡᠷ᠎ᠢ ᠤᠯᠠᠭᠠᠢ᠎ᠶ᠋ᠢᠨ ᠡᠯᠡᠰᠦᠷᠬᠡᠭ᠌ᠵᠢᠭ᠌ᠰᠡᠨ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ ᠬᠡᠪᠴᠢᠶᠡᠨ᠎ᠳᠦ ᠣᠷᠣᠭᠤᠯᠵᠤ᠂ ᠮᠸᠩ ᠼᠤᠤ ᠺᠣᠮᠫᠠᠨᠢ ᠰᠡᠷᠭᠦᠭᠡᠨ ᠵᠠᠰᠠᠪᠠ᠃ ᠮᠧᠬᠠᠨᠢᠭ ᠡᠯᠡᠰᠦᠨ ᠬᠠᠯᠬᠠᠪᠴᠢ ᠂ ᠠᠮᠢᠳᠤ ᠪᠣᠳᠠᠰ᠎ᠤᠨ ᠡᠯᠡᠰᠦᠨ ᠬᠠᠯᠬᠠᠪᠴᠢ ᠂ ᠬᠥᠮᠦᠨ᠎ᠦ ᠬᠦᠴᠦ᠍᠎ᠪᠡᠷ ᠡᠪᠡᠰᠦ ᠲᠠᠷᠢᠬᠤ ᠵᠡᠷᠭᠡ ᠵᠠᠰᠠᠨ ᠰᠡᠷᠭᠦᠭᠡᠬᠦ᠌ ᠠᠷᠭ᠎ᠠ ᠬᠡᠮᠵᠢᠶ᠎ᠡ᠎ᠶ᠋ᠢ ᠠᠪᠣᠬᠰᠠᠨ ᠶ᠋ᠢᠡᠷ᠂ 3 ᠵᠢᠯ᠎ᠦᠨ ᠬᠤᠭᠤᠴᠠᠭᠠᠨ᠎ᠳᠤ ᠡᠨᠳᠡ ᠡᠪᠡᠰᠦ ᠮᠣᠳᠣ ᠨᠣᠭᠣᠭᠠᠷᠠᠵᠤ᠂ ᠤᠷᠭᠤᠮᠠᠯ᠎ᠤᠨ ᠣᠯᠠᠨ ᠶᠠᠩᠵᠤᠲᠤ ᠴᠢᠨᠠᠷ ᠢᠯᠡᠳᠲᠡ ᠨᠡᠮᠡᠭ᠌ᠳᠡᠪᠡ᠃ ᠥᠪᠥᠷ ᠮᠣᠩᠭᠣᠯ᠎ᠳᠤ ᠠᠮᠢ ᠠᠬᠤᠢ᠎ᠶ᠋ᠢᠨ 《ᠱᠢᠷᠬ᠎ᠠ ᠰᠣᠷᠪᠢ》 ᠎ᠶ᠋ᠢ ᠠᠨᠠᠭᠠᠵᠦ ᠡᠳᠡᠭᠡᠷᠡᠭᠦᠯᠦᠭᠰᠡᠨ ᠦᠯᠢᠭᠡᠷ ᠵᠢᠱ᠌ᠢᠶ᠎ᠠ ᠶᠠᠪᠣᠬᠣ ᠲᠣᠲᠣᠮ ᠣᠯᠠᠰᠢᠷᠠᠬᠰᠠᠭᠠᠷ᠃

ᠨᠢᠭᠡ ᠣᠷᠣᠨ ᠪᠦᠰᠡ ᠡᠴᠡ ᠪᠦᠬᠦ᠌ ᠲᠠᠯ᠎ᠠ᠎ᠶ᠋ᠢ ᠰᠢᠨᠵᠢᠵᠦ᠂ ᠨᠢᠭᠡ ᠶᠠᠪᠤᠳᠠᠯ ᠡᠴᠡ ᠣᠢᠯᠠᠭᠠᠭ᠍ᠳᠠᠬᠤᠨ᠎ᠢ ᠮᠡᠳᠡᠷᠡᠵᠦ ᠪᠣᠯᠣᠨ᠎ᠠ᠃ ᠡᠬᠡ ᠣᠷᠣᠨᠴᠢ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠤ᠂ ᠥᠪᠥᠷ ᠮᠣᠩᠭᠣᠯ ᠬᠤᠪᠢᠰᠣᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠡᠭᠦᠳᠴᠦ᠍᠂ ᠥᠷᠢᠰᠥᠯᠳᠦᠭᠡᠨ᠎ᠦ ᠳᠤᠮᠳᠠ ᠠᠵᠠ ᠲᠣᠬᠢᠶᠠᠯ᠎ᠢ ᠡᠷᠢᠯᠬᠢᠯᠡᠵᠦ᠍᠂ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠵᠢᠷᠣᠮᠯᠠᠨ ᠬᠦᠢᠴᠡᠳᠭᠡᠪᠡ᠃

