ᠯᠢ ᠸᠸᠨ ᠹᠠᠩ ᠭᠡᠱᠢᠭᠦᠨ᠄ ᠦᠵᠡᠰᠬᠦᠯᠡᠩᠲᠤ ᠰᠠᠢᠬᠠᠨ ᠬᠥᠳᠡᠭᠡ ᠲᠣᠰᠭᠣᠨ᠎ᠤ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠦᠨ᠎ᠡ
2023-01-17 11:50:12
ᠵᠣᠬᠢᠶᠠᠭ᠍ᠴᠢ᠄
ᠴᠠᠶ ᠰᠧ ᠶᠤᠸᠠᠨ
ᠣᠩᠱᠢᠭ᠍ᠰᠠᠨ ᠣᠳᠠᠭ᠎ᠠ᠄
★★★☆☆

《ᠪᠠᠶᠠᠨᠨᠠᠭᠤᠷ ᠬᠤᠳᠠ᠎ᠶ᠋ᠢᠨ ᠳ᠋ᠸᠩᠺᠸᠤ ᠱᠢᠶᠠᠨ ᠪᠣᠷᠣᠲᠣᠬᠣᠢ᠎ᠶ᠋ᠢᠨ ᠲᠠᠯ᠎ᠠ ᠭᠠᠵᠠᠷ᠎ᠲᠤ ᠪᠠᠢᠷᠢᠯᠠᠨ᠂ ᠤᠯᠠᠭᠠᠨᠪᠤᠬ᠎ᠠ ᠵᠢᠨ ᠡᠯᠡᠰᠦ ᠱᠢᠶᠠᠨ᠎ᠤ ᠬᠢᠯᠢ ᠳᠣᠲᠣᠷ᠎ᠠ 375 ᠲᠦᠮᠡᠨ ᠮᠦ᠍ ᠭᠠᠵᠠᠷ ᠡᠵᠡᠯᠡᠵᠦ᠍ ᠪᠤᠢ᠂ ᠪᠢᠳᠡ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠰᠠᠢᠲᠤᠷ ᠬᠢᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠦᠴᠦᠨ ᠴᠢᠳᠠᠯ᠎ᠢᠶᠠᠨ ᠡᠷᠭᠦᠬᠦ᠌ ᠬᠠᠷᠢᠭᠤᠴᠠᠯᠭ᠎ᠠ᠎ᠲᠠᠶ》 ᠭᠡᠵᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠪᠠᠶᠠᠨᠨᠠᠭᠤᠷ ᠬᠣᠲᠠ᠎ᠶ᠋ᠢᠨ ᠳ᠋ᠸᠩᠺᠸᠤ ᠱᠢᠶᠠᠨ᠎ᠤ ᠳᠡᠳ᠋ ᠳᠠᠷᠤᠭ᠎ᠠ ᠯᠢ ᠸᠸᠨ ᠹᠠᠩ ᠬᠡᠯᠡᠪᠡ᠃


