ᠱᠢᠤᠢ ᠹᠸᠢ ᠭᠡᠱᠢᠭᠦᠨ᠄ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠲᠦᠷᠭᠡᠳᠭᠡᠨ᠎ᠡ
2023-01-17 11:47:07
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

400 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠪᠠ ᠱᠢᠷ᠎ᠠ ᠪᠤᠷᠴᠠᠭ᠂ ᠲᠣᠰᠣᠯᠢᠭ ᠲᠠᠷᠢᠮᠠᠯ᠎ᠤᠨ ᠦᠷ᠎ᠡ᠎ᠶ᠋ᠢ ᠥᠷᠭᠡᠳᠭᠡᠨ ᠳᠠᠷᠢᠬᠤ ᠡᠭᠦᠷᠭᠡ᠎ᠶ᠋ᠢ ᠪᠡᠶᠡᠯᠡᠭᠦᠯᠵᠦ᠍᠂ ᠠᠮᠤ ᠪᠤᠳᠠᠭᠠᠨ᠎ᠤ ᠤᠨᠠᠯᠲᠠ 780 ᠳ᠋ᠦᠩᠱᠢᠭᠤᠷ ᠵᠢᠩ᠂ ᠦᠨᠢᠶᠡᠨ  ᠰᠦ ᠵᠢᠨ ᠭᠠᠷᠤᠯᠲᠠ 720 ᠲᠦᠮᠡᠨ ᠲᠣᠨ᠂ ᠮᠢᠬᠠᠨ᠎ᠤ ᠲᠥᠷᠥᠯ᠎ᠦᠨ ᠭᠠᠷᠤᠯᠲᠠ 282 ᠲᠦᠮᠡᠨ ᠲᠣᠨ ᠬᠦᠷᠴᠦ᠍᠂ ᠴᠥᠮ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠲᠠᠷᠢᠶᠠᠯᠠᠩ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠤᠬᠠᠶ ᠠᠯᠢ ᠣᠯᠠᠨ ᠲᠣᠭ᠎ᠠ ᠪᠠᠷᠢᠮᠲᠠ᠎ᠨᠢ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠬᠢᠩᠭᠠᠨ ᠠᠢᠮᠠᠭ᠎ᠤᠨ ᠬᠤᠸᠠ ᠹᠸᠢ ᠲᠠᠷᠢᠶᠠᠯᠠᠩ ᠮᠠᠯ ᠠᠵᠤ ᠠᠬᠤᠶ᠎ᠶ᠋ᠢᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠱᠢᠤᠢ ᠹᠸᠢ᠎ᠶ᠋ᠢ ᠵᠣᠷᠢᠭ᠍ᠵᠢᠭᠤᠯᠪᠠ᠃


4556082_alm_1673896615934_m.jpg


                    ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ     ᠵᠢᠨ ᠴᠢᠤᠸᠠᠨ

ᠱᠢᠤᠢ ᠹᠸᠢ ᠬᠢᠩᠭᠠᠨ ᠠᠢᠮᠠᠭ᠎ᠤᠨ ᠤᠯᠤᠰ᠎ᠤᠨ ᠲᠠᠰ᠎ᠤᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠱᠢᠨ᠎ᠡ᠎ᠶ᠋ᠢ ᠡᠭᠦᠳᠬᠦ᠌ ᠲᠠᠪᠴᠠᠩ᠎ᠢ ᠡᠭᠦᠳᠦᠨ ᠪᠠᠢᠭᠤᠯᠬᠤ᠎ᠶ᠋ᠢ ᠳᠡᠮᠵᠢᠬᠦ᠌ ᠲᠤᠬᠠᠶ ᠰᠠᠨᠠᠯ ᠳᠤᠷᠠᠳᠤᠯᠭ᠎ᠠ ᠳᠡᠪᠱᠢᠭᠦᠯᠵᠦ᠍᠂ ᠬᠢᠩᠭᠠᠨ ᠠᠢᠮᠠᠭ᠎ᠤᠨ᠎ᠬᠢᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠬᠤ᠎ᠶ᠋ᠢ ᠰᠠᠨᠠᠭᠤᠯᠵᠠᠶ᠃ 《ᠦᠷ᠎ᠡ ᠨᠢ ᠲᠠᠷᠢᠶᠠᠯᠠᠩ᠎ᠤᠨ 〈ᠴᠦᠮ᠎ᠡ〉 ᠬᠡᠮᠡᠭ᠌ᠳᠡᠵᠦ᠍᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠪᠣᠯ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ᠂ ᠰᠠᠭᠤᠷᠢ ᠴᠢᠨᠠᠷᠲᠠᠶ ᠭᠤᠤᠯᠯᠠᠬᠤ ᠠᠵᠤ ᠦᠶ᠋ᠯᠡᠰ ᠪᠤᠯᠤᠨ᠎ᠠ᠃ ᠬᠢᠩᠭᠠᠨ ᠠᠢᠮᠠᠭ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠲᠤᠷᠱᠢᠯᠲᠠ᠎ᠶ᠋ᠢᠨ ᠣᠷᠣᠨ᠎ᠢᠶᠠᠷ ᠲᠣᠭ᠍ᠳᠠᠭᠠᠭ᠍ᠳᠠᠭ᠍ᠰᠠᠨ᠎ᠢᠶᠠᠷ ᠪᠠᠷᠠᠬᠤ ᠥᠬᠡᠶ ᠤᠯᠤᠰ᠎ᠤᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠎ᠶ᠋ᠢ ᠠᠵᠤ ᠦᠢᠯᠡᠰᠵᠢᠭᠦᠯᠦᠨ ᠬᠡᠷᠡᠭ᠌ᠯᠡᠬᠦ᠌ 70% ᠡᠴᠡ ᠳᠡᠭᠡᠭ᠌ᠰᠢᠬᠢ ᠲᠤᠷᠱᠢᠯᠲᠠ᠎ᠶ᠋ᠢᠨ ᠡᠭᠦᠷᠭᠡ᠎ᠶ᠋ᠢ ᠡᠭᠦᠷᠭᠡᠯᠡᠵᠦ᠍᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠮᠡᠷᠭᠡᠵᠢᠯ᠎ᠦᠨ ᠰᠤᠳᠤᠯᠭᠠᠨ ᠪᠠ ᠠᠵᠤ ᠦᠢᠯᠡᠰᠵᠢᠭᠦᠯᠦᠨ ᠬᠡᠷᠡᠭ᠌ᠯᠡᠬᠦ᠌᠎ᠶ᠋ᠢ ᠥᠷᠨᠢᠭᠦᠯᠬᠦ᠌ ᠰᠠᠭᠤᠷᠢ᠎ᠲᠠᠶ ᠪᠣᠯᠵᠠᠶ》 ᠭᠡᠵᠦ᠍ ᠱᠢᠤᠢ ᠹᠸᠢ ᠬᠡᠯᠡᠪᠡ᠃