ᠲᠠᠪᠤᠨ ᠶᠡᠬᠡ ᠡᠭᠦᠷᠭᠡ ᠪᠣᠯ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠪᠠᠢᠳᠠᠯ᠎ᠢ ᠦᠨᠳᠦᠰᠦᠯᠡᠵᠦ ᠲᠣᠭ᠍ᠲᠠᠭᠠᠬᠰᠠᠨ ᠠᠵᠢᠯᠯᠠᠭᠠᠨ᠎ᠤ ᠬᠥᠲᠥᠯᠪᠦᠷᠢ ᠪᠣᠯᠤᠨ᠎ᠠ᠃ ᠲᠠᠪᠣᠨ ᠶᠡᠬᠡ ᠡᠬᠦᠷᠭᠡ ᠨᠢ ᠬᠠᠷᠢᠯᠴᠠᠨ ᠨᠦᠬᠦᠪᠦᠷᠢᠯᠡᠨ ᠬᠠᠷᠢᠯᠴᠠᠨ ᠦᠢᠯᠡᠲᠦᠯᠴᠡᠵᠦ᠂ ᠬᠠᠮᠲᠤ᠎ᠪᠠᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ 《ᠲᠦᠷᠪᠡᠨ ᠲᠣᠯᠭᠠᠭᠣᠷᠢ ᠨᠠᠢ᠍ᠮᠠᠨ ᠪᠠᠭᠠᠨ᠎ᠠ》 ᠵᠢ ᠪᠦᠷᠢᠯᠳᠦᠭᠦᠯᠵᠡᠢ᠃ ᠲᠥᠯᠥᠭᠡᠯᠡᠭ᠌ᠴᠢ ᠭᠡᠱᠢᠭᠦᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠡᠴᠡ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠰᠡᠳᠭᠢᠮᠵᠢ᠎ᠶ᠋ᠢ ᠡᠷᠢᠵᠦ᠍ ᠣᠯᠤᠭ᠍ᠰᠠᠨ ᠪᠦᠭᠡᠳ ᠡᠯ᠎ᠡ ᠭᠠᠵᠠᠷ ᠡᠴᠡ ᠦᠶ᠋ᠯᠡᠳᠦᠯᠭᠡ᠎ᠶ᠋ᠢᠨ ᠲᠤᠷᠱᠢᠯᠭ᠎ᠠ ᠠᠪᠴᠢᠷᠠᠵᠤ᠂ ᠤᠷᠤᠭ᠍ᠰᠢᠯᠠᠯᠲᠠ᠎ᠶᠢᠨ ᠠᠯᠬᠤᠭ᠎ᠠ᠎ᠨᠢ ᠶᠠᠪᠤᠬᠤ ᠲᠤᠲᠤᠮ ᠲᠣᠳᠣᠷᠬᠠᠶ᠂ ᠪᠠᠲᠤ ᠴᠢᠩᠭ᠎ᠠ ᠪᠣᠯᠪᠠ᠃

《ᠤᠳᠠ ᠲᠣᠭᠣᠷᠢᠭ ᠠᠭᠤᠷᠬᠠᠢ᠎ᠶ᠋ᠢ ᠵᠠᠰᠠᠬᠤ᠂ ᠠᠵᠤ ᠠᠬᠤᠢᠯᠠᠯ᠎ᠢ ᠵᠠᠰᠠᠬᠤ᠂ ᠤᠰᠤ᠎ᠶ᠋ᠢ ᠵᠠᠰᠠᠬᠤ᠂ ᠲᠡᠷᠭᠡ᠎ᠶ᠋ᠢ ᠵᠠᠰᠠᠬᠤ᠂ ᠵᠠᠮ᠎ᠢ᠎ᠵᠠᠰᠠᠬᠤ᠂ ᠲᠠᠯᠠᠪᠠᠢ᠎ᠶ᠋ᠢ ᠵᠠᠰᠠᠬᠤ ᠵᠡᠷᠭᠡ 〈ᠲᠤᠯᠤᠭ᠎ᠠ᠎ᠶ᠋ᠢ ᠵᠠᠰᠠᠬᠤ〉 ᠠᠵᠢᠯ᠎ᠢᠶᠠᠷ ᠭᠣᠣᠯ ᠭᠠᠷᠳᠠᠴᠠ ᠪᠠ ᠠᠴᠢᠶᠠᠯᠠᠪᠤᠷᠢ ᠪᠣᠯᠭᠠᠵᠤ᠂ ᠣᠷᠴᠢᠨ ᠲᠣᠭᠣᠷᠢᠨ᠎ᠤ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ ᠢᠯᠡᠳᠲᠡ ᠦᠷ᠎ᠡ ᠪᠦᠲᠦᠮᠵᠢ ᠤᠯᠪᠠ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠣᠷᠠᠯ᠎ᠤᠨ ᠲᠥᠯᠥᠭᠡᠯᠡᠭ᠌ᠴᠢ ᠂ ᠦᠬᠠᠶ ᠬᠣᠲᠠ᠎ᠶ᠋ᠢᠨ ᠤᠳᠠ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠶᠠᠨ ᠸᠧᠨ ᠯᠦᠩ ᠢᠯᠡᠷᠬᠡᠢᠯᠡᠬᠦ ᠳ᠋ᠡᠭᠡᠨ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠲᠠᠷᠤᠢ ᠠᠯᠲᠠ ᠮᠥᠩᠭᠥᠨ ᠠᠭᠤᠯᠠ ᠮᠦᠨ ᠭᠡᠬᠦ᠌ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠦᠷᠭᠦᠯᠵᠢᠯᠡᠨ ᠨᠠᠷᠢᠨ ᠬᠢᠨᠠᠮᠠᠭᠠᠶ ᠦᠶ᠋ᠯᠡᠳᠦᠯᠭᠡᠵᠢᠭᠦᠯᠵᠦ᠍᠂ ᠪᠠᠭᠠᠲᠤᠷ ᠡᠷ᠎ᠡ ᠪᠠᠭᠤᠤ᠎ᠪᠠᠨ ᠴᠠᠪᠴᠢᠬᠤ ᠰᠥᠰᠥ᠍ ᠵᠣᠷᠢᠭ᠎ᠢᠶᠠᠷ ᠠᠮᠢ ᠠᠬᠤᠶ ᠣᠷᠴᠢᠨ ᠲᠣᠭᠣᠷᠢᠨ᠎ᠢ ᠬᠣᠬᠢᠷᠠᠭᠤᠯᠬᠤ ᠴᠢᠨᠠᠭ᠍ᠰᠢᠯᠠᠪᠠᠯ ᠠᠮᠢ ᠠᠬᠣᠢ ᠣᠷᠴᠢᠨ ᠲᠣᠭᠣᠷᠢᠨ᠎ᠢ ᠡᠪᠳᠡᠬᠦ᠌ ᠬᠥᠭ᠌ᠵᠢᠯᠲᠡ᠎ᠶ᠋ᠢᠨ ᠵᠠᠭ᠍ᠪᠤᠷ᠎ᠢ ᠡᠷᠡᠰ ᠲᠠᠶᠠᠭ᠍ᠳᠠᠨ᠎ᠠ ᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠣᠷᠠᠯ᠎ᠤᠨ ᠲᠥᠯᠥᠭᠡᠯᠡᠭ᠌ᠴᠢ᠂ ᠱᠢᠯᠢ᠎ᠶ᠋ᠢᠨ ᠭᠣᠣᠯ ᠠᠢᠮᠠᠭ᠎ᠤᠨ ᠵᠡᠭᠦᠨ ᠦᠵᠦᠮᠦᠴᠢᠨ ᠬᠣᠱᠢᠭᠤᠨ᠎ᠤ ᠠᠷᠠᠳ᠎ᠤᠨ ᠵᠡᠪᠰᠡᠭ᠌ᠲᠦ ᠬᠦᠴᠦᠨ᠎ᠦ ᠬᠡᠯᠲᠡᠰ᠎ᠦᠨ ᠺᠣᠮᠢᠰᠰᠠᠷ ᠴᠧᠨ ᠽᠠᠢ ᠯᠢᠨ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠯᠳᠤᠭ᠍ᠴᠢᠳ᠎ᠤᠨ ᠬᠢᠯᠢ ᠬᠢᠵᠠᠭᠠᠷ᠎ᠢ ᠬᠠᠮᠠᠭᠠᠯᠠᠭ᠍ᠰᠠᠨ ᠦᠯᠢᠭᠡᠷ᠎ᠢ ᠰᠡᠳᠭᠢᠯ ᠳᠣᠭ᠍ᠳᠣᠯᠤᠨ ᠶᠠᠷᠢᠬᠣ ᠳ᠋ᠠᠭᠠᠨ᠄ 《ᠬᠢᠯᠢ᠎ᠶ᠋ᠢᠨ ᠬᠥᠱᠢᠶ᠎ᠡ ᠨᠢᠭᠡᠪᠦᠷᠢ ᠨᠢ ᠴᠥᠮ ᠪᠠᠢᠯᠳᠤᠭ᠍ᠴᠢᠳ᠎ᠤᠨ ᠰᠡᠭᠦᠳᠡᠷ᠂ ᠬᠠᠷᠠᠭᠤᠯ᠎ᠤᠨ ᠰᠤᠪᠤᠷᠭ᠎ᠠ ᠨᠢᠭᠡᠪᠦᠷᠢ ᠨᠢ ᠡᠬᠡ ᠤᠯᠤᠰ᠎ᠤᠨ ᠨᠢᠳᠦ ᠪᠣᠯᠣᠨ᠎ᠠ᠃ ᠪᠢᠳᠡ ᠡᠬᠡ ᠤᠯᠤᠰ᠎ᠤᠨ 〈ᠣᠮᠠᠷᠠᠲᠣ ᠬᠠᠭᠠᠯᠭ᠎ᠠ〉 ᠵᠢ ᠡᠷᠡᠰ ᠰᠠᠢᠲᠤᠷ ᠰᠠᠬᠢᠨ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ》 ᠭᠡᠵᠦ ᠪᠠᠢᠯ᠎ᠠ᠃

《ᠤᠯᠠᠭᠠᠨᠬᠣᠲᠠ᠎ᠶ᠋ᠢᠨ ᠤᠰᠤᠨ ᠲᠤᠲᠤᠷᠭ᠎ᠠ》᠎ᠶ᠋ᠢᠨ ᠥᠨᠳᠥᠷ ᠤᠨᠠᠯᠲᠠ ᠡᠭᠦᠳᠦᠭ᠌ᠰᠡᠨ ᠲᠠᠷᠢᠶᠠᠨ ᠭᠠᠵᠠᠷ᠎ᠤᠨ ᠮᠥ᠍ ᠪᠦᠷᠢ᠎ᠶ᠋ᠢᠨ ᠤᠨᠠᠯᠲᠠ 743.5 ᠺᠢᠯᠣᠭ᠌ᠷᠠᠮ᠎ᠳᠤ ᠬᠦᠷᠴᠦ᠍᠂ ᠥᠪᠡᠷᠲᠡᠭᠡᠨ ᠵᠠᠰᠠᠬᠤ ᠣᠷᠣᠨ᠎ᠤ ᠤᠰᠤᠨ ᠲᠤᠲᠤᠷᠭ᠎ᠠ᠎ᠶ᠋ᠢᠨ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢᠨ ᠲᠡᠮᠳᠡᠭ᠌ᠯᠡᠯ᠎ᠢ ᠳᠠᠬᠢᠨᠲᠠ ᠱᠢᠨᠡᠳᠭᠡᠪᠡ; ᠵᠠᠯᠠᠢᠳ ᠬᠣᠱᠢᠭᠤ᠎ᠶ᠋ᠢᠨ ᠱᠢᠷ᠎ᠠ ᠪᠤᠷᠴᠠᠭ᠎ᠤᠨ ᠮᠦ᠍ ᠪᠦᠷᠢ᠎ᠶ᠋ᠢᠨ ᠤᠨᠠᠯᠲᠠ ᠨᠢ 303.4 ᠺᠢᠯᠣᠭ᠌ᠷᠠᠮ᠎ᠤᠨ ᠱᠢᠯᠢᠳᠡᠭ ᠬᠢᠷᠢ ᠪᠦᠲᠦᠮᠵᠢ᠎ᠪᠡᠷ ᠪᠦᠬᠦ᠌ ᠤᠯᠤᠰ᠎ᠤᠨ 《ᠠᠯᠲᠠᠨ ᠪᠤᠷᠴᠠᠭ᠎ᠤᠨ ᠸᠠᠩ》 ᠎ᠤ᠋ᠨ ᠠᠯᠳᠠᠷ ᠴᠣᠯᠠ᠎ᠶ᠋ᠢ ᠬᠦᠷᠲᠡᠪᠡ;ᠨᠢᠳᠤᠨᠤᠨ ᠬᠢᠩᠭᠠᠨ ᠠᠢᠮᠠᠭ ᠪᠠᠰᠠ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠲᠤᠷᠱᠢᠯᠲᠠ᠎ᠶ᠋ᠢᠨ ᠣᠷᠣᠨ᠎ᠢᠶᠠᠷ ᠵᠥᠪᠱᠢᠶᠡᠷᠡᠭ᠌ᠳᠡᠪᠡ》᠃ ᠲᠠᠷᠢᠶᠠᠯᠠᠩ ᠮᠠᠯ ᠠᠵᠤ ᠠᠬᠤᠶ᠎ᠶᠢᠨ ᠱᠢᠨᠵᠢᠯᠡᠬᠦ᠌ ᠤᠬᠠᠭᠠᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠶ ᠶᠠᠷᠢᠬᠤ᠎ᠳᠠᠭᠠᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠶ᠎ᠶᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠳᠠᠷᠤᠭ᠎ᠠ ᠱᠢᠤᠢ ᠱᠢᠩ ᠵᠢᠶᠠᠨ ᠢᠩᠬᠢᠵᠦ ᠶᠠᠷᠢᠵᠦ ᠪᠠᠢᠯ᠎ᠠ᠃ ᠡᠭᠦᠨ᠎ᠢᠶᠡᠷ ᠪᠠᠷᠠᠬᠤ ᠥᠬᠡᠶ ᠂ ᠬᠢᠩᠭᠠᠨ ᠠᠢᠮᠠᠭ 2021 ᠣᠨ᠎ᠳᠤ ᠤᠯᠤᠰ᠎ᠤᠨ ᠠᠮᠢᠳᠤ ᠪᠣᠳᠠᠰ᠎ᠤᠨ ᠦᠷ᠎ᠡ ᠪᠣᠢᠵᠢᠭᠤᠯᠬᠤ 470 ᠮᠥ᠍ ᠱᠢᠷ᠎ᠠ ᠪᠤᠷᠴᠠᠭ᠂ ᠡᠷᠳᠡᠨᠢ ᠱᠢᠰᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠤᠷᠱᠢᠯᠲᠠ᠎ᠶ᠋ᠢᠨ ᠴᠢᠭ᠎ᠤᠨ ᠳᠠᠷᠢᠬᠤ ᠡᠭᠦᠷᠭᠡ᠎ᠶ᠋ᠢ ᠡᠭᠦᠷᠭᠡᠯᠡᠵᠦ᠍᠂ 2022 ᠣᠨ᠎ᠳᠤ ᠲᠤᠷᠱᠢᠯᠲᠠ᠎ᠶ᠋ᠢᠨ ᠴᠢᠭ᠎ᠤᠨ ᠳᠠᠷᠢᠬᠤ ᠲᠠᠯᠠᠪᠠᠶ᠎ᠶ᠋ᠢ 6 ᠲᠦᠮᠡᠨ ᠮᠥ᠍ ᠪᠣᠯᠭᠠᠨ ᠦᠷᠭᠡᠳᠭᠡᠵᠦ ᠂ ᠪᠥᠬᠥ᠌ ᠤᠯᠤᠰ ᠲᠡᠬᠢ ᠡᠵᠡᠯᠡᠬᠦ᠌ ᠬᠠᠷᠢᠴᠠᠯ᠎ᠢ 78% ᠎ᠳ᠋ᠤ ᠬᠦᠷᠦᠭᠦᠯᠵᠦ᠍᠂ ᠲᠤᠷᠱᠢᠯᠲᠠ᠎ᠶ᠋ᠢᠨ ᠴᠢᠬ᠎ᠤᠨ ᠠᠵᠢᠯ᠎ᠨᠢ ᠠᠮᠢᠳᠤ ᠪᠣᠳᠠᠰ᠎ᠤᠨ ᠦᠷ᠎ᠡ ᠪᠣᠢᠵᠢᠭᠤᠯᠬᠤ ᠱᠢᠨ᠎ᠡ ᠡᠭᠦᠯᠳᠡᠷ᠎ᠦᠨ ᠱᠢᠯᠢᠳᠡᠭ ᠰᠠᠢᠨ ᠥᠪᠡᠷᠮᠢᠴᠡ ᠴᠢᠨᠠᠷ ᠪᠠ ᠠᠵᠤ ᠦᠶ᠋ᠯᠡᠰ᠎ᠦᠨ ᠥᠷᠢᠰᠥᠯᠳᠦᠬᠦ᠌ ᠬᠦᠴᠦᠨ᠎ᠢ ᠱᠢᠯᠭᠠᠨ ᠪᠠᠲᠤᠯᠠᠭ᠍ᠰᠠᠨ᠎ᠢᠶᠠᠷ ᠪᠠᠷᠠᠬᠤ ᠥᠬᠡᠶ ᠢᠵᠢ ᠪᠥᠷᠢᠳᠦᠭ᠌ᠰᠡᠨ ᠬᠠᠪᠰᠣᠷᠣᠨ ᠳᠡᠮᠵᠢᠬᠦ᠌ ᠲᠥᠷᠥ᠎ᠶ᠋ᠢᠨ ᠪᠣᠳᠣᠯᠭ᠎ᠠ᠂ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠬᠤ ᠵᠡᠷᠭᠡ ᠲᠠᠯ᠎ᠠ᠎ᠪᠠᠷ ᠲᠤᠷᠱᠢᠯᠭ᠎ᠠ ᠬᠤᠷᠠᠮᠳᠤᠭᠤᠯᠤᠭ᠍ᠰᠠᠨ ᠪᠠᠢᠨ᠎ᠠ᠃

ᠬᠠᠭᠤᠴᠢᠨ ᠠᠵᠤ ᠦᠢᠯᠡᠰ 《ᠬᠥᠭᠰᠢᠨ ᠮᠣᠳᠣ ᠱᠢᠨ᠎ᠡ ᠰᠠᠯᠠᠭ᠎ᠠ ᠨᠠᠮᠠᠭ᠎ᠠ ᠭᠠᠷᠴᠣ᠂ ᠱᠢᠨ᠎ᠡ ᠬᠥᠳᠡᠯᠭᠡᠬᠦ᠌ ᠡᠨᠧᠷᠭᠢ ᠎ᠶᠢᠨ 《ᠨᠢᠯᠬ᠎ᠠ ᠴᠢᠬᠢ ᠢᠳᠡᠷᠡᠭᠦᠨ ᠣᠷᠭᠣᠨ᠎ᠠ》᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠬᠵᠢᠭᠣᠯᠬᠣ ᠠᠵᠤ ᠦᠶ᠋ᠯᠡᠰ᠎ᠦᠨ ᠨᠡᠢᠭᠡᠮᠯᠢᠭ᠎ᠦᠨ ᠳᠠᠷᠤᠭ᠎ᠠ ᠬᠤᠤ ᠵᠧᠨ ᠢᠦᠶ᠎ᠶ᠋ᠢᠨ ᠦᠵᠡᠬᠦ᠌᠎ᠪᠡᠷ᠂ 《ᠬᠤᠤᠰ ᠨᠡᠭᠦᠷᠡᠰᠦᠲᠥ᠋ᠷᠥᠭ᠌ᠴᠢ》 ᠎ᠶ᠋ᠢᠨ ᠠᠵᠤ ᠠᠬᠤᠶ᠎ᠨᠢ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ ᠪᠣᠯᠵᠣ᠂ ᠰᠠᠢᠲᠤᠷ ᠲᠥᠰᠦᠪᠯᠡᠵᠦ᠍᠂ ᠣᠨᠣᠪᠴᠢᠲᠠᠶ ᠲᠥᠯᠥᠪᠯᠡᠪᠡᠯ᠂ ᠤᠯᠤᠰ᠎ᠤᠨ ᠡᠳ᠋᠎ᠦᠨ ᠵᠠᠰᠠᠭ᠂ ᠮᠥᠩᠭᠥᠨ ᠭᠦᠶ᠋ᠯᠭᠡᠭᠡᠨ ᠵᠡᠷᠭᠡ ᠣᠯᠠᠨ ᠲᠠᠯ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠰᠠᠢᠲᠤᠷ ᠬᠡᠷᠡᠭ᠌ᠯᠡᠵᠦ᠍᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠦᠷᠭᠡᠨ ᠵᠠᠮ᠎ᠳᠤ ᠣᠷᠣᠵᠤ᠂ ᠠᠵᠤ ᠠᠬᠤᠢᠯᠠᠯ ᠪᠣᠯᠤᠨ ᠠᠷᠠᠳ ᠲᠦᠮᠡᠨ ᠣᠷᠳᠣ ᠬᠤᠭᠤᠴᠠᠭ᠎ᠠ᠎ᠪᠠᠷ ᠠᠱᠢᠭ ᠭᠥᠷᠳᠡᠬᠦ᠌ ᠪᠣᠯᠤᠨ᠎ᠠ᠃

