ᠭᠤᠸᠠᠨ ᠵᠢᠶᠡᠨ ᠲᠥᠯᠥᠭᠡᠯᠡᠭ᠌ᠴᠢ ᠄ ᠡᠭᠦᠷᠭᠡ ᠎ᠶ᠋ᠢᠨ ᠪᠤᠤᠬᠢᠶ᠎ᠠ᠎ᠶ᠋ᠢ ᠲᠤᠰᠴᠤ᠌ ᠰᠢᠯᠢᠳᠡᠭ᠎ᠠᠮᠵᠢᠯᠲᠠ ᠭᠠᠷᠭᠠᠨ᠎ᠠ
2023-01-17 11:40:58
ᠵᠣᠬᠢᠶᠠᠭ᠍ᠴᠢ᠄
ᠾᠧ ᠵᠢᠶᠠ ᠴᠢ
ᠣᠩᠱᠢᠭ᠍ᠰᠠᠨ ᠣᠳᠠᠭ᠎ᠠ᠄
★★★☆☆

《 ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭᠠᠳ ᠂ ᠢᠯᠡᠳᠭᠡᠯ ᠨᠢ  ᠪᠣᠳᠠᠲᠠᠢ  ᠪᠠᠢᠬᠤ᠎ᠶ᠋ᠢ ᠳᠤᠪᠤᠢ᠌ᠯᠭᠠᠭᠰᠠᠨ ᠨᠢ ᠨᠠᠳᠠ ᠎ᠳᠦ ᠭᠦᠨ ᠰᠠᠭᠤᠭᠳᠠᠯ ᠦᠭᠪᠡ᠃ ᠢᠯᠡᠳᠭᠡᠯ ᠎ᠤᠨ ᠲᠣᠭ᠎ᠠ ᠪᠠᠷᠢᠮᠲᠠ ᠨᠢ ᠲᠣᠳᠣᠷᠬᠠᠢ ᠂ ᠠᠮᠵᠢᠯᠲᠠ ᠪᠦᠲᠦᠮᠵᠢ ᠨᠢ ᠶᠡᠷᠦ᠍ ᠪᠤᠰᠤ᠎ᠶ᠋ᠢᠨ ᠂ ᠬᠠᠷᠠᠯᠲᠠ ᠲᠣᠳᠣᠷᠬᠠᠢ ᠂ ᠠᠷᠭ᠎ᠠ ᠬᠡᠮᠵᠢᠶ᠎ᠡ ᠨᠢ ᠪᠣᠳᠠᠲᠠᠢ ᠪᠠᠢᠬᠤ ᠨᠢ ᠬᠢᠷᠢ ᠪᠦᠲᠦᠮᠵᠢ᠎ᠶ᠋ᠢᠨ ᠬᠠᠭᠤᠳᠠᠰᠤ  ᠪᠣᠯᠬᠤ᠎ᠪᠠᠷ ᠪᠠᠷᠠᠬᠤ ᠦᠭᠡᠢ ᠪᠠᠰᠠ ᠡᠭᠦᠷᠭᠡ᠎ᠶ᠋ᠢᠨ ᠪᠢᠴᠢᠭ ᠂ ᠮᠦᠨ ᠴᠦ᠍ ᠲᠠᠢᠴᠢᠯᠠᠯᠲᠠ ᠵᠢᠨ ᠵᠠᠷᠯᠢᠭ᠂ ᠨᠡᠩ ᠴᠦ᠍ ᠵᠠᠮ ᠱᠤᠭᠤᠮ᠎ᠤᠨ  ᠵᠢᠷᠤᠭ ᠪᠣᠯᠤᠨ᠎ᠠ ; ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠰᠠᠢᠲᠤᠷ ᠪᠡᠶᠡᠯᠡᠭᠦᠯᠵᠦ᠍ ᠂ 〈 ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠎ᠢ᠋ ᠰᠠᠢᠲᠤᠷ ᠪᠦᠳᠦᠭᠡᠨ ᠪᠠᠢᠭᠤᠯᠬᠤ᠎ᠶ᠋ᠢᠨ ᠲᠥᠯᠥᠭᠡ ᠪᠦᠷᠢᠨ ᠪᠦᠲᠦᠨ ᠪᠠᠷᠢᠯᠭ᠎ᠠ᠎ᠶ᠋ᠢᠨ ᠵᠢᠷᠤᠭ ᠎ᠢ᠋ ᠵᠢᠷᠤᠭ᠍ᠯᠠᠪᠠ》 ᠭᠡᠵᠦ ᠬᠥᠯᠥᠨ ᠪᠣᠢᠷ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ  ᠭᠤᠸᠠᠨ ᠵᠢᠶᠡᠨ ᠰᠤᠷᠪᠤᠯᠵᠢᠯᠠᠭ᠍ᠴᠢ᠎ᠳᠤ ᠲᠣᠰ ᠤᠳᠠᠭ᠎ᠠ᠎ᠶ᠋ᠢᠨ ᠶᠡᠬᠡ ᠬᠤᠷᠠᠯ᠎ᠳᠤ ᠣᠷᠣᠯᠴᠠᠭᠠᠳ ᠣᠯᠤᠭ᠍ᠰᠠᠨ ᠣᠯᠤᠯᠲᠠ᠎ᠪᠠᠨ ᠪᠠᠶᠠᠷᠲᠠᠢᠬᠠᠨ ᠶᠠᠷᠢᠵᠤ ᠪᠠᠢᠯ᠎ᠠ᠃


4556078_alm_1673896580819_m.jpg


                     ᠵᠢᠷᠤᠭ᠄ ᠲᠤᠰ ᠰᠤᠨᠢᠨ ᠎ᠤ ᠰᠤᠷᠪᠤᠯᠵᠢᠯᠠᠭᠴᠢ    ᠸᠠᠩ ᠯᠧᠢ


《ᠪᠢ ᠪᠣᠯ ᠣᠶᠤᠲᠠᠨ ᠭᠠᠴᠠᠭᠠᠨ ᠳᠠᠷᠤᠭ᠎ᠠ᠂ ᠣᠲᠣ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠨᠣᠮᠢᠨ ᠪᠠᠯᠭᠠᠰᠤᠨ᠎ᠤ ᠠᠩᠴᠢᠨ ᠲᠣᠰᠭᠣᠨ ᠤ᠋ ᠭᠠᠴᠠᠭᠠᠨ᠎ᠤ ᠵᠦᠪᠯᠡᠯ᠎ᠤᠨ ᠳᠡᠳ᠋ ᠡᠷᠬᠢᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠠᠢᠨ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠵᠣ ᠂ ᠲᠣᠰᠭᠣᠨ᠎ᠤ ᠠᠷᠠᠳ᠎ᠤᠨ ᠬᠦᠰᠡᠯ ᠨᠠᠢᠳᠠᠯᠭ᠎ᠠ ᠪᠠ ᠵᠣᠬᠢᠶᠠᠨ ᠪᠠᠢᠭᠤᠯᠤᠯᠲᠠ᠎ᠶ᠋ᠢᠨ ᠬᠦᠰᠡᠯ ᠡᠷᠡᠮᠡᠯᠵᠡᠯ᠎ᠢ ᠠᠪᠴᠤ᠌ ᠂ ᠡᠨᠡ ᠬᠦ᠌ ᠢᠷᠠᠭᠤ ᠠᠯᠳᠠᠷᠲᠤ ᠡᠭᠦᠷᠭᠡ᠎ᠶ᠋ᠢ ᠡᠭᠦᠷᠭᠡᠯᠡᠭ᠌ᠰᠡᠨ ᠪᠣᠯᠬᠣᠷ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨ ᠣᠢᠯᠠᠭᠠᠵᠤ ᠪᠠᠢᠨ᠎ᠠ》 ᠭᠡᠵᠦ ᠬᠡᠯᠡᠭᠡᠳ ᠲᠡᠷᠡ ᠡᠩᠭᠡᠷ᠎ᠦᠨ ᠫᠠᠢᠰᠠ᠎ᠪᠠᠨ ᠵᠠᠰᠠᠪᠠ᠂ ᠡᠭᠦᠨ ᠡᠴᠡ ᠭᠤᠸᠠᠨ ᠵᠢᠶᠠᠨ ᠡᠨᠡ ᠬᠦ᠌ ᠲᠣᠬᠢᠶᠠᠯ᠎ᠢ ᠮᠠᠰᠢ ᠶᠡᠬᠡ ᠨᠠᠨᠳᠢᠩᠨᠠᠵᠤ ᠪᠤᠢ ᠭᠡᠳᠡᠭ᠎ᠢ ᠦᠵᠡᠵᠦ᠍ ᠭᠠᠷᠤᠨ᠎ᠠ᠃