4556084_alm_1673896631388_m.jpg


                     ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ     ᠵᠢᠶᠠ ᠢ ᠼᠦᠨ


ᠲᠡᠷᠡ ᠨᠠᠷᠢᠨᠨᠠᠭᠤᠷ᠎ᠤᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠵᠢᠴᠢ ᠦᠵᠡᠰᠬᠦᠯᠡᠩᠲᠤ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠬᠦ᠌᠂ ᠤᠯᠠᠭᠠᠨᠪᠤᠬ᠎ᠠ᠎ᠶ᠋ᠢᠨ ᠡᠯᠡᠰᠦᠷᠬᠡᠭ ᠣᠷᠣᠨ᠎ᠤ ᠠᠮᠢ ᠠᠬᠤᠶ᠎ᠶ᠋ᠢᠨ ᠵᠠᠰᠠᠯᠲᠠ᠎ᠶ᠋ᠢ ᠴᠢᠩᠭᠠᠳᠭᠠᠬᠤ ᠲᠤᠬᠠᠶ ᠰᠠᠨᠠᠭᠤᠯᠭ᠎ᠠ ᠳᠤᠷᠠᠳᠴᠠᠢ᠂ ᠡᠨᠡ ᠪᠣᠯ ᠪᠣᠷᠣᠲᠣᠬᠣᠶ᠎ᠶ᠋ᠢᠨ  ᠡᠯᠡᠰᠦᠷᠬᠡᠭ᠌ᠵᠢᠭ᠌ᠰᠡᠨ ᠣᠷᠣᠨ᠂ ᠥᠪᠥᠷ ᠮᠣᠩᠭᠣᠯ᠎ᠤᠨ ᠥᠨᠳᠥᠷᠯᠢᠭ᠎ᠦᠨ ᠨᠠᠭᠤᠷ ᠴᠥᠭᠥᠷᠥᠮ ᠪᠠᠭᠠᠰᠴᠤ ᠮᠠᠭᠤᠳᠠᠭ᠍ᠰᠠᠨ ᠣᠷᠣᠨ ᠵᠡᠷᠭᠡ ᠭᠤᠤᠯᠳᠠᠯᠭ᠎ᠠ᠎ᠲᠠᠶ ᠣᠷᠣᠨ ᠪᠦᠰᠡ᠎ᠳᠦ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠨ ᠵᠠᠰᠠᠨ ᠰᠡᠷᠭᠦᠭᠡᠬᠦ᠌ ᠢᠨᠵᠧᠨᠧᠷᠢᠩ᠎ᠢ ᠬᠡᠷᠡᠭ᠌ᠵᠢᠭᠦᠯᠬᠦ᠌᠎ᠶ᠋ᠢᠨ ᠴᠢᠬᠤᠯᠠ ᠠᠭᠤᠯᠭ᠎ᠠ ᠪᠣᠯᠤᠨ᠎ᠠ᠃