ᠱᠢᠤᠢ ᠹᠸᠢ᠂ ᠬᠢᠩᠭᠠᠨ ᠠᠢᠮᠠᠭ᠎ᠤᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠥᠲᠥᠭᠡᠨ ᠪᠠᠢᠭᠤᠯᠤᠯᠲᠠ᠎ᠳᠤ ᠪᠣᠭᠣᠮᠲᠠ ᠱᠢᠪᠲᠤᠯᠬᠤ ᠭᠤᠤᠯᠳᠠᠯᠭ᠎ᠠ᠎ᠶ᠋ᠢ ᠳᠣᠪᠣᠢᠯᠭᠠᠨ᠂ ᠴᠢᠨᠠᠷ ᠰᠠᠢᠲᠠᠶ ᠲᠠᠷᠢᠮᠠᠯ᠎ᠤᠨ ᠲᠣᠭᠣᠷᠢᠨ᠎ᠳᠤ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃ ᠠᠢᠮᠠᠭ᠎ᠤᠨ ᠳᠣᠲᠣᠨ᠎ᠠ ᠭᠠᠳᠠᠨᠠᠬᠢ ᠡᠯ᠎ᠡ ᠠᠵᠢᠯ ᠲᠥᠷᠥᠯ᠂ ᠡᠯ᠎ᠡ ᠬᠦᠷᠢᠶᠡᠨ᠎ᠦ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠲᠥᠪᠯᠡᠷᠡᠭᠦᠯᠵᠦ᠍᠂  ᠣᠲᠣ ᠦᠶ᠎ᠡ᠎ᠶ᠋ᠢᠨ ᠥᠨᠳᠥᠷ ᠪᠦᠲᠦᠮᠵᠢᠲᠡᠶ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠪᠠᠢᠭᠤᠯᠬᠤ ᠬᠡᠷᠡᠭ᠌ᠲᠡᠶ ᠭᠡᠵᠤ ᠰᠠᠨᠠᠭᠤᠯᠪᠠ᠃

《ᠮᠠᠯ ᠠᠵᠤ ᠠᠬᠤᠶ ᠲᠠᠷᠢᠶᠠᠯᠠᠩ᠎ᠤᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠪᠢᠳᠡ ᠪᠣᠳᠠᠲᠤ ᠠᠵᠢᠯᠯᠠᠭ᠎ᠠ᠎ᠪᠠᠷ᠎ᠢᠶᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠨᠡᠢᠭᠡᠮ᠎ᠦᠨ ᠬᠠᠷᠢᠭᠤᠴᠠᠯᠭ᠎ᠠ ᠪᠠ ᠡᠭᠦᠷᠭᠡᠯᠡᠯ᠎ᠢ ᠦᠶ᠋ᠯᠡᠳᠦᠯᠭᠡᠵᠢᠭᠦᠯᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠵᠦ᠍ ᠱᠢᠤᠢ ᠹᠸᠢ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号