ᠶᠣᠣ ᠵᠧᠨ ᠳ᠋ᠧ ᠲᠥᠯᠥᠭᠡᠯᠡᠭ᠌ᠴᠢ ᠄ ᠦᠬᠠᠶ ᠬᠣᠲᠠ ᠵᠠᠳᠠᠷᠠᠵᠤ ᠪᠣᠯᠬᠤ ᠮᠠᠲ᠋ᠧᠷᠢᠶᠠᠯ᠎ᠤᠨ ᠠᠵᠤ ᠦᠶ᠋ᠯᠡᠰ᠎ᠢ ᠬᠥᠭ᠌ᠵᠢᠭᠦᠯᠬᠦ᠌ ᠲᠣᠪᠣᠢᠮ᠎ᠠ ᠳᠠᠪᠠᠭᠤᠯᠢᠭ ᠲᠠᠢ
2023-01-17 11:43:29
ᠵᠣᠬᠢᠶᠠᠭ᠍ᠴᠢ᠄
ᠯᠢ ᠵᠦᠸᠸ
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠦᠬᠠᠢ᠎ᠶ᠋ᠢᠨ  ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤ ᠮᠠᠲ᠋ᠧᠷᠢᠶᠠᠯ᠎ᠤᠨ ᠠᠵᠤ ᠦᠢᠯᠡᠰ᠎ᠦᠨ ᠰᠠᠭᠤᠷᠢᠨ ᠪᠠᠢᠭᠤᠯᠬᠤ᠎ᠶ᠋ᠢ ᠳᠡᠮᠵᠢᠨ᠎ᠠ ᠭᠡᠵᠦ᠍ ᠳᠤᠷᠠᠳᠴᠠᠢ᠂ ᠡᠨᠡ ᠨᠢ ᠬᠥᠮᠦᠰ᠎ᠦᠨ ᠰᠡᠳᠭᠢᠯ᠎ᠢ ᠲᠤᠢᠯ᠎ᠤᠨ ᠶᠡᠬᠡ᠎ᠪᠡᠷ ᠵᠣᠷᠢᠭ᠍ᠵᠢᠭᠤᠯᠪᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠰᠠᠨ ᠸᠧᠢ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠳᠡᠳ᠋ ᠬᠡᠷᠡᠭ ᠮᠡᠳᠡᠭ᠌ᠴᠢᠳ᠎ᠦᠨ ᠳᠠᠷᠤᠭ᠎ᠠ ᠶᠣᠣ ᠵᠧᠨ ᠳ᠋ᠸ ᠢᠯᠡᠳᠭᠡᠪᠡ᠃


4556080_alm_1673896601532_m.jpg


                     ᠵᠢᠷᠤᠭ᠄ ᠲᠣᠰ ᠰᠤᠨᠢᠨ ᠎ᠤ ᠰᠤᠷᠪᠤᠯᠵᠢᠯᠠᠭᠴᠢ    ᠸᠠᠩ ᠯᠧᠢ


ᠶᠣᠣ ᠵᠧᠨ ᠳ᠋ᠸ ᠄ 《ᠥᠪᠥᠷ ᠮᠣᠩᠭᠣᠯ᠎ᠤᠨ ᠰᠠᠨ ᠸᠧᠶ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ ᠦᠬᠠᠶ᠎ᠳᠤ ᠵᠢᠯ ᠎ᠳᠦ 90 ᠲᠦᠮᠡᠨ ᠲᠣᠨ  BDO ᠦᠢᠯᠡᠳᠪᠦᠷᠢᠯᠡᠬᠦ ᠵᠢᠴᠢ  ᠵᠠᠳᠠᠷᠠᠵᠤ ᠪᠣᠯᠬᠤ ᠰᠦᠯᠢᠶᠣᠣ᠎ᠶ᠋ᠢ ᠨᠢᠭᠡ ᠴᠣᠭ᠍ᠴᠠᠵᠢᠭᠤᠯᠬᠤ ᠲᠥᠷᠥᠯ ᠵᠦᠶ᠋ᠯ᠎ᠢ ᠪᠠᠯᠠ ᠣᠷᠣᠭᠤᠯᠤᠨ ᠪᠥᠲᠥᠭᠡᠨ ᠪᠠᠢᠭᠤᠯᠪᠠ᠃ BDO ᠵᠢᠨ ᠱᠢᠨᠵᠢᠯᠡᠭᠡᠨ᠎ᠦ ᠨᠡᠷ᠎ᠡ᠎ᠨᠢ 1᠂ 4 — ᠪᠦᠲ᠋ᠢᠯ ᠬᠣᠶᠠᠷᠴᠢ ᠠᠯᠺᠣᠣᠯ ᠪᠤᠯᠤᠨ᠎ᠠ᠂ ᠨᠢᠭᠡ ᠵᠦᠶ᠋ᠯ᠎ᠦᠨ ᠴᠢᠬᠤᠯᠠ ᠣᠷᠭᠠᠨᠢᠭ ᠬᠢᠮᠢ᠎ᠶ᠋ᠢᠨ ᠠᠵᠤ ᠦᠶ᠋ᠯᠡᠳᠪᠦᠷᠢ ᠪᠠ ᠨᠠᠷᠢᠯᠢᠭ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠲᠦᠭᠦᠬᠡᠶ ᠮᠠᠲ᠋ᠧᠷᠢᠶᠠᠯ ᠪᠣᠯᠤᠨ᠎ᠠ᠂ ᠵᠠᠳᠠᠷᠠᠵᠤ ᠪᠤᠯᠬᠤ ᠰᠦᠯᠢᠶᠣᠣ᠂ ᠱᠢᠨ᠎ᠡ ᠡᠨᠧᠷᠭᠢ᠎ᠶ᠋ᠢᠨ ᠮᠠᠲ᠋ᠧᠷᠢᠶᠠᠯ ᠦᠶ᠋ᠯᠡᠳᠬᠦ᠌ ᠵᠡᠷᠭᠡ ᠬᠦᠷᠢᠶᠡᠨ᠎ᠳᠦ ᠥᠷᠭᠡᠨ᠎ᠢᠶᠡᠷ ᠬᠡᠷᠡᠭ᠌ᠯᠡᠵᠦ᠍ ᠪᠣᠯᠤᠨ᠎ᠠ》 ᠭᠡᠵᠦ ᠲᠠᠨᠢᠯᠴᠠᠭᠤᠯᠪᠠ᠃ 

ᠶᠣᠣ ᠵᠧᠨ ᠳ᠋ᠸ ᠪᠣᠯ ᠵᠧᠵᠢᠶᠠᠩ᠎ᠤᠨ ᠬᠥᠮᠦᠨ᠂ ᠲᠡᠷᠡ ᠰᠤᠷᠪᠤᠯᠵᠢᠯᠠᠭ᠍ᠴᠢ᠎ᠳᠤ᠄《2021 ᠣᠨ᠎ᠤ 6 ᠰᠠᠷ᠎ᠠ᠎ᠳᠤ ᠦᠬᠠᠶ ᠬᠣᠲᠠ᠎ᠶ᠋ᠢᠨ ᠵᠠᠰᠠᠭ᠎ᠤᠨ ᠣᠷᠳᠣᠨ ᠵᠧᠵᠢᠶᠠᠩ ᠮᠤᠵᠢ᠎ᠶ᠋ᠢᠨ ᠲᠠᠢᠵᠸᠤ ᠬᠣᠲᠠ᠎ᠳᠤ ᠬᠦᠷᠴᠦ᠍ ᠠᠷᠠᠯᠵᠢᠶᠠᠴᠢᠨ ᠤᠷᠢᠵᠤ ᠪᠠᠯᠠ ᠣᠷᠣᠭᠤᠯᠵᠤ᠂ ᠦᠬᠠᠶ᠎ᠳᠤ ᠡᠯᠪᠡᠭ ᠪᠠᠶᠠᠯᠢᠭ ᠪᠥᠭᠡᠳ ᠴᠢᠨᠠᠷ ᠰᠠᠢᠲᠠᠶ ᠴᠤᠬᠤᠢ᠎ᠶ᠋ᠢᠨ ᠴᠢᠯᠠᠭᠤ᠂ ᠨᠡᠭᠦᠷᠡᠰᠦ ᠵᠡᠷᠭᠡ ᠡᠬᠢ ᠪᠠᠶᠠᠯᠢᠭ᠎ᠲᠠᠶ᠂ ᠵᠠᠳᠠᠷᠠᠵᠤ ᠪᠣᠯᠬᠤ ᠮᠠᠲ᠋ᠧᠷᠢᠶᠠᠯ᠎ᠤᠨ ᠥᠪᠡᠷ᠎ᠦᠨ ᠥᠷᠲᠡᠭ ᠳᠤᠤᠷ᠎ᠠ᠂ ᠶᠠᠰᠤ ᠴᠢᠨᠠᠷ ᠲᠣᠭ᠍ᠲᠠᠭᠤᠨ᠂ ᠦᠷᠭᠦᠯᠵᠢᠯᠡᠬᠦ᠌ ᠴᠢᠨᠠᠷᠲᠠᠶ ᠪᠥᠭᠡᠳ ᠲᠥᠷᠥ᠎ᠶ᠋ᠢᠨ ᠪᠣᠳᠣᠯᠭ᠎ᠠ ᠪᠠ ᠠᠵᠤ ᠦᠶ᠋ᠯᠡᠰ᠎ᠦᠨ ᠰᠠᠭᠤᠷᠢᠨ ᠎ᠤ᠋ ᠳᠠᠪᠠᠭᠤᠯᠢᠭ ᠪᠠᠢᠬᠤ᠎ᠶ᠋ᠢ ᠪᠣᠳᠣᠯᠬᠢᠯᠠᠭᠠᠳ ᠂ ᠪᠢᠳᠡ ᠠᠵᠤ ᠠᠬᠤᠢᠯᠠᠯ᠎ᠢᠶᠠᠨ ᠡᠨᠳᠡ ᠨᠤᠲᠤᠭ᠍ᠰᠢᠭᠤᠯᠪᠠ》 ᠭᠡᠵᠦ ᠪᠠᠢᠯ᠎ᠠ᠃

ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠬᠤᠭᠤᠴᠠᠭᠠᠨ᠎ᠳᠤ᠂ ᠦᠬᠠᠶ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠲᠥᠯᠥᠭᠡᠯᠡᠭ᠌ᠴᠢᠳ᠎ᠦᠨ ᠪᠦᠯᠬᠦᠮ᠎ᠦᠨ ᠨᠡᠷ᠎ᠡ᠎ᠪᠡᠷ 《ᠦᠬᠠᠶ ᠬᠣᠲᠠ᠎ᠶ᠋ᠢᠨ ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤ ᠮᠠᠲ᠋ᠧᠷᠢᠶᠠᠯ᠎ᠤᠨ ᠠᠵᠤ ᠦᠶ᠋ᠯᠡᠰ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠭᠦᠯᠬᠦ᠌ ᠲᠤᠬᠠᠶ ᠰᠠᠨᠠᠭᠤᠯᠭ᠎ᠠ》 ᠳᠤᠷᠠᠳᠴᠤ᠌᠂ ᠥᠪᠡᠷᠲᠡᠭᠡᠨ ᠵᠠᠰᠠᠬᠤ ᠣᠷᠣᠨ᠎ᠤ ᠲᠠᠯ᠎ᠠ᠎ᠠᠴᠠ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠭᠦᠯᠵᠦ᠍᠂ ᠦᠬᠠᠶ ᠬᠣᠲᠠ᠎ᠶ᠋ᠢᠨ ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤ ᠮᠠᠲ᠋ᠧᠷᠢᠶᠠᠯ᠎ᠤᠨ ᠠᠵᠤ ᠦᠶ᠋ᠯᠡᠰ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠶ᠋ᠢ ᠨᠠᠩ ᠰᠠᠢᠲᠤᠷ ᠠᠬᠢᠭᠤᠯᠬᠤ᠎ᠵᠢ ᠰᠠᠨᠠᠭᠤᠯᠪᠠ᠃

ᠣᠳᠣᠬᠠᠨ᠎ᠳᠤ  ᠳ᠋ᠦᠩ ᠶᠤᠸᠠᠨ᠂ ᠬᠤᠸᠠ ᠾᠧᠩ᠂ ᠰᠠᠨ ᠸᠧᠶ᠂ ᠵᠢᠶᠦ᠋ᠨ ᠵᠧᠩ ᠂ ᠭᠤᠸᠠᠩ ᠵᠢᠨ ᠵᠡᠷᠭᠡ ᠵᠠᠳᠠᠷᠠᠵᠤ ᠪᠣᠯᠬᠤ ᠮᠠᠲ᠋ᠧᠷᠢᠶᠠᠯ᠎ᠤᠨ ᠲᠥᠷᠥᠯ ᠵᠦᠶ᠋ᠯ᠎ᠢ ᠦᠬᠠᠶ᠎ᠳᠤ ᠪᠠᠢᠭᠤᠯᠤᠨ ᠳᠠᠭᠤᠰᠭᠠᠵᠤ ᠠᠱᠢᠭ᠍ᠯᠠᠯᠲᠠ᠎ᠳᠤ ᠣᠷᠣᠭᠤᠯᠤᠭ᠍ᠰᠠᠨ ᠪᠤᠶᠤ ᠶᠠᠭ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠵᠤ ᠪᠠᠢᠬᠤ ᠪᠥᠭᠡᠳ ᠵᠠᠳᠠᠷᠠᠵᠤ ᠪᠣᠯᠬᠤ ᠮᠠᠲ᠋ᠧᠷᠢᠶᠠᠯ᠎ᠤᠨ ᠦᠶ᠋ᠯᠡᠳᠬᠦᠨ ᠳᠠᠢᠰᠢ ᠤᠷᠲᠤᠳᠭᠠᠬᠤ᠎ᠶ᠋ᠢ ᠲᠦᠷᠭᠡᠳᠭᠡᠵᠦ᠍᠂ ᠢᠷᠡᠭᠡᠳᠦᠶ᠎ᠳᠦ 300 ᠲᠦᠮᠡᠨ ᠲᠣᠨ᠎ᠤ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠪᠦᠷᠢᠯᠳᠦᠭᠦᠯᠵᠦ᠍᠂ ᠪᠥᠬᠥ᠌ ᠤᠯᠤᠰ᠎ᠤᠨ ᠶᠡᠷᠦᠩᠬᠡᠶ ᠦᠶ᠋ᠯᠡᠳᠪᠦᠷᠢᠯᠡᠬᠦ᠌ ᠴᠢᠳᠠᠪᠤᠷᠢ᠎ᠶ᠋ᠢᠨ 40% ᠭᠠᠷᠤᠢ᠎ᠶ᠋ᠢ ᠡᠵᠡᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号