ᠲᠡᠷᠡ᠂ ᠣᠳᠣᠬᠠᠨ᠎ᠳᠤ᠂ ᠳ᠋ᠸᠩᠺᠸᠤ ᠱᠢᠶᠠᠨ ᠨᠠᠷᠢᠨᠨᠠᠭᠤᠷ᠎ᠤᠨ ᠪᠠᠭ᠍ᠲᠠᠭᠠᠮᠵᠢ᠎ᠶ᠋ᠢ ᠥᠷᠭᠡᠳᠭᠡᠨ ᠠᠮᠢ ᠠᠬᠤᠢ᠎ᠶ᠋ᠢ ᠰᠡᠷᠭᠦᠭᠡᠬᠦ᠌ ᠵᠢᠴᠢ ᠦᠵᠡᠰᠬᠦᠯᠡᠩᠲᠤ ᠰᠠᠢᠬᠠᠨ ᠬᠦᠳᠡᠭᠡ ᠲᠣᠰᠭᠣᠨ᠎ᠢ ᠪᠦᠳᠦᠭᠡᠨ ᠪᠠᠢᠭᠤᠯᠬᠤ ᠲᠤᠷᠱᠢᠯᠲᠠ᠎ᠶ᠋ᠢᠨ ᠴᠡᠭ᠎ᠦᠨ ᠲᠦᠷᠦᠯ ᠵᠦᠢᠯ᠎ᠢ ᠲᠥᠯᠥᠪᠵᠢᠭᠦᠯᠦᠨ ᠬᠡᠷᠡᠭ᠌ᠵᠢᠭᠦᠯᠵᠦ᠍᠂ ᠬᠠᠳᠤᠨ ᠭᠣᠣᠯ᠎ᠤᠨ ᠬᠠᠭᠤᠴᠢᠨ ᠵᠠᠮ᠎ᠢ ᠠᠱᠢᠭ᠍ᠯᠠᠨ ᠱᠢᠶᠠᠨ᠎ᠤ ᠬᠡᠪᠴᠢᠶᠡᠨ᠎ᠳᠡᠬᠢ ᠨᠥᠬᠥᠴᠡᠯ᠎ᠢᠶᠡᠷ ᠨᠡᠯᠢᠶᠡᠳ ᠰᠠᠢ᠌ᠨ ᠨᠠᠭᠤᠷ ᠴᠥᠭᠥᠷᠥᠮ᠎ᠲᠡᠶ ᠬᠤᠯᠪᠤᠨ᠂ ᠰᠦᠩ ᠬᠠᠯᠢᠶ᠎ᠠ ᠦᠶᠡᠷ᠎ᠦᠨ ᠤᠰᠤ᠎ᠶ᠋ᠢ ᠭᠦᠢᠴᠡᠳ ᠠᠱᠢᠭ᠍ᠯᠠᠵᠤ᠂ ᠨᠠᠷᠢᠨᠨᠠᠭᠤᠷ᠎ᠢᠶᠠᠷ ᠤᠰᠤᠨ᠎ᠤ ᠡᠬᠢ ᠰᠤᠷᠪᠤᠯᠵᠢ ᠪᠤᠯᠭᠠᠨ᠂ 7 ᠨᠠᠭᠤᠷ ᠴᠥᠭᠥᠷᠥᠮ᠎ᠢ ᠬᠣᠯᠪᠣᠨ ᠨᠡᠪᠲᠡᠷᠡᠭᠦᠯᠪᠡ᠃ ᠲᠥᠷᠥᠯ ᠵᠦᠶ᠋ᠯ᠎ᠢ ᠬᠡᠷᠡᠭ᠌ᠵᠢᠭᠦᠯᠦᠭ᠌ᠰᠡᠨ᠎ᠦ ᠳᠠᠷᠠᠭ᠎ᠠ᠂ ᠨᠠᠭᠤᠷ ᠴᠥᠭᠥᠷᠥᠮ᠎ᠦᠨ ᠤᠰᠤ ᠨᠥᠬᠥᠪᠥᠷᠢᠯᠡᠬᠦ᠌ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠬᠠᠲᠤᠨ ᠭᠤᠤᠯ᠎ᠤᠨ ᠨᠤᠭᠤ ᠭᠠᠵᠠᠷ᠎ᠤᠨ ᠭᠤᠤᠯ ᠨᠠᠭᠤᠷ᠎ᠢ ᠰᠡᠷᠭᠦᠭᠡᠬᠦ᠌ ᠵᠢᠴᠢ ᠤᠯᠠᠭᠠᠨᠪᠤᠬ᠎ᠠ᠎ᠶ᠋ᠢᠨ ᠡᠯᠡᠰᠦᠷᠬᠡᠭ ᠣᠷᠣᠨ᠎ᠤ ᠠᠮᠢ ᠠᠬᠤᠶ ᠣᠷᠴᠢᠨ ᠲᠣᠭᠣᠷᠢᠨ᠎ᠢ ᠵᠠᠰᠠᠬᠤ᠎ᠶ᠋ᠢ ᠪᠡᠶᠡᠯᠡᠭᠦᠯᠵᠦ᠍ ᠴᠢᠳᠠᠬᠤ᠎ᠪᠠᠷ ᠪᠠᠷᠠᠬᠤ ᠥᠬᠡᠶ ᠪᠠᠰᠠ ᠤᠯᠠᠭᠠᠨᠪᠤᠬ᠎ᠠ᠎ᠶ᠋ᠢᠨ ᠦᠶᠡᠷ᠎ᠦᠨ ᠣᠷᠣᠨ ᠳ᠋ᠡᠬᠢ ᠦᠶᠡᠷ᠎ᠢ ᠲᠣᠭ᠍ᠲᠠᠭᠠᠬᠤ ᠳᠠᠷᠤᠯᠲᠠ᠎ᠶ᠋ᠢ ᠬᠥᠩᠭᠡᠷᠡᠭᠦᠯᠵᠦ᠍ ᠴᠢᠳᠠᠨ᠎ᠠ᠃

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠠᠬᠤᠢ᠎ᠶ᠋ᠢ ᠬᠠᠮᠠᠭᠠᠯᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠪᠢᠳᠡ ᠬᠥᠬᠡᠮᠳᠦᠭ ᠨᠣᠭᠣᠭᠠᠨ ᠠᠭᠤᠯᠠ ᠤᠰᠤ᠎ᠪᠠᠨ ᠰᠠᠢᠲᠤᠷ ᠰᠠᠬᠢᠨ ᠬᠠᠮᠠᠭᠠᠯᠠᠵᠤ᠂ ᠠᠮᠢ ᠠᠬᠤᠢ᠎ᠶ᠋ᠢᠨ ᠠᠱᠢᠭ ᠲᠤᠰᠠ᠎ᠶ᠋ᠢ ᠪᠠᠳᠠᠷᠠᠭᠤᠯᠤᠨ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ᠎ᠢ ᠰᠠᠢᠲᠤᠷ ᠰᠠᠬᠢᠨ ᠬᠠᠮᠠᠭᠠᠯᠠᠬᠤ᠎ᠳᠤ ᠬᠤᠪᠢ ᠨᠡᠮᠡᠷᠢ ᠦᠵᠡᠭᠦᠯᠦᠨ᠎ᠡ》 ᠭᠡᠵᠤ ᠯᠢ ᠸᠸᠨ ᠹᠠᠩ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号