《ᠡᠭᠦᠳᠡ᠎ᠪᠡᠨ ᠨᠡᠭᠡᠭᠡᠬᠦ᠌ ᠦᠭᠡᠢ ᠪᠣᠯ ᠰᠠᠯᠬᠢ ᠦᠯᠢᠶᠡᠬᠦ ᠦᠭᠡᠢ᠂ ᠬᠥᠮᠦᠨ ᠴᠤᠭ᠍ᠯᠠᠷᠠᠬᠤ ᠦᠭᠡᠢ ᠪᠣᠯ ᠬᠦᠷ ᠬᠦᠭᠵᠢᠶᠡᠨ ᠠᠯᠠᠭ᠎ᠠ》᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠤᠨ ᠰᠣᠩᠭᠣᠲᠠᠭ ᠪᠠᠲᠠᠭ᠎ᠤ᠋ᠤᠨ ᠲᠥᠯᠥᠭᠡᠯᠡᠭ᠌ᠴᠢ ᠭᠡᠱᠢᠭᠦᠳ᠎ᠤᠨ ᠳᠠᠬᠢᠨᠲᠠ ᠮᠣᠷᠳᠠᠵᠤ᠂ ᠱᠢᠨ᠎ᠡ ᠪᠠᠢᠳᠠᠯ᠎ᠢ ᠨᠡᠭᠡᠭᠡᠵᠦ ᠂ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠢᠲᠡᠭᠡᠯ ᠵᠣᠷᠢᠭ᠎ᠢ ᠬᠦᠪᠴᠢᠯᠡᠪᠡ᠃

《ᠢᠯᠡᠳᠭᠡᠯ᠎ᠳᠦ ᠳᠤᠷᠠᠳᠤᠭ᠍ᠰᠠᠨ ᠨᠡᠩ ᠶᠡᠬᠡ ᠰᠥᠰᠥ᠍ ᠵᠣᠷᠢᠭ᠎ᠢᠶᠠᠷ ᠨᠡᠬᠡᠬᠡᠯᠳᠡ᠎ᠶ᠋ᠢ ᠥᠷᠭᠡᠳᠭᠡᠬᠦ᠌ ᠪᠠᠢᠷᠢᠯᠠᠭᠤᠯᠤᠯᠲᠠ ᠨᠢ ᠨᠠᠮᠠᠶ᠋ᠢ ᠮᠠᠰᠢ ᠵᠣᠷᠢᠬᠵᠢᠭᠣᠯᠪᠠ᠂ ᠪᠢᠳᠠ ᠭᠠᠳᠠᠭᠠᠳᠤ ᠬᠠᠨᠳᠤᠯᠭᠠᠲᠤ ᠠᠵᠤ ᠠᠬᠤᠢ᠎ᠶ᠋ᠢ ᠲᠦᠷᠭᠡᠳᠭᠡᠨ ᠬᠥᠭ᠌ᠵᠢᠭᠦᠯᠵᠦ᠍᠂ ᠬᠢᠯᠢ ᠠᠯᠤᠰᠯᠠᠭ᠍ᠰᠠᠨ ᠡᠯᠸᠺᠲᠷᠤᠨ ᠬᠤᠳᠠᠯᠳᠤᠭ᠎ᠠ ᠵᠡᠷᠭᠡ ᠭᠠᠳᠠᠭᠠᠳᠤ ᠠᠷᠠᠯᠵᠢᠶᠠᠨ᠎ᠤ ᠵᠠᠭ᠍ᠪᠤᠷ᠎ᠤᠨ ᠲᠠᠯ᠎ᠠ᠎ᠪᠠᠷ ᠵᠣᠷᠢᠭ᠍ᠲᠠᠢ ᠰᠦᠪᠡᠭ᠌ᠴᠢᠯᠡᠵᠦ᠍᠂ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠨᠡᠩ ᠶᠡᠬᠡ ᠱᠢᠨ᠎ᠡ ᠱᠢᠪᠲᠤᠯᠤᠯᠲᠠ᠎ᠶ᠋ᠢ ᠴᠢᠷᠮᠠᠢᠨ ᠡᠷᠢᠯᠬᠢᠯᠡᠬᠦ ᠬᠡᠷᠡᠭᠲᠡᠢ᠃ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠲᠦᠷᠢᠮ᠎ᠦᠨ ᠵᠢᠷᠤᠭ ᠲᠥᠯᠥᠪᠯᠡᠭᠡ ᠪᠠ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ᠎ᠪᠠᠨ ᠲᠡᠭᠦᠯᠳᠡᠷᠵᠢᠭᠦᠯᠵᠦ᠍᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠠᠵᠤ ᠠᠬᠤᠢᠯᠠᠯ᠎ᠤᠨ ᠪᠣᠭᠣᠮᠲᠠ᠎ᠪᠠᠷ ᠥᠩᠭᠡᠷᠡᠬᠦ᠌ ᠥᠪᠡᠷ᠎ᠦᠨ ᠥᠷᠲᠡᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠤᠷᠠᠭᠤᠯᠬᠤ᠎ᠶ᠋ᠢ ᠬᠦᠰᠡᠵᠦ᠍ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠱᠧᠩ ᠬᠤᠢ ᠶᠢᠩ ᠯᠢ ᠴᠠᠬᠢᠯᠭᠠᠨ ᠬᠦᠴᠦᠨ᠎ᠦ ᠱᠢᠨᠵᠢᠯᠡᠬᠦ᠌ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠱᠧᠩ ᠬᠤᠢ ᠬᠡᠯᠡᠪᠡ᠃

ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠬᠡᠴᠢᠨᠡᠨ ᠶᠡᠬᠡ ᠬᠦᠴᠢᠷᠳᠡᠯ ᠪᠠ ᠥᠷᠢᠰᠥᠯᠳᠦᠭᠡᠨ ᠲᠤᠯᠭᠠᠷᠠᠭ᠍ᠰᠠᠨ ᠴᠤ᠌ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠨᠠᠮ᠎ᠳᠠᠭᠠᠨ ᠬᠠᠢᠷᠠᠲᠠᠶ᠂ ᠨᠠᠮ ᠳ᠋ᠠᠭᠠᠨ ᠦᠨᠡᠨᠴᠢ ᠱᠢᠳᠤᠷᠭᠤ ᠰᠡᠳᠬᠢᠯᠭᠡ᠎ᠶ᠋ᠢ ᠥᠴᠦᠬᠡᠨ ᠴᠦ᠍ ᠭᠤᠢᠪᠢᠯᠵᠠᠭᠤᠯᠵᠤ ᠴᠢᠲᠠᠬᠰᠠᠨ ᠥᠬᠡᠶ᠃ ᠢᠷᠡᠭᠡᠳᠦᠢ ᠪᠠᠨ ᠪᠠᠷᠠᠯᠠᠬᠣᠶ᠎ᠠ᠂  《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠎ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ᠎ᠳᠤ ᠬᠠᠮᠤᠭ᠎ᠤᠨ ᠴᠢᠬᠤᠯᠠ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠨᠠᠮ᠎ᠤᠨ ᠠᠴᠢ᠎ᠳᠤ ᠨᠡᠩ ᠦᠨᠡᠨ ᠰᠡᠳᠭᠢᠯ᠎ᠡᠴᠡ᠎ᠪᠡᠨ ᠲᠠᠯᠠᠷᠬᠠᠵᠤ ᠂ ᠨᠠᠮ᠎ᠤᠨ ᠦᠭᠡ᠎ᠶ᠋ᠢ ᠰᠣᠨᠣᠰᠴᠤ᠌ ᠂ ᠨᠠᠮ᠎ᠢᠶᠠᠨ ᠳᠠᠭᠠᠬᠤ  ᠶᠠᠪᠤᠳᠠᠯ ᠪᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠂ ᠲᠦᠩᠯᠢᠶᠣᠤ ᠬᠤᠲᠠ᠎ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠯᠧᠺᠲ᠋ᠣᠷ ᠴᠧᠨ ᠯᠢᠨ ᠰᠤᠷᠪᠤᠯᠵᠢᠯᠠᠭ᠍ᠴᠢ᠎ᠳᠤ ᠬᠡᠯᠡᠬᠦ ᠳ᠋ᠡᠭᠡᠨ᠂ ᠥᠩᠭᠡᠷᠡᠭ᠌ᠰᠡᠨ ᠬᠡᠳᠦᠨ ᠵᠢᠯ᠎ᠳᠦ᠂ ᠰᠤᠷᠤᠭ᠍ᠴᠢᠳ ᠲᠡᠭᠦᠨ᠎ᠦ ᠤᠬᠠᠭᠤᠯᠤᠨ ᠲᠠᠢᠯᠪᠤᠷᠢᠯᠠᠯᠲᠠ᠎ᠪᠠᠷ ᠳᠠᠮᠵᠢᠨ᠂ ᠶᠠᠭᠤᠨ᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠶᠠᠭᠤᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠂ ᠥᠪᠥᠷ ᠮᠣᠩᠭᠣᠯ ᠶᠠᠭᠠᠬᠢᠭᠠᠳ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠎ᠤ᠋ ᠡᠷᠬᠢᠮ ᠳᠡᠭᠡᠳᠦ ᠢᠷᠠᠭᠤ ᠠᠯᠳᠠᠷ᠎ᠲᠠᠶ ᠪᠣᠯᠤᠭ᠍ᠰᠠᠨ ᠲᠤᠬᠠᠢ ᠨᠡᠩ ᠢᠯᠡᠭᠦᠦ ᠣᠢᠯᠠᠭᠠᠬᠰᠠᠨ ᠪᠠᠢᠨ᠎ᠠ᠃

ᠴᠠᠭ ᠦᠶ᠎ᠡ᠎ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ ᠢᠷᠠᠭᠤ ᠠᠯᠳᠠᠷᠲᠠᠢ ᠪᠥᠭᠡᠳ ᠠᠷᠢᠭᠤᠨ ᠲᠠᠷᠬᠠᠨ ᠶᠤᠮ ᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ ᠴᠢᠩ ᠰᠡᠳᠭᠢᠯ᠎ᠦᠨ ᠪᠦᠭᠡᠳ ᠭᠦᠨ ᠵᠤᠵᠠᠭᠠᠨ ᠶᠤᠮ᠃

ᠰᠡᠳᠭᠢᠯ᠎ᠳᠡᠭᠡᠨ ᠵᠢᠭᠦᠷ᠎ᠲᠡᠶ ᠪᠣᠯ ᠡᠬᠦᠯᠡ᠎ᠶᠢ ᠰᠢᠪᠲᠣᠯᠣᠨ ᠣᠭ᠍ᠲᠠᠷᠭᠤᠢ᠎ᠳᠤ ᠳᠡᠭᠦᠯᠢᠨ ᠨᠢᠰᠦᠨ᠎ᠡ᠃ ᠳᠡᠭᠡᠳᠦ ᠲᠡᠰ᠎ᠤᠨ ᠲᠥᠯᠥᠪᠵᠢᠭᠦᠯᠭᠡ ᠪᠣᠯᠤᠨ ᠥᠨᠳᠥᠷ ᠭᠠᠷᠤᠭ᠎ᠠ᠎ᠶ᠋ᠢᠨ ᠪᠠᠢᠷᠢᠱᠢᠭᠤᠯᠤᠯᠲᠠ ᠨᠢ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌ ᠂ ᠴᠢᠳᠠᠮᠠᠭᠠᠢ᠎ᠪᠠᠷ ᠵᠢᠳᠬᠦᠯ ᠴᠢᠷᠮᠠᠢᠯᠭ᠎ᠠ ᠭᠠᠷᠭᠠᠬᠤ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠠᠭᠤᠤ ᠶᠡᠬᠡ ᠬᠠᠷᠠᠯᠲᠠ ᠲᠡᠢᠰᠢ ᠭᠤᠢᠪᠢᠰᠢ ᠦᠭᠡᠢ ᠤᠷᠤᠭ᠍ᠰᠢᠯᠠᠬᠤ᠎ᠶ᠋ᠢ ᠤᠷᠢᠶᠠᠯᠠᠵᠤ ᠪᠣᠢ᠃

ᠬᠦᠰᠡᠯ ᠵᠡᠭᠦᠳᠦ ᠬᠢᠵᠠᠭᠠᠷ ᠦᠭᠡᠢ᠃ ᠴᠠᠭ᠎ᠤᠨ ᠬᠦᠰᠦᠨᠦᠭ᠌ᠲᠦ᠍᠎ᠪᠡᠨ ᠵᠢᠭ᠍ᠰᠠᠭᠠᠵᠤ᠂  ᠵᠠᠮ ᠱᠤᠭᠤᠮ᠎ᠶ᠋ᠢᠡᠨ ᠵᠢᠷᠤᠵᠦ ᠲᠦᠯᠦᠪᠯᠡᠨ ᠥᠪᠥᠷ ᠮᠣᠩᠭᠣᠯ ᠥᠷᠯᠥᠭᠡ ᠦᠳᠡᠰᠢ᠎ᠶ᠋ᠢ ᠲᠡᠮᠡᠴᠡᠨ᠂ ᠢᠷᠡᠭᠡᠳᠦᠶ᠎ᠪᠡᠨ ᠵᠣᠷᠢᠵᠦ ᠢᠲᠡᠷᠡᠬᠦᠨ ᠣᠷᠣᠬᠰᠢᠯᠠᠨᠠᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号