ᠥᠪᠡᠷ᠎ᠦᠨ ᠨᠤᠲᠤᠭ᠎ᠤᠨ᠎ᠢᠶᠠᠨ ᠲᠤᠬᠠᠢ ᠶᠠᠷᠢᠬᠤ᠎ᠳᠤ ᠲᠡᠭᠦᠨ᠎ᠦ ᠨᠢᠳᠦᠨ᠎ᠳᠦ ᠭᠡᠷᠡᠯ ᠭᠢᠯᠪᠠᠭ᠎ᠠ ᠰᠠᠴᠤᠷᠠᠨ᠎ᠠ᠃ ᠲᠡᠷᠡ ᠰᠤᠷᠪᠤᠯᠵᠢᠯᠠᠭ᠍ᠴᠢ᠎ᠳᠤ ᠨᠣᠮᠢᠨ ᠪᠠᠯᠭᠠᠰᠤᠨ᠎ᠤ ᠲᠠᠷᠢᠶᠠᠨ ᠭᠠᠵᠠᠷ᠎ᠤᠨ ᠲᠠᠯᠠᠪᠠᠶ 52 ᠲᠦᠮᠡᠨ ᠮᠥ᠍ ᠪᠠᠢᠵᠤ᠂ ᠪᠠᠢᠭᠠᠯᠢ᠎ᠶ᠋ᠢᠨ ᠣᠷᠴᠢᠨ ᠲᠣᠭᠣᠷᠢᠨ ᠳᠠᠪᠠᠭᠤᠯᠢᠭ᠂ ᠠᠭᠤᠷ ᠠᠮᠢᠰᠭᠤᠯ᠎ᠤᠨ ᠣᠨᠴᠠᠯᠢᠭ ᠮᠠᠰᠢ ᠢᠯᠡᠷᠬᠡᠶ᠂ ᠣᠳᠣᠬᠢᠴᠢᠯᠠᠭ᠍ᠰᠠᠨ ᠲᠠᠷᠢᠶᠠᠯᠠᠩ᠎ᠢ ᠬᠥᠭ᠌ᠵᠢᠭᠦᠯᠬᠦ᠌᠎ᠳᠦ ᠲᠣᠬᠢᠷᠠᠮᠵᠢᠲᠠᠶ ᠪᠠᠢᠵᠤ᠂ ᠪᠣᠬᠢᠷᠲᠤᠯ ᠥᠬᠡᠶ ᠣᠷᠭᠠᠨᠢᠭ ᠲᠠᠷᠢᠶᠠᠯᠠᠩ᠎ᠤᠨ ᠲᠤᠰᠠᠯᠠᠬᠤ ᠠᠭᠤᠯᠠᠨ᠎ᠭᠠᠷᠤᠯᠳᠠ ᠦᠶ᠋ᠯᠡᠳᠪᠦᠷᠢᠯᠡᠬᠦ᠌ ᠬᠠᠮᠤᠭ᠎ᠤᠨ ᠰᠠᠢᠨ ᠰᠠᠭᠤᠷᠢᠨ ᠮᠥᠨ᠂ ᠭᠡᠪᠡᠴᠦ᠍ ᠬᠥᠳᠡᠭᠡ ᠲᠣᠰᠭᠣᠨ᠎ᠳᠤ ᠲᠠᠷᠢᠶᠠᠯᠠᠩ᠎ᠤᠨ ᠲᠥᠷᠥᠯ᠎ᠦᠨ ᠴᠢᠳᠠᠪᠤᠷᠢᠲᠠᠨ ᠬᠠᠮᠤᠭ᠎ᠠᠴᠠ ᠳᠤᠲᠠᠭ᠍ᠳᠠᠵᠤ ᠪᠠᠢᠨ᠎ᠠ ᠭᠡᠵᠡᠶ᠃

ᠡᠢᠮᠦ᠍᠎ᠡᠴᠡ ᠭᠤᠸᠠᠨ ᠵᠢᠶᠡᠨ ᠂ ᠣᠳᠣᠬᠢᠴᠢᠯᠠᠭ᠍ᠰᠠᠨ ᠲᠠᠷᠢᠶᠠᠯᠠᠩ ᠬᠥᠳᠡᠭᠡ ᠲᠣᠰᠭᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠡᠷᠴᠢᠮ᠎ᠢ ᠴᠢᠩᠭᠠᠷᠠᠭᠤᠯᠬᠤ ᠬᠡᠷᠡᠭ᠌ᠲᠡᠢ᠃ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠶ᠋ᠢᠨ ᠬᠠᠮᠲᠤ ᠂ ᠨᠡᠩ ᠴᠤ᠌ ᠨᠤᠲᠤᠭ᠎ᠤᠨ ᠴᠢᠳᠠᠪᠤᠷᠢᠲᠠᠨ᠎ᠳᠤ ᠰᠠᠢᠲᠤᠷ ᠬᠠᠨᠳᠤᠵᠤ᠂ ᠲᠡᠳᠡᠨ᠎ᠢ ᠰᠡᠳᠭᠢᠯ ᠠᠮᠤᠷ᠎ᠢᠶᠠᠷ ᠠᠵᠢᠯ ᠦᠢᠯᠡᠰ ᠬᠢᠵᠦ᠍ ᠂ ᠦᠨᠡᠨ ᠰᠡᠳᠭᠢᠯ᠎ᠡᠴᠡ᠎ᠪᠡᠨ ᠨᠤᠲᠤᠭ ᠤᠰᠤ᠎ᠪᠠᠨ ᠪᠦᠳᠦᠭᠡᠨ ᠪᠠᠢᠭᠤᠯᠬᠤ ᠵᠢ ᠵᠣᠷᠢᠭᠵᠢᠭᠤᠯᠬᠤ  ᠬᠡᠷᠡᠭ᠌ᠲᠡᠢ ᠭᠡᠵᠦ ᠰᠠᠨᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号